ᠲᠥᠷᠥ ᠢ᠋ᠢᠨ ᠪᠣᠳᠣᠯᠭ᠎ᠠ ᠢ᠋ᠢᠨ ᠲᠡᠮᠵᠢᠯᠬᠡ ᠢ᠋ᠢ ᠴᠢᠨᠭᠭᠠᠳᠬᠠᠨ ᠲᠤᠭᠳᠠᠴᠡ ᠢ᠋ᠢᠨ ᠰᠢᠨ᠎ᠡ ᠢ᠋ᠢ ᠡᠬᠦᠳᠴᠤ ᠥᠪᠥᠷ ᠮᠣᠩᠭᠣᠯ ᠤ᠋ᠨ ᠠᠵᠤ ᠠᠬᠤᠢᠯᠠᠯ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ ᠰᠠᠯᠬᠢᠨ ᠳᠠᠪᠠᠯᠭᠠᠨ ᠢ᠋ ᠰᠦᠷᠦᠨ ᠤᠷᠤᠭᠰᠢᠯᠠᠨ᠎ᠡ
2026-03-29 10:28:38
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

2025 ᠣᠨ ᠤ᠋ 12 ᠰᠠᠷ᠎ᠠ ᠢ᠋ᠢᠨ 30 ᠤ᠋ ᠦᠳᠡ ᠢ᠋ᠢᠨ ᠡᠮᠦᠨᠡᠬᠢ 9 ᠴᠠᠭ 25 ᠮᠢᠨᠦ᠋ᠲ ᠲᠦ᠍᠂ ᠤᠯᠤᠰ ᠤ᠋ᠨ ᠳᠣᠲᠣᠭᠠᠳᠤ ᠢ᠋ᠢᠨ ᠪᠥᠭᠡᠭᠡᠨᠡᠷᠡᠯ ᠸᠢᠨᠢᠯ ᠠᠯᠺᠤᠤᠯ  (PVA) ᠤ᠋ᠨ ᠠᠵᠢᠯ ᠲᠥᠷᠥᠯ ᠤ᠋ᠨ ᠳᠠᠭᠠᠭᠤᠯᠤᠭ᠍ᠴᠢ ᠪᠤᠯᠬᠤ ᠥᠪᠥᠷ ᠮᠣᠩᠭᠣᠯ ᠤ᠋ᠨ ᠱᠤᠸᠠᠩ ᠱᠢᠨ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ (ᠳᠣᠷᠣᠭ᠍ᠰᠢ ᠱᠤᠸᠠᠩ ᠱᠢᠨ ᠺᠣᠮᠫᠠᠨᠢ ᠭᠡᠵᠦ᠍ ᠲᠣᠪᠴᠢᠯᠠᠨ᠎ᠠ) ᠱᠸᠨᠵᠸᠨ ᠤ᠋ ᠦᠨᠡᠳᠤ ᠲᠡᠮᠳᠡᠭᠳᠤ ᠠᠷᠠᠯᠵᠢᠶᠠᠯᠠᠬᠤ ᠭᠠᠵᠠᠷ ᠤ᠋ᠨ ᠭᠤᠤᠯ ᠲᠠᠪᠴᠠᠨᠭ᠌ ᠳ᠋ᠤ᠌ ᠰᠲ᠋ᠤᠺ ᠢ᠋ᠢᠡᠨ ᠵᠠᠬ᠎ᠡ ᠲᠡᠯᠬᠡᠬᠦᠷ ᠲᠦ᠍ ᠠᠮᠵᠢᠯᠲᠠ ᠲᠠᠢ ᠭᠠᠷᠭᠠᠵᠤ᠂ 2025 ᠣᠨ ᠤ᠋ ᠦᠪᠤᠷ ᠮᠤᠨᠭᠭᠤᠯ ᠤ᠋ᠨ ᠰᠲ᠋ᠣᠺ ᠵᠢᠡᠨ ᠵᠠᠬ᠎ᠠ ᠳᠡᠯᠭᠡᠭᠦᠷ ᠲᠦ᠍ ᠭᠠᠷᠭᠠᠭ᠍ᠰᠠᠨ ᠳᠥᠷᠪᠡᠳᠡᠬᠢ ᠠᠵᠤ ᠠᠬᠤᠢᠯᠠᠯ ᠪᠣᠯᠵᠠᠢ᠃ ᠢᠨᠭᠬᠢᠬᠡᠳ 2025 ᠣᠨ ᠳ᠋ᠤ ᠥᠪᠥᠷ ᠮᠣᠩᠭᠣᠯ ᠤ᠋ᠨ ᠰᠲ᠋ᠤᠺ ᠢ᠋ᠢᠡᠨ ᠵᠠᠬ᠎ᠡ ᠲᠡᠯᠬᠡᠬᠦᠷ ᠲᠦ᠍ ᠭᠠᠷᠭᠠᠭᠰᠠᠨ ᠰᠢᠨ᠎ᠡ ᠪᠡᠷ ᠨᠡᠮᠡᠭᠳᠡᠭᠰᠡᠨ ᠠᠵᠤ ᠠᠬᠤᠢᠯᠠᠯ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠪᠠ᠃

