ᠰᠤᠷᠪᠤᠯᠵᠢᠯᠠᠬᠴᠢ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ ᠤ᠋ᠨ 3 ᠰᠠᠷ᠎ᠠ ᠶ᠋ᠢᠨ 27 ᠤ᠋ ᠡᠳᠦᠷ ᠬᠤᠷᠠᠯᠳᠤᠭᠤᠯᠤᠬᠰᠠᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠢ᠋ᠶ᠋ᠡᠷ᠂ 2025 ᠣᠨ ᠤ᠋ 3 ᠰᠠᠷ᠎ᠠ ᠳ᠋ᠤ ᠤᠯᠤᠰ ᠡᠴᠡ 《ᠢᠳᠡᠭᠡᠨ ᠤ᠋ ᠠᠮᠤᠷ ᠲᠦᠪᠱᠢᠨ ᠤ᠋ ᠪᠥᠬᠥ᠌ ᠬᠡᠯᠬᠢᠶᠡᠨ ᠤ᠋ ᠬᠢᠨᠠᠯᠲᠠ ᠬᠠᠮᠢᠶᠠᠷᠤᠯᠲᠠ ᠵᠢ ᠤᠯᠡᠮ ᠴᠢᠨᠠᠬᠰᠢᠲᠠ ᠴᠢᠩᠭᠠᠳᠭᠠᠬᠤ ᠲᠤᠬᠠᠶ ᠰᠠᠨᠠᠯ》 ᠢ᠋ ᠨᠡᠢᠲᠡᠯᠡᠭᠰᠡᠨ ᠡᠴᠡ ᠨᠠᠭᠠᠰᠢ ᠦᠪᠦᠷ ᠮᠤᠨᠭᠭᠤᠯ 《ᠳᠥᠷᠪᠡᠨ ᠬᠠᠮᠤᠭ ᠤ᠋ᠨ ᠴᠢᠩᠭ᠎ᠠ》 ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ᠂ ᠣᠯᠠᠨ ᠲᠦᠮᠡᠨ ᠢ᠋ 《ᠢᠳᠡᠵᠦ᠍ ᠤᠤᠭᠤᠬᠤ ᠳ᠋ᠤ ᠰᠠᠨᠠᠭ᠎ᠠ ᠠᠮᠤᠷ ᠪᠠᠢᠯᠭᠠᠬᠤ》 ᠪᠡᠷ ᠭᠤᠤᠯ ᠬᠠᠷᠠᠯᠲᠠ ᠪᠣᠯᠭᠠᠵᠤ᠂ ᠢᠵᠢ ᠪᠥᠷᠢᠳᠦᠭᠦᠯᠬᠦ ᠲᠦᠷᠢᠮ ᠢ᠋ ᠲᠡᠭᠦᠯᠳᠡᠷᠵᠢᠭᠦᠯᠵᠦ᠍᠂ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠵᠢ ᠭᠦᠨᠵᠡᠭᠡᠢᠷᠡᠭᠦᠯᠦᠨ᠂ ᠵᠠᠰᠠᠯᠲᠠ ᠶ᠋ᠢᠨ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠢᠳᠡᠭᠡᠨ ᠤ᠋ ᠪᠥᠬᠥ᠌ ᠬᠡᠯᠬᠢᠶᠡᠨ ᠤ᠋ ᠬᠢᠨᠠᠯᠲᠠ ᠬᠠᠮᠢᠶᠠᠷᠤᠯᠲᠠ ᠶ᠋ᠢᠨ ᠱᠢᠰᠲ᠋ᠧᠮ ᠢ᠋ ᠪᠠᠢᠭᠤᠯᠵᠤ᠂ ᠪᠥᠬᠥ᠌ ᠣᠷᠣᠨ ᠤ᠋ ᠢᠳᠡᠭᠡᠨ ᠤ᠋ ᠠᠮᠤᠷ ᠲᠦᠪᠱᠢᠨ ᠤ᠋ ᠪᠠᠢᠳᠠᠯ ᠦᠷᠭᠦᠯᠵᠢᠯᠡᠨ ᠲᠣᠭ᠍ᠲᠠᠭᠤᠨ ᠢ᠋ᠶ᠋ᠡᠷ ᠰᠠᠢᠵᠢᠷᠠᠪᠠ᠃
ᠦᠪᠦᠷ ᠮᠤᠨᠭᠭᠤᠯ ᠢᠳᠡᠭᠡᠨ ᠤ᠋ ᠠᠮᠤᠷ ᠲᠦᠪᠰᠢᠨ ᠤ᠋ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠳ᠋ᠤ ᠢᠳᠡᠭᠡᠨ ᠤ᠋ ᠠᠮᠤᠷ ᠲᠦᠪᠰᠢᠨ ᠤ᠋ ᠪᠦᠬᠦ᠌ ᠬᠡᠯᠬᠢᠶ᠎ᠡ ᠶ᠋ᠢᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠪᠠ᠃ ᠣᠯᠠᠨ ᠲᠦᠮᠡᠨ ᠤ᠋ ᠠᠩᠬᠠᠷᠴᠤ᠌ ᠪᠠᠢᠭ᠎ᠠ ᠠᠮᠤ ᠪᠤᠳᠠᠭᠠᠨ ᠤ᠋ ᠠᠮᠤᠷ ᠲᠦᠪᠱᠢᠨ᠂ ᠮᠠᠯ ᠵᠢᠭᠦᠷᠲᠡᠨ ᠢ᠋ ᠨᠢᠲᠤᠯᠬᠤ᠂ ᠢᠳᠡᠭᠡᠨ ᠤ᠋ ᠢᠷᠡᠯᠲᠡ ᠵᠢ ᠮᠥᠷᠳᠡᠬᠦ᠌ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶ᠋ᠢᠨ ᠭᠣᠭ᠍ᠴᠣᠭᠠ ᠳ᠋ᠤ ᠴᠢᠭ᠌ᠯᠡᠭᠦᠯᠦᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠲᠦᠷᠢᠮ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠵᠢᠭᠦᠷᠲᠡᠨ ᠢ᠋ ᠨᠢᠲᠤᠯᠬᠤ ᠬᠠᠮᠢᠶᠠᠷᠤᠯᠲᠠ ᠶ᠋ᠢᠨ ᠲᠦᠷᠢᠮ》 ᠵᠡᠷᠭᠡ ᠣᠷᠣᠨ ᠨᠤᠲᠤᠭ ᠤ᠋ᠨ ᠴᠢᠨᠠᠷᠲᠠᠶ ᠬᠠᠤᠯᠢ ᠲᠣᠭ᠍ᠲᠠᠭᠠᠯ ᠢ᠋ ᠨᠡᠢᠲᠡᠯᠡᠨ ᠬᠡᠷᠡᠭ᠌ᠵᠢᠭᠦᠯᠵᠦ᠍᠂ ᠢᠳᠡᠭᠡᠨ ᠤ᠋ ᠮᠥᠷᠳᠡᠬᠦ ᠱᠢᠰᠲ᠋ᠧᠮ ᠤ᠋ᠨ ᠪᠠᠢᠭᠤᠯᠤᠯᠲᠠ ᠶ᠋ᠢᠨ ᠬᠠᠤᠯᠢ ᠲᠣᠭ᠍ᠲᠠᠭᠠᠬᠤ ᠵᠢ ᠢᠳᠡᠪᠬᠢᠲᠡᠶ ᠠᠬᠢᠭᠤᠯᠪᠠ᠃ ᠠᠵᠢᠯ ᠤ᠋ᠨ ᠠᠷᠭ᠎ᠠ ᠬᠡᠮᠵᠢᠶ᠎ᠡ ᠪᠠᠨ ᠨᠠᠷᠢᠯᠢᠬ᠍ᠵᠢᠭᠤᠯᠤᠨ᠂ ᠬᠠᠮᠵᠢᠯᠴᠠᠭᠠᠨᠤ ᠲᠣᠭ᠍ᠲᠠᠴᠠ ᠵᠢ ᠪᠠᠢᠭᠤᠯᠵᠤ᠂ ᠰᠠᠯᠠᠭ᠎ᠠ ᠮᠥᠴᠢᠷ ᠤ᠋ᠨ ᠬᠠᠮᠵᠢᠯᠴᠠᠬᠤ᠂ ᠮᠡᠳᠡᠭᠡ ᠵᠠᠩᠭᠢ ᠵᠢ ᠬᠠᠮᠲᠤ ᠪᠡᠷ ᠭᠥᠷᠳᠡᠬᠦ᠌᠂ ᠬᠠᠷᠢᠭᠤᠴᠠᠯᠭ᠎ᠠ ᠵᠢ ᠬᠠᠮᠲᠤᠪᠠᠷ ᠡᠭᠦᠷᠭᠡᠯᠡᠬᠦ᠌ ᠵᠢ ᠴᠢᠩᠭᠠᠳᠭᠠᠬᠤ ᠪᠡᠷ ᠳᠠᠮᠵᠢᠨ ᠪᠢᠲᠡᠭᠦᠮᠵᠢᠯᠡᠭ᠌ᠰᠡᠨ ᠬᠠᠮᠢᠶᠠᠷᠤᠯᠲᠠ ᠪᠦᠷᠢᠯᠳᠦᠬᠦ᠌ ᠵᠢ ᠠᠬᠢᠭᠤᠯᠪᠠ᠃
