3 ᠰᠠᠷ᠎ᠠ᠎ᠶ᠋ᠢᠨ 24 ᠤ᠋ ᠡᠳᠦᠷ᠂ ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ᠂ ᠤᠯᠤᠰ ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠬᠢᠯᠢ ᠲᠡᠯᠡᠶ᠎ᠶ᠋ᠢᠨ ᠬᠠᠮᠠᠭᠠᠯᠠᠯᠲᠠ᠎ᠶ᠋ᠢᠨ ᠵᠥᠪᠯᠡᠯ᠎ᠦᠨ ᠠᠯᠪᠠᠨ ᠬᠡᠷ ᠬᠠᠮᠲᠤᠷᠠᠨ ᠪᠠᠢᠷᠢᠯᠠᠭᠤᠯᠵᠤ ᠥᠷᠨᠢᠭᠦᠯᠦᠭ᠌ᠰᠡᠨ ᠠᠮᠤᠭᠤᠯᠠᠩᠳᠤ ᠬᠢᠯᠢ᠎ᠶ᠋ᠢᠨ ᠵᠢᠱ᠌ᠢᠶᠡᠴᠢ᠎ᠶ᠋ᠢ ᠡᠭᠦᠳᠦᠨ ᠪᠠᠢᠭᠤᠯᠬᠤ ᠠᠵᠢᠯᠯᠠᠭ᠎ᠠ ᠪᠡᠭᠡᠵᠢᠩ᠎ᠳᠦ ᠲᠤᠷᠱᠢᠯᠭ᠎ᠠ ᠰᠣᠯᠢᠯᠴᠠᠬᠤ ᠬᠤᠷᠠᠯ ᠡᠷᠭᠢᠯᠡᠪᠡ᠃ ᠪᠥᠬᠥ᠌ ᠤᠯᠤᠰ᠎ᠤᠨ 5 ᠱᠢᠶᠠᠨ ᠬᠣᠲᠠ ᠪᠠ 19 ᠱᠢᠶᠠᠩ ᠪᠠᠯᠭᠠᠰᠤ ᠬᠣᠶᠠᠳᠤᠭᠠᠷ ᠪᠦᠯᠦᠭ᠎ᠦᠨ ᠠᠮᠤᠭᠤᠯᠠᠩᠳᠤ ᠬᠢᠯᠢ ᠵᠢᠨ ᠵᠢᠱ᠌ᠢᠶᠡᠴᠢ ᠱᠢᠶᠠᠨ ᠬᠣᠲᠠ᠂ ᠱᠢᠶᠠᠩ ᠪᠠᠯᠭᠠᠰᠤ᠎ᠪᠠᠷ ᠨᠡᠷᠡᠢᠳᠦᠭ᠌ᠳᠡᠪᠡ᠃ ᠮᠠᠨ ᠤ ᠤᠷᠤᠨ ᠤ ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠵᠡᠭᠦᠨ ᠬᠣᠱᠢᠭᠤᠨ᠎ᠤ ᠬᠠᠨᠳᠠᠭᠠᠶ ᠰᠤᠮᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠠᠨᠵᠦᠲ᠋ᠦᠶ᠋ᠨ ᠠᠢᠯ᠎ᠤᠨ ᠮᠠᠨᠵᠤ ᠦᠨᠳᠦᠰᠦᠲᠡᠨ᠎ᠦ ᠱᠢᠶᠠᠩ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠰᠤᠪᠨᠠᠭᠤᠷ ᠰᠤᠮᠤ ᠳᠤᠰ ᠵᠢᠬᠰᠠᠭᠠᠯᠳᠠ ᠳ᠋ᠤ ᠤᠷᠤᠵᠠᠢ᠃
ᠣᠢᠷ᠎ᠠ᠎ᠶ᠋ᠢᠨ ᠵᠢᠯ᠎ᠡᠴᠡ ᠬᠠᠨᠳᠠᠭᠠᠶ ᠰᠤᠮᠤ 《ᠨᠠᠮ᠎ᠤᠨ ᠶᠠᠪᠤᠳᠠᠯ᠎ᠢ ᠬᠠᠮᠲᠤᠷᠠᠨ ᠪᠠᠢᠭᠤᠯᠬᠤ ᠂ ᠲᠣᠰᠭᠣᠨ᠎ᠤ ᠶᠠᠪᠤᠳᠠᠯ᠎ᠢ ᠬᠠᠮᠲᠤᠷᠠᠨ ᠰᠦᠪᠡᠭ᠌ᠴᠢᠯᠡᠬᠦ᠌᠂ ᠴᠠᠭ᠍ᠳᠠᠭᠠᠨ᠎ᠤ ᠶᠠᠪᠤᠳᠠᠯ᠎ᠢ ᠬᠠᠮᠲᠤᠷᠠᠨ ᠠᠳᠭᠤᠬᠤ》 ᠭᠤᠷᠪᠠᠨ ᠶᠠᠪᠤᠳᠠᠯ᠎ᠢ ᠠᠭᠤᠰᠤᠯᠴᠠᠭᠤᠯᠬᠤ ᠦᠨᠳᠦᠰᠦᠨ ᠱᠠᠲᠤᠨ᠎ᠤ ᠵᠠᠰᠠᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠬᠦ᠌᠎ᠪᠡᠷ ᠳᠡᠮᠵᠢᠨ《ᠰᠤᠮᠤᠨ ᠡᠴᠨ ᠨᠢᠭᠡᠳᠦᠯᠲᠡᠶ ᠲᠥᠯᠥᠪᠵᠢᠭᠦᠯᠬᠦ᠌᠂ ᠭᠠᠴᠠᠭᠠᠨ ᠡᠴᠨ ᠭᠤᠤᠯᠯᠠᠨ ᠤᠳᠤᠷᠢᠳᠭᠤ᠂ ᠴᠠᠭ᠍ᠳᠠᠭᠠᠨ᠎ᠤ ᠭᠠᠵᠠᠷ ᠬᠠᠮᠲᠤᠷᠠᠨ ᠬᠥᠳᠡᠯᠦᠯᠴᠡᠬᠦ᠌᠂ ᠨᠠᠮ ᠤᠨ ᠭᠡᠱᠢᠭᠦᠨ ᠲᠦᠷᠦᠭᠦᠯᠡᠨ ᠬᠢᠬᠦ᠌᠂ ᠣᠯᠠᠨ ᠲᠦᠮᠡᠨ ᠣᠷᠣᠯᠴᠠᠬᠤ》 ᠲᠠᠪᠤᠨ ᠱᠠᠲᠤᠨ ᠤ ᠠᠮᠤᠭᠤᠯᠠᠩᠳᠤ ᠪᠠᠢᠭᠤᠯᠤᠯᠲᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠬᠢᠯᠢ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠬᠠᠮᠠᠭᠠᠯᠠᠪᠠ᠃ ᠮᠠᠨᠵᠦᠲ᠋ᠦᠶ᠋ᠨ ᠠᠢᠯ᠎ᠤᠨ ᠮᠠᠨᠵᠤ ᠦᠨᠳᠦᠰᠦᠲᠡᠨ᠎ᠦ ᠱᠢᠶᠠᠩ ᠠᠮᠤᠭᠤᠯᠠᠩᠳᠤ ᠬᠢᠯᠢ ᠵᠢᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠱᠢᠶᠠᠩ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠲᠥᠯᠥᠪᠵᠢᠭᠦᠯᠭᠡ᠎ᠳᠦ ᠣᠷᠣᠭᠤᠯᠵᠤ᠂《ᠣᠷᠣᠨ ᠪᠦᠰᠡ ᠬᠣᠯᠪᠣᠭᠠᠯᠠᠨ ᠰᠡᠷᠭᠡᠢᠯᠡᠬᠦ᠌》᠂ 《ᠡᠷᠦᠭᠡ ᠬᠠᠷᠠᠭᠤᠯ ᠬᠣᠯᠪᠣᠭᠠᠯᠠᠨ ᠬᠥᠳᠡᠯᠦᠯᠴᠡᠬᠦ᠌》᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠬᠦᠴᠦᠨ ᠨᠡᠮᠡᠷᠢᠯᠡᠬᠦ》 ᠵᠡᠷᠭᠡ ᠴᠠᠭ᠍ᠳᠠᠭᠠᠨ ᠤ ᠶᠠᠪᠤᠳᠠᠯ ᠤᠨ ᠠᠵᠢᠯ᠎ᠤᠨ ᠵᠠᠭ᠍ᠪᠤᠷ᠎ᠢ ᠱᠢᠨ᠎ᠡ᠎ᠵᠢ ᠡᠭᠦᠳᠦᠨ ᠬᠡᠷᠡᠭ᠌ᠵᠢᠭᠦᠯᠵᠦ᠍᠂ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠵᠠᠰᠠᠬᠤ ᠲᠣᠣᠷ᠎ᠢ ᠨᠢᠭ᠍ᠲᠠ ᠰᠦᠯᠵᠢᠵᠦ᠍᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠠ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ ᠢ ᠪᠠᠶᠠᠵᠢᠭᠤᠯᠬᠤ᠎ᠶ᠋ᠢ ᠭᠦᠨᠵᠡᠭᠡᠢ ᠠᠭᠤᠰᠤᠯᠴᠠᠭᠤᠯᠵᠦ᠍᠂ ᠤᠯᠠᠨ ᠲᠦᠮᠡᠨ᠎ᠦ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠰᠤᠪᠨᠠᠭᠤᠷ ᠰᠤᠮᠤ 《ᠪᠡᠬᠢᠯᠡᠯᠲᠡ ᠡᠷᠦᠬᠡ》᠂ 《ᠬᠢᠯᠢ ᠬᠠᠮᠠᠭᠠᠯᠠᠭ᠍ᠴᠢ》 ᠶ᠋ᠢᠨ ᠪᠠᠢᠭᠤᠯᠤᠯᠲᠠ ᠶ᠋ᠢ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ᠎ᠶ᠋ᠢᠨ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ 《1 + 1 + N 》 ᠬᠠᠪᠰᠤᠷᠤᠯᠴᠠᠭ᠎ᠠ ᠪᠠᠢᠭᠤᠯᠤᠨ ᠬᠠᠷᠢᠯᠴᠠᠬᠤ ᠲᠦᠷᠢᠮ᠎ᠢ ᠬᠡᠷᠡᠭ᠌ᠵᠢᠭᠦᠯᠵᠦ᠂ ᠬᠢᠯᠢ ᠬᠢᠵᠠᠭᠠᠷ ᠲᠸ᠋ ᠰᠠᠭᠤᠷᠢᠰᠢᠨ ᠬᠢᠯᠢ ᠬᠢᠵᠠᠭᠠᠷ᠎ᠢ ᠬᠠᠮᠠᠭᠠᠯᠠᠬᠤ ᠪᠡᠬᠢᠯᠡᠯᠲᠡ ᠡᠷᠦᠬᠡ᠎ᠶ᠋ᠢ ᠪᠣᠢᠵᠢᠭᠤᠯᠵᠤ᠂《ᠨᠡᠭᠦᠳᠡᠯ ᠡᠶᠡᠳᠡᠭᠦᠯᠬᠦ᠌ ᠲᠠᠰᠤᠭ》 ᠵᠡᠷᠭᠡ ᠣᠨᠴᠠᠯᠢᠭ᠍ᠲᠤ ᠦᠶ᠋ᠯᠡᠴᠢᠯᠡᠭᠡᠨ᠎ᠦ ᠨᠠᠷᠠᠲᠤ ᠲᠥᠷᠥᠯ ᠲᠡᠮᠳᠡᠭ᠌ ᠢ᠋ ᠱᠤᠭᠤᠵᠤ᠂ ᠬᠢᠯᠢ᠎ᠶ᠋ᠢ ᠬᠠᠮᠢᠶᠠᠷᠤᠨ ᠡᠵᠡᠮᠳᠡᠬᠦ᠌᠂ ᠣᠯᠠᠨ ᠲᠦᠮᠡᠨ᠎ᠳᠦ ᠦᠶ᠋ᠯᠡᠴᠢᠯᠡᠬᠦ᠂ ᠶᠡᠷᠦᠩᠬᠡᠢᠯᠡᠨ ᠵᠠᠰᠠᠵᠤ ᠲᠣᠭ᠍ᠲᠠᠭᠤᠨ᠎ᠢ ᠬᠠᠮᠠᠭᠠᠯᠠᠬᠤ ᠵᠡᠷᠭᠡ ᠠᠵᠢᠯ ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠡᠶᠡᠯᠡᠭᠦᠯᠪᠡ᠃
ᠠᠮᠤᠭᠤᠯᠠᠩᠳᠤ ᠬᠢᠯᠢ᠎ᠶ᠋ᠢᠨ ᠵᠢᠱ᠌ᠢᠶᠡᠴᠢ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ ᠪᠥᠬᠥ᠌ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠵᠦ᠂ 《ᠤᠯᠤᠰ ᠲᠥᠷᠥ ᠠᠮᠤᠷ ᠲᠦᠪᠱᠢᠨ ᠨᠡᠢᠭᠡᠮ ᠲᠣᠭ᠍ᠲᠠᠭᠤᠨ᠂ ᠨᠡᠢᠭᠡᠮ᠎ᠦᠨ ᠠᠮᠤᠷ ᠢ᠋ ᠬᠠᠮᠠᠭᠠᠯᠠᠬᠤ ᠡᠮᠬᠢ ᠵᠢᠷᠤᠮ ᠰᠠᠢᠨ᠂ ᠬᠢᠯᠢ ᠶ᠋ᠢᠨ ᠬᠠᠮᠢᠶᠠᠷᠤᠯᠲᠠ ᠡᠵᠡᠮᠳᠡᠯ᠎ᠦᠨ ᠰᠠᠭᠤᠷᠢ ᠪᠠᠲᠤ ᠪᠠᠬᠢ᠂ ᠪᠠᠢᠭᠤᠯᠤᠯ ᠲᠣᠭ᠍ᠲᠠᠴᠠ ᠪᠦᠷᠢᠨ ᠲᠡᠭᠦᠯᠳᠡᠷ᠂ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠨᠢᠭ᠍ᠲᠠ ᠴᠢᠩᠭ᠎ᠠ ᠵᠣᠬᠢᠶᠠᠨ ᠪᠠᠢᠭᠤᠯᠤᠭ᠍ᠰᠠᠨ》 ᠡᠭᠦᠳᠦᠨ ᠪᠠᠢᠭᠤᠯᠬᠤ ᠪᠠᠷᠢᠮᠵᠢᠶ᠎ᠠ ᠵᠢᠨ ᠲᠤᠭᠤᠷᠢᠨ ᠳ᠋ᠤ ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠡᠬᠢ ᠪᠠᠶᠠᠯᠢᠭ᠎ᠤᠨ ᠬᠦᠴᠦᠨ ᠢ ᠨᠢᠭᠡᠳᠦᠯᠲᠡᠶ ᠲᠥᠯᠥᠪᠯᠡᠵᠦ᠂ ᠬᠢᠯᠢ ᠶ᠋ᠢᠨ ᠲᠣᠭ᠍ᠲᠠᠭᠤᠨ ᠢ᠋ ᠨᠥᠯᠥᠭᠡᠯᠡᠬᠦ᠌ ᠭᠡᠮ ᠰᠤᠭᠤᠭ ᠢ᠋ ᠴᠤᠬᠢᠯᠳᠠ ᠦᠭᠴᠤ ᠰᠡᠷᠭᠡᠢᠯᠡᠨ ᠨᠠᠮᠳᠠᠭᠤᠯᠵᠤ᠂ ᠬᠢᠯᠢ᠎ᠶ᠋ᠢ ᠬᠦᠴᠦᠷᠬᠡᠭ᠌ᠵᠢᠭᠦᠯᠤᠨ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ᠂ ᠬᠥᠳᠡᠭᠡ ᠲᠣᠰᠭᠣᠨ᠎ᠢ ᠪᠦᠬᠦ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠢ᠋ ᠬᠠᠮᠵᠢᠯᠴᠠᠨ ᠠᠬᠢᠭᠤᠯᠵᠦ᠂ ᠬᠢᠯᠢ ᠬᠢᠵᠠᠭᠠᠷ ᠣᠷᠣᠨ᠎ᠤ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠪᠠ᠃