ᠨᠢᠳᠤᠨᠤᠨ ᠡᠴᠡ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠡᠳ᠋ ᠤ᠋ᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠵᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶ᠋ᠢᠨ ᠬᠦᠷᠢᠶᠡᠨ ᠤ᠋ ᠢᠳᠡᠭᠡᠨ ᠤ᠋ ᠠᠮᠤᠷ ᠲᠦᠪᠱᠢᠨ ᠪᠠ ᠬᠣᠭᠣᠯᠠ ᠤᠮᠳᠠ ᠶ᠋ᠢᠨ ᠵᠠᠷᠤᠳᠠᠯ ᠤ᠋ᠨ ᠬᠠᠮᠢᠶᠠᠷᠤᠯᠲᠠ ᠶ᠋ᠢᠨ ᠲᠣᠪᠣᠢᠮ᠎ᠠ ᠠᠰᠠᠭᠤᠳᠠᠯ ᠢ᠋ ᠲᠤᠰᠭᠠᠶ ᠴᠡᠭ᠌ᠴᠡᠯᠡᠨ ᠵᠠᠰᠠᠵᠤ᠂ ᠪᠥᠬᠥ᠌ ᠣᠷᠣᠨ ᠤ᠋ 1908 ᠳᠤᠮᠳᠠᠳᠤ ᠪᠠᠭ᠎ᠠ ᠰᠤᠷᠭᠠᠭᠤᠯᠢ᠂ 3047 ᠬᠡᠦᠬᠡᠳ ᠤ᠋ᠨ ᠴᠡᠴᠡᠷᠯᠢᠭ ᠤ᠋ᠨ ᠬᠣᠭᠣᠯᠠᠨ ᠬᠡᠷ ᠢ᠋ ᠥᠪᠡᠰᠦᠪᠡᠨ ᠡᠷᠭᠢᠯᠡᠵᠦ᠍ ᠥᠪᠡᠰᠦᠪᠡᠨ ᠡᠵᠡᠩᠨᠡᠬᠦ᠌ ᠵᠢ ᠠᠬᠢᠭᠤᠯᠵᠤ᠂ ᠰᠤᠷᠭᠠᠭᠤᠯᠢ ᠶ᠋ᠢᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠵᠢ ᠪᠣᠳᠠᠲᠠᠢᠵᠢᠭᠤᠯᠵᠤ᠂ ᠤᠨᠴᠠᠭᠠᠢᠯᠠᠨ ᠰᠤᠷᠭᠠᠭᠤᠯᠢ ᠶ᠋ᠢᠨ ᠬᠦᠷᠢᠶᠡᠨ ᠤ᠋ ᠬᠣᠭᠣᠯᠠᠨ ᠬᠡᠷ ᠲᠦ᠍ 《ᠢᠨᠲ᠋ᠧᠷ ᠰᠦᠯᠵᠢᠶ᠎ᠡ + ᠢᠯᠡ ᠲᠣᠭᠣᠭᠠᠨ ᠬᠡᠷ》 ᠤ᠋ᠨ ᠰᠢᠰᠲᠸᠮ ᠢ᠋ ᠣᠷᠣᠭᠤᠯᠵᠤ᠂ ᠡᠳ᠋ᠱᠢᠭᠦᠯᠦᠨ ᠪᠣᠯᠪᠠᠰᠤᠷᠠᠭᠤᠯᠬᠤ ᠠᠵᠢᠯ ᠤ᠋ᠨ ᠪᠥᠬᠥ᠌ ᠶᠠᠪᠤᠴᠠ ᠵᠢ ᠢᠯᠡ ᠲᠣᠳᠣ ᠪᠣᠯᠭᠠᠪᠠ᠃ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠬᠠᠮᠲᠤᠷᠠᠨ ᠰᠤᠯᠠ ᠰᠠᠪᠠᠯᠠᠭ᠍ᠰᠠᠨ ᠱᠢᠩᠭᠡᠨ ᠲᠥ᠋ᠯᠥᠪᠲᠦ ᠢᠳᠡᠭᠡᠨ ᠤ᠋ ᠲᠡᠭᠡᠭᠡᠪᠦᠷᠢ ᠶ᠋ᠢᠨ ᠠᠰᠠᠭᠤᠳᠠᠯ ᠢ᠋ ᠲᠤᠰᠭᠠᠶ ᠴᠡᠭ᠌ᠴᠡᠯᠡᠨ ᠵᠠᠰᠠᠬᠤ ᠵᠢ ᠥᠷᠨᠢᠭᠦᠯᠵᠦ᠍᠂ ᠵᠢᠭ᠍ᠰᠠᠭᠠᠨ ᠪᠠᠢᠴᠠᠭᠠᠬᠤ ᠡᠷᠴᠢᠮ ᠢ᠋ᠶ᠋ᠡᠨ ᠴᠢᠡᠭᠭᠠᠷᠠᠭᠤᠯᠪᠠ᠃ ᠪᠣᠭᠣᠮᠲᠠ ᠬᠢᠭᠡᠳ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠬᠠᠮᠳᠤᠷᠠᠨ 《ᠤᠯᠤᠰ ᠤ᠋ᠨ ᠡᠭᠦᠳᠡ ᠵᠢ ᠰᠠᠬᠢᠨ ᠬᠠᠮᠠᠭᠠᠯᠠᠬᠤ》 ᠠᠵᠢᠯᠯᠠᠭ᠎ᠠ ᠪᠡᠷ ᠭᠠᠷᠳᠠᠴᠠ ᠪᠣᠯᠭᠠᠨ᠂ ᠪᠣᠭᠣᠮᠲᠠ ᠶ᠋ᠢᠨ ᠪᠠᠢᠴᠠᠭᠠᠨ ᠱᠢᠯᠭᠠᠬᠤ ᠪᠠ ᠵᠠᠯᠭᠠᠮᠵᠢ ᠬᠢᠨᠠᠯᠲᠠ ᠬᠠᠮᠢᠶᠠᠷᠤᠯᠲᠠ ᠵᠢ ᠵᠣᠯᠭᠠᠭᠤᠯᠬᠤ ᠵᠢ ᠴᠢᠩᠭᠠᠳᠭᠠᠵᠤ᠂ ᠭᠠᠳᠠᠭᠠᠳᠤ ᠡᠴᠡ ᠣᠷᠣᠭᠤᠯᠬᠤ ᠢᠳᠡᠭᠡᠨ ᠤ᠋ ᠠᠮᠤᠷ ᠲᠦᠪᠱᠢᠨ ᠤ᠋ ᠪᠣᠭᠣᠮᠲᠠ ᠵᠢ ᠴᠢᠩᠭ᠎ᠠ ᠠᠳᠭᠤᠪᠠ᠃ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠬᠠᠮᠲᠤᠷᠠᠨ ᠪᠠᠷᠢᠮᠵᠢᠶ᠎ᠠ ᠳ᠋ᠤ ᠬᠦᠷᠦᠭ᠌ᠰᠡᠨ ᠢ᠋ ᠠᠮᠠᠯᠠᠬᠰᠠᠨ ᠬᠢᠷᠢ ᠲᠡᠩᠴᠡᠭ᠌ᠰᠡᠨ ᠦᠨᠡᠮᠯᠡᠯ ᠤ᠋ᠨ ᠲᠤᠰᠭᠠᠶ ᠵᠦᠶ᠋ᠯ ᠤ᠋ᠨ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠵᠢ ᠥᠷᠨᠢᠭᠦᠯᠵᠦ᠍᠂ ᠦᠶ᠋ᠯᠡᠳᠪᠦᠷᠢᠯᠡᠯ ᠤ᠋ᠨ ᠡᠬᠢ ᠡᠭᠦᠰᠦᠯ ᠤ᠋ᠨ ᠵᠠᠩᠭᠢᠯᠠᠭ᠎ᠠ ᠶ᠋ᠢᠨ ᠭᠣᠭ᠍ᠴᠣᠭᠠ ᠵᠢ ᠴᠢᠩᠭ᠎ᠠ ᠠᠩᠬᠠᠷᠴᠤ᠌᠂ ᠬᠢᠷᠢ ᠲᠡᠩᠴᠡᠭ᠌ᠰᠡᠨ ᠦᠨᠡᠮᠯᠡᠯ ᠤᠯᠭᠤᠬᠤ᠂ ᠬᠡᠷᠡᠭ᠌ᠯᠡᠬᠦ ᠵᠢᠴᠢ ᠮᠥᠷᠳᠡᠬᠦ ᠪᠠᠢᠳᠠᠯ ᠢ᠋ ᠴᠢᠩᠭ᠎ᠠ ᠬᠢᠨᠠᠨ ᠪᠠᠢᠴᠠᠭᠠᠵᠤ᠂ ᠢᠳᠡᠭᠡᠨ ᠤ᠋ ᠡᠬᠢ ᠡᠭᠦᠰᠦᠯ ᠤ᠋ᠨ ᠠᠮᠤᠷ ᠲᠦᠪᠱᠢᠨ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠬᠢᠨ ᠬᠠᠮᠠᠭᠠᠯᠠᠪᠠ᠃ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠳᠣᠲᠣᠭᠠᠳᠤ ᠵᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠬᠠᠮᠳᠤᠷᠠᠨ 《ᠲᠡᠮᠦᠷ ᠨᠢᠳᠤᠷᠭ᠎ᠠ》 《ᠺᠦᠨᠯᠦᠨ 2025》 ᠲᠤᠰᠭᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠍᠂ ᠢᠳᠡᠭᠡᠨ ᠤ᠋ ᠠᠮᠤᠷ ᠲᠦᠪᠱᠢᠨ ᠤ᠋ ᠬᠠᠤᠯᠢ ᠡᠴᠡ ᠵᠥᠷᠢᠴᠡᠭ᠌ᠰᠡᠨ ᠨᠢᠭᠡ ᠪᠦᠯᠦᠭ ᠶᠠᠯᠠᠲᠤ ᠬᠡᠷᠡᠭ ᠢ᠋ ᠪᠠᠢᠴᠠᠭᠠᠨ ᠱᠢᠶ᠋ᠳᠪᠦᠷᠢᠯᠡᠪᠡ᠃
ᠬᠢᠨᠠᠨ ᠬᠠᠮᠢᠶᠠᠷᠬᠤ ᠱᠢᠰᠲ᠋ᠧᠮ ᠢ᠋ ᠱᠢᠯᠢᠳᠡᠭ᠌ᠵᠢᠭᠦᠯᠵᠦ᠍᠂ ᠬᠢᠨᠠᠨ ᠬᠠᠮᠢᠶᠠᠷᠬᠤ ᠴᠢᠳᠠᠪᠤᠷᠢ ᠵᠢ ᠤᠯᠠᠮ ᠴᠢᠨᠠᠬᠰᠢᠲᠠ ᠳᠡᠭᠡᠭ᠌ᠰᠢᠯᠡᠭᠦᠯᠪᠡ᠃ ᠡᠬᠢ ᠡᠭᠦᠰᠦᠯ ᠡᠴᠡ ᠨᠢ ᠵᠠᠰᠠᠬᠤ ᠲᠠᠯ᠎ᠠ ᠪᠡᠷ᠂ ᠴᠢᠨᠠᠷ ᠰᠠᠢᠲᠠᠢ ᠠᠮᠤ ᠪᠤᠳᠠᠭᠠᠨ ᠤ᠋ ᠢᠨᠵᠧᠨᠧᠷᠢᠩ ᠢ᠋ ᠭᠦᠨᠵᠡᠭᠡᠢ ᠬᠡᠷᠡᠭ᠌ᠵᠢᠭᠦᠯᠵᠦ᠍᠂ ᠲᠦᠷᠦ᠍ ᠶ᠋ᠢᠨ ᠪᠤᠳᠤᠯᠭ᠎ᠠ ᠶ᠋ᠢᠨ ᠴᠢᠨᠠᠷᠲᠠᠢ ᠠᠮᠤ ᠪᠤᠳᠠᠭᠠᠨ ᠤ᠋ ᠬᠥᠮᠥᠷᠭᠡ ᠶ᠋ᠢᠨ ᠬᠠᠳᠠᠭᠠᠯᠠᠯᠲᠠ ᠶ᠋ᠢᠨ ᠶᠠᠰᠤ ᠴᠢᠨᠠᠷ ᠤ᠋ᠨ ᠪᠠᠢᠴᠠᠭᠠᠯᠲᠠ ᠵᠢ ᠥᠷᠨᠢᠭᠦᠯᠵᠦ᠍᠂ ᠢᠳᠡᠭᠡᠨ ᠤ᠋ ᠲᠦᠷᠦᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠠᠷᠢᠮᠵᠢᠶ᠎ᠠ ᠳ᠋ᠤ ᠬᠦᠷᠦᠭ᠌ᠰᠡᠨ ᠢ᠋ ᠠᠮᠠᠯᠠᠬᠰᠠᠨ ᠬᠢᠷᠢ ᠲᠡᠩᠴᠡᠭ᠌ᠰᠡᠨ ᠦᠨᠡᠮᠯᠡᠯ ᠤ᠋ᠨ ᠳᠦᠷᠢᠮ ᠢ᠋ ᠪᠦᠬᠦ᠌ ᠲᠠᠯ᠎ᠠ ᠪᠡᠷ ᠳᠡᠯᠭᠡᠷᠡᠭᠦᠯᠵᠦ᠍᠂ ᠢᠳᠡᠭᠡᠨ ᠤ᠋ ᠠᠮᠤᠷ ᠲᠦᠪᠱᠢᠨ ᠢ᠋ ᠡᠬᠢ ᠡᠭᠦᠰᠦᠯᠡᠴᠡᠨᠢ ᠰᠠᠬᠢᠨ ᠬᠠᠮᠠᠭᠠᠯᠠᠪᠠ᠃ ᠶᠠᠪᠤᠴᠠ ᠶ᠋ᠢᠨ ᠬᠢᠨᠠᠨ ᠬᠠᠮᠢᠶᠠᠷᠤᠯᠲᠠ ᠶ᠋ᠢᠨ ᠲᠠᠯ᠎ᠠ ᠪᠠᠷ᠂ ᠪᠥᠬᠥ᠌ ᠵᠢᠯ ᠳ᠋ᠤ ᠢᠳᠡᠭᠡᠨ᠂ ᠢᠳᠡᠭᠡᠨ ᠤ᠋ ᠲᠦᠷᠦᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠵᠡᠷᠭᠡ ᠳ᠋ᠤ ᠰᠤᠭᠤᠴᠢᠨ ᠪᠠᠢᠴᠠᠭᠠᠵᠤ ᠬᠢᠨᠠᠨ ᠬᠡᠮᠵᠢᠬᠦ᠌ ᠠᠵᠢᠯ ᠢ᠋ 14.33 ᠲᠦᠮᠡᠨ ᠪᠦᠯᠦᠭ ᠤᠳᠠᠭ᠎ᠠ ᠦᠷᠨᠢᠭᠦᠯᠵᠦ᠂ ᠶᠡᠷᠦᠩᠬᠡᠶ ᠬᠢᠷᠢ ᠲᠡᠩᠴᠡᠭ᠌ᠰᠡᠨ ᠨᠣᠷᠮ᠎ᠠ ᠲᠣᠭ᠍ᠲᠠᠭᠤᠨ ᠪᠠᠢᠬᠤ ᠵᠢ ᠪᠠᠲᠤᠯᠠᠪᠠ᠃ ᠢᠳᠡᠭᠡᠨ ᠦᠢᠯᠡᠳᠪᠦᠷᠢᠯᠡᠬᠦ᠌ ᠠᠵᠤ ᠠᠬᠤᠢᠯᠠᠯ ᠳ᠋ᠤ ᠴᠢᠨᠭᠭ᠎ᠠ ᠱᠢᠰᠲᠸᠮᠲᠦ ᠪᠠᠢᠴᠠᠭᠠᠯᠲᠠ ᠬᠢᠵᠦ᠍᠂ ᠰᠤᠷᠭᠠᠭᠤᠯᠢ ᠶ᠋ᠢᠨ ᠬᠦᠷᠢᠶᠡᠨ ᠤ᠋ ᠬᠣᠭᠣᠯᠠᠨ ᠭᠡᠷ ᠢ᠋ ᠪᠦᠬᠦᠨ ᠢ᠋ᠶ᠋ᠡᠷ ᠨᠢ ᠬᠢᠨᠠᠯᠲᠠ ᠲᠠᠯᠪᠢᠬᠤ ᠵᠢ ᠬᠡᠷᠡᠭ᠌ᠵᠢᠭᠦᠯᠪᠡ᠃ ᠲᠠᠪᠴᠠᠩ ᠤ᠋ᠨ ᠵᠠᠬᠢᠶᠠᠯᠠᠭ᠎ᠠ ᠶ᠋ᠢᠨ ᠬᠣᠭᠣᠯᠠ ᠬᠦᠷᠭᠡᠬᠦ᠌ ᠢᠳᠡᠭᠡᠨ ᠤ᠋ ᠠᠮᠤᠷ ᠲᠦᠪᠱᠢᠨ ᠤ᠋ ᠲᠤᠰᠭᠠᠶ ᠪᠠᠢᠴᠠᠭᠠᠯᠲᠠ ᠵᠢ ᠥᠷᠨᠢᠭᠦᠯᠵᠦ᠍᠂ 2000 ᠭᠠᠷᠤᠶ ᠠᠰᠠᠭᠤᠳᠠᠯ ᠢ᠋ ᠴᠡᠭ᠌ᠴᠡᠯᠡᠨ ᠵᠠᠰᠠᠵᠤ᠂ ᠵᠠᠬᠢᠶᠠᠯᠠᠭ᠎ᠠ ᠶ᠋ᠢᠨ ᠬᠣᠭᠣᠯᠠ ᠬᠦᠷᠭᠡᠬᠦ᠌ ᠢᠳᠡᠭᠡᠨ ᠤ᠋ ᠠᠮᠤᠷ ᠲᠦᠪᠱᠢᠨ ᠤ᠋ ᠠᠶᠤᠯ ᠲᠦᠭ᠌ᠰᠢᠭᠦᠷᠢ ᠶ᠋ᠢᠨ ᠭᠡᠮ ᠰᠤᠭᠤᠭ ᠢ᠋ ᠪᠦᠲᠦᠮᠵᠢᠲᠡᠶ ᠪᠠᠭᠠᠰᠬᠠᠪᠠ᠃ ᠲᠤᠰᠭᠠᠶ ᠴᠡᠭ᠌ᠴᠡᠯᠡᠨ ᠵᠠᠰᠠᠬᠤ ᠲᠠᠯ᠎ᠠ ᠪᠡᠷ᠂《 ᠢᠳᠡᠭᠡᠨ ᠤ᠋ ᠨᠡᠮᠡᠯᠲᠡ ᠡᠳ᠋ ᠵᠢ ᠬᠡᠪᠴᠢᠶ᠎ᠡ ᠬᠡᠮᠵᠢᠶ᠎ᠠ ᠵᠢ ᠬᠡᠲᠦᠷᠡᠭᠦᠯᠦᠨ ᠬᠡᠷᠡᠭᠯᠡᠬᠦ ᠪᠠ ᠢᠳᠡᠭᠡᠨ ᠤ᠋ ᠪᠤᠰᠤ ᠪᠤᠳᠠᠰ ᠢ᠋ ᠨᠡᠮᠡᠬᠦ 》᠂ ᠬᠥᠳᠡᠭᠡ ᠲᠣᠰᠭᠣᠨ ᠤ᠋ ᠬᠠᠭᠤᠷᠮᠠᠭ ᠮᠠᠭᠤ ᠢᠳᠡᠭᠡᠨ᠂ ᠬᠠᠭᠤᠷᠮᠠᠭ ᠮᠠᠭᠤ ᠮᠢᠬᠠᠨ ᠢᠳᠡᠭᠡᠨ ᠵᠡᠷᠭᠡ ᠲᠣᠪᠣᠢᠮ᠎ᠠ ᠠᠰᠠᠭᠤᠳᠠᠯ ᠳ᠋ᠤ ᠴᠢᠭ᠌ᠯᠡᠭᠦᠯᠦᠨ ᠲᠤᠰᠭᠠᠶ ᠵᠠᠰᠠᠯᠲᠠ ᠥᠷᠨᠢᠭᠦᠯᠵᠦ᠍᠂ ᠪᠥᠬᠥ᠌ ᠵᠢᠯ ᠳ᠋ᠤ ᠨᠡᠢᠲᠡ 2000 ᠭᠠᠷᠤᠶ ᠬᠡᠷᠡᠭ ᠢ᠋ ᠬᠡᠷᠡᠭ ᠪᠣᠯᠭᠠᠨ ᠳᠡᠩᠰᠡᠯᠡᠵᠦ᠍᠂ ᠲᠣᠷᠭᠠᠵᠤ ᠬᠤᠷᠢᠶᠠᠭ᠍ᠰᠠᠨ ᠵᠣᠭᠣᠰ ᠤ᠋ᠨ ᠲᠣᠭ᠎ᠠ 580 ᠲᠦᠮᠡᠨ ᠲᠥᠭᠥᠷᠢᠭ ᠲᠦ᠍ ᠬᠦᠷᠴᠦ᠍᠂ 30 ᠨᠡᠢᠲᠡᠯᠢᠭ ᠬᠡᠷᠡᠭ ᠢ᠋ ᠢᠯᠡ ᠨᠡᠢᠲᠡᠯᠡᠵᠦ᠂ ᠪᠦᠲᠦᠮᠵᠢᠲᠡᠶ ᠰᠦᠷᠳᠡᠭᠦᠯᠦᠯ ᠢ᠋ ᠪᠣᠶ ᠪᠣᠯᠭᠠᠪᠠ᠃ ᠣᠶᠤᠨᠴᠢ ᠬᠢᠨᠠᠯᠲᠠ ᠬᠠᠮᠢᠶᠠᠷᠤᠯᠲᠠ ᠶ᠋ᠢᠨ ᠲᠠᠯ᠎ᠠ ᠪᠠᠷ᠂ 《ᠦᠪᠦᠷ ᠮᠣᠩᠭᠣᠯ ᠤ᠋ᠨ ᠢᠳᠡᠭᠡᠨ ᠤ᠋ ᠬᠡᠯᠬᠢᠶ᠎ᠡ》 ᠶ᠋ᠢᠨ ᠮᠥᠷᠳᠡᠬᠦ ᠱᠢᠰᠲ᠋ᠧᠮ ᠢ᠋ ᠰᠦᠯᠵᠢᠶᠡᠨ ᠳ᠋ᠤ ᠣᠷᠣᠭᠤᠯᠤᠨ ᠠᠵᠢᠯᠯᠠᠭᠤᠯᠵᠤ᠂ ᠢᠳᠡᠭᠡᠨ ᠤ᠋ ᠠᠮᠤᠷ ᠲᠦᠪᠱᠢᠨ ᠤ᠋ 《 ᠢᠨᠲ᠋ᠧᠷ ᠰᠦᠯᠵᠢᠶ᠎ᠡ + AI ᠬᠢᠨᠠᠯᠲᠠ ᠬᠠᠮᠢᠶᠠᠷᠤᠯᠲᠠ》 ᠶ᠋ᠢᠨ ᠲᠠᠪᠴᠠᠩ ᠢ᠋ ᠢᠳᠡᠭᠡᠨ ᠤ᠋ ᠦᠶ᠋ᠯᠡᠳᠪᠦᠷᠢᠯᠡᠯ ᠡᠵᠡᠩᠨᠡᠯᠲᠡ ᠶ᠋ᠢᠨ 4.6 ᠲᠦᠮᠡ ᠭᠠᠷᠤᠶ ᠡᠷᠦᠬᠡ ᠳ᠋ᠤ ᠣᠷᠣᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶ᠋ᠢᠨ ᠱᠢᠨ᠎ᠡ ᠪᠠᠢᠷᠢᠱᠢᠯ ᠢ᠋ ᠠᠩᠬ᠎ᠠ ᠠᠯᠬᠤᠮ ᠪᠠᠢᠭᠤᠯᠤᠨ᠂ ᠭᠠᠵᠠᠷ ᠣᠷᠣᠨ ᠠᠯᠤᠰᠯᠠᠭ᠍ᠰᠠᠨ᠂ ᠰᠠᠯᠠᠭ᠎ᠠ ᠮᠥᠴᠢᠷ ᠠᠯᠤᠰᠯᠠᠭ᠍ᠰᠠᠨ᠂ ᠲᠠᠰ ᠱᠠᠲᠤ ᠠᠯᠤᠰᠯᠠᠭ᠍ᠰᠠᠨ ᠬᠢᠨᠠᠯᠲᠠ ᠬᠠᠮᠢᠶᠠᠷᠤᠯᠲᠠ ᠵᠢ ᠨᠠᠩ ᠥᠨᠳᠥᠷ ᠪᠦᠲᠦᠮᠵᠢᠲᠡᠶ᠂ ᠨᠠᠩ ᠳᠥᠭᠥᠮ ᠳᠥᠲᠡ ᠪᠣᠯᠭᠠᠵᠤ᠂ ᠠᠷᠠᠳ ᠣᠯᠠᠨ ᠤ᠋ 《ᠢᠳᠡᠭᠡᠨ ᠤᠮᠳᠠᠭᠠᠨ ᠤ᠋ ᠠᠮᠤᠷ ᠲᠦᠪᠱᠢᠨ》 ᠢ᠋ ᠰᠠᠬᠢᠨ ᠬᠠᠮᠠᠭᠠᠯᠠᠬᠤ ᠳ᠋ᠤ ᠬᠦᠴᠦᠨ ᠨᠡᠮᠡᠷᠢᠯᠡᠪᠡ᠃
ᠡᠨᠡ ᠵᠢᠯ᠂ ᠦᠪᠦᠷ ᠮᠤᠨᠭᠭᠤᠯ ᠤᠳᠤᠬᠠᠨ ᠤ᠋ ᠦᠷ᠎ᠡ ᠪᠦᠲᠦᠭᠡᠯ ᠢ᠋ᠶ᠋ᠡᠨ ᠦᠷᠬᠦᠯᠵᠢᠯᠡᠨ ᠪᠡᠬᠢᠵᠢᠭᠦᠯᠦᠭ᠌ᠰᠡᠨ ᠰᠠᠭᠤᠷᠢᠨ ᠳᠡᠭᠡᠷ᠎ᠡ᠂ ᠴᠢᠨᠠᠬᠰᠢᠲᠠ ᠳᠤᠲᠠᠭᠤᠳᠠᠯ ᠢ᠋ᠶ᠋ᠡᠨ ᠨᠥᠬᠥᠪᠥᠷᠢᠯᠡᠨ᠂ ᠰᠠᠭᠤᠷᠢ ᠪᠠᠨ ᠴᠢᠩᠭᠠᠳᠭᠠᠵᠤ᠂ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠵᠢ ᠪᠣᠳᠠᠲᠠᠢᠵᠢᠭᠤᠯᠬᠤ ᠲᠠᠯ᠎ᠠ ᠪᠡᠷ ᠴᠢᠨᠠᠭᠰᠢᠳᠠ ᠭᠦᠨᠵᠡᠭᠡᠢᠷᠡᠭᠦᠯᠵᠦ᠍᠂ ᠬᠠᠮᠵᠢᠯᠴᠠᠨ ᠬᠢᠨᠠᠨ ᠬᠠᠮᠢᠶᠠᠷᠬᠤ ᠲᠠᠯ᠎ᠠ ᠪᠡᠷ ᠲᠠᠬᠢᠨ ᠱᠢᠪᠲᠤᠯᠤᠯᠲᠠ ᠭᠠᠷᠭᠠᠨ᠂ ᠤᠶᠤᠨᠴᠢ ᠪᠠᠷ ᠬᠦᠴᠦᠨ ᠴᠢᠳᠠᠯ ᠣᠯᠭᠣᠬᠤ ᠲᠠᠯ᠎ᠠ ᠪᠡᠷ ᠨᠠᠡᠭ ᠲᠦᠷᠭᠡᠳᠭᠡᠵᠦ᠍᠂ ᠱᠢᠯᠭᠠᠨ ᠪᠠᠢᠴᠠᠭᠠᠬᠤ ᠬᠢᠨᠠᠨ ᠬᠡᠮᠵᠢᠬᠦ ᠲᠠᠯ᠎ᠠ ᠪᠡᠷ ᠡᠷᠴᠢᠮᠳᠠᠢ ᠴᠢᠩᠭᠠᠳᠭᠠᠨ᠂ ᠨᠡᠢᠭᠡᠮ ᠤ᠋ᠨ ᠬᠠᠮᠲᠤ ᠪᠡᠷ ᠵᠠᠰᠠᠬᠤ ᠲᠠᠯ᠎ᠠ ᠪᠡᠷ ᠲᠠᠬᠢᠨ ᠥᠷᠭᠡᠳᠭᠡᠵᠦ᠍᠂ ᠬᠥᠮᠦᠨ ᠪᠦᠬᠦᠨ ᠠᠨᠭᠬᠠᠷᠴᠤ᠂ ᠬᠥᠮᠦᠨ ᠪᠦᠬᠦᠨ ᠣᠷᠣᠯᠴᠠᠨ᠂ ᠬᠥᠮᠦᠨ ᠪᠦᠬᠦᠨ ᠡᠳ᠋ᠯᠡᠬᠦ᠌ ᠢᠳᠡᠭᠡᠨ ᠤ᠋ ᠠᠮᠤᠷ ᠲᠦᠪᠱᠢᠨ ᠤ᠋ ᠵᠠᠰᠠᠯᠲᠠ ᠶ᠋ᠢᠨ ᠱᠢᠨ᠎ᠡ ᠪᠠᠢᠷᠢᠱᠢᠯ ᠢ᠋ ᠪᠠᠢᠭᠤᠯᠬᠤ ᠪᠠᠷ ᠬᠦᠴᠤᠯᠠᠵᠤ ᠪᠠᠢᠨ᠎ᠠ᠃