《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠥᠪᠥᠷ ᠮᠣᠩᠭᠣᠯ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠢ᠋ᠢ ᠲᠤᠰᠠᠯᠠᠬᠤ 《ᠠᠵᠢᠨᠠᠢ ᠲᠥᠯᠥᠪᠯᠡᠭᠡ》 ᠶ᠋ᠢ ᠬᠡᠷᠡᠭ᠌ᠵᠢᠭᠦᠯᠤᠨ᠂ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠢ᠋ᠢ ᠠᠬᠢᠭᠤᠯᠬᠤ ᠰᠦᠷ ᠳᠠᠯᠠᠢᠴᠠᠲᠠᠶ ᠬᠦᠴᠦᠨ ᠢ᠋ ᠨᠢᠭ᠍ᠲᠠᠷᠠᠭᠤᠯᠵᠤ᠂ ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ᠢᠡᠷ ᠪᠢᠯᠬᠠᠭ᠍ᠰᠠᠨ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠬᠠᠭᠤᠳᠠᠰᠤ᠎ᠶ᠋ᠢ ᠪᠢᠴᠢᠭᠯᠡᠭᠰᠡᠨ ᠪᠢᠯᠠ᠃

《〈ᠠᠷᠪᠠᠨ ᠳᠥᠷᠪᠡᠳᠦᠭᠡᠷ ᠲᠠᠪᠤᠨ ᠵᠢᠯ〉 ᠡᠴᠡ ᠨᠠᠭᠠᠰᠢ ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠬᠢᠯᠠᠯᠵᠠᠭᠰᠠᠨ ᠬᠠᠷᠢᠭᠤᠯᠲᠠ ᠢ᠋ᠢᠨ ᠬᠠᠭᠤᠳᠠᠰᠤ ᠢ᠋ᠢ ᠲᠤᠱᠢᠶᠠᠪᠠ᠃  5 ᠵᠢᠯ ᠤ᠋ᠨ ᠲᠤᠷᠰᠢ ᠪᠥᠬᠥ᠌ ᠣᠷᠣᠨ ᠤ᠋ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ ᠺᠣᠮᠫᠠᠨᠢ 13 ᠱᠢᠨ᠎ᠡ ᠪᠡᠷ  ᠨᠡᠮᠡᠭ᠌ᠳᠡᠵᠦ᠍᠂ 5 ᠵᠢᠯ ᠳᠠᠷᠠᠭᠠᠯᠠᠨ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠶ᠋ᠢ ᠪᠡᠶᠡᠯᠡᠭᠦᠯᠪᠡ᠃ IPO ᠱᠠᠭᠠᠷᠳᠠᠯᠭ᠎ᠠ ᠦᠨᠳᠤᠷ ᠪᠠᠢᠳᠠᠯ ᠳᠤᠤᠷ᠎ᠠ  ᠥᠪᠥᠷ ᠮᠣᠩᠭᠣᠯ ᠤ᠋ᠨ ᠬᠢᠯᠢ ᠢ᠋ᠢᠨ ᠳᠣᠲᠣᠨ᠎ᠠ ᠭᠠᠳᠠᠨ᠎ᠠ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ ᠺᠣᠮᠫᠠᠨᠢ 36 ᠪᠤᠯᠤᠨ ᠨᠡᠮᠡᠭᠳᠡᠵᠤ᠂ ᠲᠡᠦᠬᠡ ᠢ᠋ᠢᠨ ᠱᠢᠨ᠎ᠡ ᠲᠡᠮᠳᠡᠭ᠌ᠯᠡᠯ ᠢ᠋ ᠡᠭᠦᠳᠴᠠᠢ᠃ ᠬᠢᠯᠢ ᠢ᠋ᠢᠨ ᠲᠤᠳᠤᠨ᠎ᠠ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ 30 ᠺᠣᠮᠫᠠᠨᠢ ᠢ᠋ᠢᠨ ᠶᠡᠷᠦᠩᠬᠡᠶ ᠵᠠᠬ᠎ᠠ ᠳᠡᠯᠭᠡᠭᠦᠷ ᠤ᠋ᠨ ᠥᠷᠲᠡᠭ ᠨᠢ 1 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠵᠤ᠂ ᠡᠵᠡᠩᠨᠡᠯᠲᠡ ᠢ᠋ᠢᠨ ᠬᠡᠮᠵᠢᠶ᠎ᠠ ᠨᠢ ᠪᠥᠬᠥ᠌ ᠣᠷᠣᠨ ᠤ᠋ GDP ᠵᠢᠨ 18% ᠵᠢ ᠡᠵᠡᠯᠡᠪᠡ》 ᠬᠡᠵᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠮᠥᠩᠭᠥᠨ ᠭᠦᠶ᠋ᠯᠭᠡᠭᠡᠨ ᠤ᠋ ᠠᠵᠢᠯ ᠤ᠋ᠨ ᠠᠯᠪᠠᠨ ᠬᠡᠷ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠤᠨ᠎ᠡ᠃

2025 ᠣᠨ ᠪᠣᠯ ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ 《ᠤᠮᠤᠭᠰᠢᠯᠳᠤ ᠴᠠᠭ ᠮᠥᠴᠡ》 ᠪᠣᠯᠤᠨ᠎ᠠ᠃ 1 ᠰᠠᠷ᠎ᠠ ᠢ᠋ᠢᠨ 3 ᠤ᠋ ᠡᠳᠦᠷ᠂ ᠲᠢᠶᠠᠨ ᠾᠧ ᠰᠣᠷᠢᠨᠵᠢᠨ ᠮᠠᠲ᠋ᠧᠷᠢᠶᠠᠯ ᠤ᠋ᠨ ᠬᠢᠵᠠᠭᠠᠷᠳᠤ ᠺᠤᠮᠫᠠᠨᠢ ᠱᠠᠩᠬᠠᠶ ᠢ᠋ᠢᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ ᠤ᠋ᠨ ᠭᠤᠤᠯ ᠲᠠᠪᠴᠠᠨᠭ᠌ ᠳ᠋ᠦ᠍ ᠰᠲ᠋ᠣᠺ ᠤ᠋ᠨ ᠵᠠᠬ᠎ᠠ ᠳᠡᠯᠭᠡᠭᠦᠷ ᠲᠦ᠍ ᠭᠠᠷᠭᠠᠪᠠ; 3 ᠰᠠᠷ᠎ᠠ ᠢ᠋ᠢᠨ 10 ᠤ᠋ ᠡᠳᠦᠷ᠂ ᠤᠯᠠᠭᠠᠨᠬᠠᠳᠠ ᠢ᠋ᠢᠨ ᠵᠢᠶ ᠯᠦᠩ ᠱᠢᠵᠢᠷ ᠠᠯᠲᠠᠨ ᠤ᠋ ᠠᠭᠤᠷᠬᠠᠶ ᠢ᠋ᠢᠨ ᠦᠶ᠋ᠯᠡᠰ ᠤ᠋ᠨ ᠬᠢᠵᠠᠭᠠᠷᠲᠤ ᠺᠣᠮᠫᠠᠨᠢ ᠰᠲ᠋ᠤᠺ ᠢ᠋ᠢᠡᠨ  ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠦ᠍ ᠭᠠᠷᠭᠠᠵᠤ᠂ ᠪᠥᠬᠥ᠌ ᠤᠯᠤᠰ ᠤ᠋ᠨ ᠭᠤᠷᠪᠠᠳᠠᠬᠢ 《A + H》 ᠱᠢᠵᠢᠷ ᠠᠯᠲᠠᠨ ᠤ᠋ ᠰᠲ᠋ᠣᠺ ᠪᠣᠯᠤᠭ᠍ᠰᠠᠨ ᠪᠥᠭᠡᠳ ᠥᠪᠥᠷ ᠮᠣᠩᠭᠣᠯ ᠤ᠋ᠨ ᠠᠩᠬᠠᠳᠠᠭ᠍ᠴᠢ 《A + H》  ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ ᠺᠣᠮᠫᠠᠨᠢ ᠪᠤᠯᠵᠠᠢ; 11 ᠰᠠᠷ᠎ᠠ ᠢ᠋ᠢᠨ 24 ᠤ᠋ ᠡᠳᠦᠷ᠂ ᠥᠪᠥᠷ ᠮᠣᠩᠭᠣᠯ ᠤ᠋ᠨ ᠴᠤᠸᠠᠩ ᠶᠤᠸᠠᠨ ᠲᠡᠮᠦᠷᠯᠢᠭ ᠤ᠋ᠨ ᠬᠢᠵᠠᠭᠠᠷᠲᠤ ᠺᠣᠮᠫᠠᠨᠢ ᠱᠢᠶᠠᠩᠭᠠᠩ ᠤ᠋ᠨ ᠰᠲ᠋ᠤᠺ ᠠᠷᠠᠯᠵᠢᠶᠠᠯᠠᠬᠤ ᠭᠠᠵᠠᠷ ᠲᠦ᠍ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ᠂ ᠴᠣ ᠱᠢᠨ᠎ᠡ ᠬᠥᠭ᠌ᠵᠢᠯᠲᠡ ᠢ᠋ᠢᠨ ᠱᠠᠲᠤ ᠦᠶ᠎ᠡ ᠪᠡᠨ ᠤᠭ᠍ᠲᠤᠨ ᠠᠪᠤᠪᠠ ᠁

ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠤ᠋ ᠠᠷᠤ ᠳ᠋ᠤ ᠲᠥᠷᠥ ᠢ᠋ᠢᠨ ᠪᠣᠳᠣᠯᠭ᠎ᠠ ᠢ᠋ᠢᠨ ᠲᠡᠮᠵᠢᠯᠬᠡ ᠦᠷᠭᠦᠯᠵᠢᠯᠡᠨ ᠴᠢᠨᠭᠭᠠᠷᠠᠭᠰᠠᠨ ᠤᠴᠢᠷ ᠨᠢᠭᠤᠭᠳᠠᠵᠤ ᠪᠤᠢ᠃《ᠠᠵᠢᠨᠠᠢ ᠲᠥᠯᠥᠪᠯᠡᠭᠡ》ᠶ᠋ᠢ ᠬᠣᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠪᠢᠴᠢᠨ ᠣᠷᠣᠭᠤᠯᠵᠤ᠂ ᠥᠪᠥᠷ ᠮᠣᠩᠭᠣᠯ ᠤ᠋ᠨ ᠠᠵᠤ ᠠᠬᠤᠢᠯᠠᠯ ᠢ᠋ ᠲᠤᠰᠠᠯᠠᠬᠤ ᠠᠵᠢᠯᠯᠠᠭ᠎ᠠ ᠢ᠋ᠢᠨ ᠲᠦᠷᠦᠯ ᠲᠡᠮᠳᠡᠭ ᠪᠤᠯᠭᠠᠪᠠ᠃ ᠡᠨᠡ ᠬᠦ᠌ ᠲᠥᠯᠥᠪᠯᠡᠭᠡ ᠪᠡᠷ ᠲᠠᠮᠵᠢᠨ ᠳᠡᠭᠡᠳᠦ ᠳᠣᠣᠷᠠᠳᠤ ᠱᠠᠲᠤ ᠬᠤᠯᠪᠤᠭᠠᠯᠠᠨ ᠠᠵᠤ ᠠᠬᠤᠢᠯᠠᠯ ᠢ᠋ ᠬᠠᠪᠰᠤᠷᠤᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠶᠠᠪᠤᠴᠠ ᠳ᠋ᠠᠬᠢ ᠡᠯ᠎ᠡ ᠲᠥᠷᠥᠯ ᠤ᠋ᠨ ᠠᠰᠠᠭᠤᠳᠠᠯ ᠢ᠋ ᠱᠢᠶ᠋ᠳᠪᠦᠷᠢᠯᠡᠵᠦ᠍᠂ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠠᠬᠢᠴᠠ ᠢ᠋ᠢ ᠲᠦᠷᠭᠡᠳᠭᠡᠬᠦ᠌ ᠳ᠋ᠤ ᠬᠦᠴᠦ᠍ᠨ ᠨᠡᠮᠡᠷᠢᠯᠡᠵᠠᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ  ᠮᠠᠨ ᠤ᠋ ᠤᠷᠤᠨ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠪᠡᠯᠡᠳᠭᠡᠯ ᠠᠵᠤ ᠠᠬᠤᠢᠯᠠᠯ ᠤ᠋ᠨ ᠬᠥᠮᠥᠷᠭᠡ ᠢ᠋ᠢᠨ ᠬᠠᠮᠢᠶᠠᠷᠤᠯᠲᠠ ᠢ᠋ᠢᠨ ᠬᠡᠷᠡᠭ᠌ᠵᠢᠭᠦᠯᠬᠦ᠌ ᠲᠥᠰᠦᠯ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠭᠤᠤᠯᠳᠠᠯᠭ᠎ᠠ ᠲᠠᠢ ᠪᠡᠯᠡᠳᠭᠡᠯ ᠠᠵᠤ ᠠᠬᠤᠢᠯᠠᠯ ᠢ᠋ ᠬᠠᠮᠠᠭᠠᠯᠠᠬᠤ ᠦᠶ᠋ᠯᠡᠴᠢᠯᠡᠭᠡᠨ ᠤ᠋ ᠠᠷᠭ᠎ᠠ ᠬᠡᠮᠵᠢᠶ᠎ᠡ》 ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ᠋ ᠵᠠᠯᠭᠠᠭ᠎ᠠ ᠪᠠᠷ ᠨᠡᠢᠲᠡᠯᠡᠵᠦ᠍᠂ ᠱᠢᠰᠲ᠋ᠧᠮ ᠤ᠋ᠨ ᠴᠢᠨᠠᠷᠲᠠᠶ ᠲᠦᠷᠢᠮ ᠤ᠋ᠨ ᠬᠠᠩᠭᠠᠯᠭ᠎ᠠ ᠪᠠᠷ ᠳᠠᠮᠵᠢᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠭᠤᠤᠯᠳᠠᠯᠭ᠎ᠠ ᠲᠠᠢ ᠪᠡᠯᠡᠳᠭᠡᠯ ᠠᠵᠤ ᠠᠬᠤᠢᠯᠠᠯ ᠳ᠋ᠤ ᠪᠥᠬᠥ᠌ ᠦᠶᠡᠯᠡᠯ ᠤ᠋ᠨ ᠬᠤᠭᠤᠴᠠᠭᠠᠨ ᠤ᠋ 《ᠬᠠᠮᠠᠭᠠᠯᠠᠯᠳᠡ ᠢ᠋ᠢᠨ ᠬᠡᠯᠪᠡᠷᠢ》 ᠢ᠋ᠢᠡ ᠦᠶ᠋ᠯᠡᠴᠢᠯᠡᠭᠡ ᠬᠠᠩᠭᠠᠵᠤ᠂ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠶᠠᠪᠤᠴᠠ ᠳ᠋ᠠᠬᠢ ᠲᠦᠭ᠌ᠵᠢᠷᠡᠯ ᠪᠠ ᠬᠦᠴᠢᠷᠳᠡᠯ ᠢ᠋ ᠣᠨᠣᠪᠴᠢᠲᠠᠶ ᠱᠢᠶ᠋ᠳᠪᠦᠷᠢᠯᠡᠪᠡ᠃

ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠤ᠋ ᠠᠷᠤ ᠳ᠋ᠤ ᠲᠣᠭ᠍ᠲᠠᠴᠠ ᠢ᠋ᠢᠨ ᠱᠢᠨ᠎ᠡ ᠡᠬᠦᠳᠦᠯᠳᠡ ᠬᠦᠴᠦᠨ ᠤᠯᠭᠤᠭᠰᠠᠨ ᠤᠴᠢᠷ ᠨᠢᠭᠤᠭᠳᠠᠵᠤ ᠪᠤᠢ᠃ ᠮᠠᠨ ᠤ᠋ ᠤᠷᠤᠨ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠪᠦᠬᠦ᠌ ᠶᠠᠪᠤᠴᠠ ᠢ᠋ᠢᠨ ᠦᠶ᠋ᠯᠡᠴᠢᠯᠡᠭᠡᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢᠨ ᠲᠣᠭᠣᠷᠢᠨ ᠳ᠋ᠤ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠲᠢᠩᠬᠢᠮ ᠤ᠋ᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠤ᠋ᠨ ᠲᠣᠭ᠍ᠲᠠᠴᠠ᠂ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡᠨ ᠤ᠋ ᠭᠤᠤᠯᠯᠠᠨ ᠡᠷᠬᠢᠯᠡᠬᠦ᠌ ᠪᠠᠩᠬᠢ ᠢ᠋ᠢᠨ ᠲᠣᠭ᠍ᠲᠠᠴᠠ᠂ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠠᠨᠭᠬ᠎ᠡ ᠭᠠᠷᠭᠠᠬᠤ ᠬᠠᠮᠲᠤᠷᠠᠨ ᠣᠨᠣᠱᠢᠯᠠᠬᠤ ᠲᠣᠭ᠍ᠲᠠᠴᠠ ᠵᠡᠷᠭᠡ ᠎ᠶ᠋ᠢ ᠪᠠᠭ᠍ᠲᠠᠭᠠᠭ᠍ᠰᠠᠨ ᠣᠯᠠᠨ ᠵᠦᠶ᠋ᠯ ᠤ᠋ᠨ ᠠᠵᠢᠯ ᠤ᠋ᠨ ᠲᠣᠭ᠍ᠲᠠᠴᠠ᠎ᠶ᠋ᠢ ᠪᠠᠢᠭᠤᠯᠬᠤ ᠢ᠋ᠢᠨ ᠬᠠᠮᠲᠤ᠂《ᠲᠥᠷᠥ ᠢ᠋ᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠲᠣᠭ᠍ᠲᠠᠴᠠ ᠪᠠᠷ ᠪᠠᠲᠤᠯᠠᠬᠤ᠂ ᠱᠢᠨ᠎ᠡ᠎ᠶ᠋ᠢ ᠡᠭᠦᠳᠬᠦ᠌ ᠪᠡᠷ ᠬᠥᠳᠡᠯᠭᠡᠭᠦᠷ ᠪᠣᠯᠭᠠᠬᠤ》 ᠦᠵᠦ᠍ ᠲᠥᠯᠥᠪᠯᠡᠭᠡ ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ 《ᠠᠵᠤ ᠠᠬᠤᠢᠯᠠᠯ ᠰᠠᠨᠠᠭᠠᠴᠢᠯᠠᠭ᠎ᠠ ᠡᠴᠡ ᠪᠠᠨ ᠤᠷᠤᠯᠴᠠᠬᠤ᠂ ᠵᠠᠰᠠᠭ ᠤ᠋ᠨ ᠣᠷᠳᠣᠨ ᠡᠴᠡ ᠠᠬᠢᠭᠤᠯᠬᠤ᠂ ᠪᠠᠢᠭᠤᠯᠤᠮᠵᠢ ᠡᠴᠡ ᠳᠠᠢᠴᠢᠯᠠᠬᠤ᠂ ᠨᠡᠢᠭᠡᠮ ᠳᠠᠶᠠᠭᠠᠷ ᠬᠠᠮᠲᠤᠷᠠᠨ ᠬᠥᠳᠡᠯᠦᠯᠴᠡᠬᠦ᠌》 ᠬᠠᠮᠵᠢᠯᠴᠠᠭᠠᠨ ᠤ᠋ ᠲᠣᠭ᠍ᠲᠠᠴᠠ ᠶ᠋ᠢ ᠱᠢᠰᠲ᠋ᠧᠮ ᠲᠡᠶ ᠪᠠᠢᠭᠤᠯᠬᠤ ᠢ᠋ᠢᠨ ᠬᠠᠮᠲᠤ ᠭᠦᠨᠵᠡᠭᠡᠢᠷᠡᠭᠦᠯᠵᠦ᠍᠂《ᠨᠢᠭᠡ ᠪᠦᠯᠦᠭ ᠢ᠋ ᠪᠣᠢᠵᠢᠭᠤᠯᠬᠤ᠂ ᠨᠢᠭᠡ ᠪᠦᠯᠦᠭ ᠢ᠋ ᠥᠭᠡᠷᠡᠴᠢᠯᠡᠬᠦ᠌᠂ ᠨᠢᠭᠡ ᠪᠦᠯᠦᠭ ᠢ᠋ ᠬᠠᠪᠰᠤᠷᠤᠨ ᠵᠢᠯᠣᠭᠣᠳᠭᠤ᠂ ᠨᠢᠭᠡ ᠪᠦᠯᠦᠭ ᠢ᠋ ᠮᠡᠳᠡᠭᠦᠯᠬᠦ᠌᠂ ᠨᠢᠭᠡ ᠪᠦᠯᠦᠭ ᠢ᠋ ᠵᠠᠬ᠎ᠠ ᠳᠡᠯᠭᠡᠭᠦᠷ ᠲᠦ᠍ ᠭᠠᠷᠭᠠᠬᠤ》 ᠱᠠᠳᠤ ᠱᠠᠳᠤ ᠪᠡᠷ ᠠᠬᠢᠭᠤᠯᠬᠤ ᠱᠢᠰᠲ᠋ᠧᠮ ᠢ᠋ ᠪᠦᠷᠢᠯᠳᠤᠬᠦᠯᠪᠡ᠃

ᠥᠪᠥᠷ ᠮᠣᠩᠭᠣᠯ ᠤ᠋ᠨ ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠤ᠋ ᠠᠷᠤ ᠳ᠋ᠤ ᠡᠯ᠎ᠡ ᠭᠠᠵᠠᠷ ᠤ᠋ᠨ ᠬᠥᠳᠡᠯᠭᠡᠬᠦ᠌ ᠬᠦᠴᠦᠨ ᠢ᠋  ᠬᠦᠪᠤᠷᠡᠬᠦᠯᠦᠭᠰᠡᠨ ᠤᠴᠢᠷ ᠨᠢᠭᠤᠭᠳᠠᠵᠤ ᠪᠣᠶ᠃ ᠠᠯᠢ ᠡᠷᠲᠡ 2021 ᠣᠨ ᠤ᠋ 10 ᠰᠠᠷ᠎ᠠ ᠳ᠋ᠤ᠂ ᠣᠷᠳᠣᠰ ᠬᠣᠲᠠ ᠢ᠋ᠢᠨ ᠠᠷᠠᠳ ᠤ᠋ᠨ ᠵᠠᠰᠠᠭ ᠤ᠋ᠨ ᠣᠷᠳᠣᠨ ᠡᠴᠡ 《ᠣᠷᠳᠣᠰ ᠬᠣᠲᠠ ᠢ᠋ᠢᠨ ᠠᠵᠤ ᠠᠬᠤᠢᠯᠠᠯ ᠤ᠋ᠨ ᠫᠠᠢᠰᠠ ᠡᠯᠭᠦᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠨ ᠨᠡᠮᠡᠷᠢᠯᠡᠬᠦ᠌ ᠠᠵᠢᠯᠯᠠᠭ᠎ᠠ ᠢ᠋ᠢᠨ ᠲᠥᠰᠦᠯ》 ᠢ᠋ ᠳᠠᠷᠤᠮᠠᠯᠯᠠᠨ ᠲᠠᠷᠬᠠᠭᠠᠪᠠ᠃ ᠲᠣᠰ ᠬᠣᠲᠠ ᠪᠠᠰᠠ ᠬᠣᠲᠠ ᠢ᠋ᠢᠨ ᠳᠠᠷᠤᠭ᠎ᠠ ᠪᠠᠷ ᠳᠤᠭᠤᠢᠯᠠᠩ ᠤ᠋ᠨ ᠳᠠᠷᠤᠭ᠎ᠠ ᠪᠣᠯᠭᠠᠭ᠍ᠰᠠᠨ ᠲᠤᠰᠭᠠᠶ ᠠᠵᠢᠯ ᠤ᠋ᠨ ᠳᠤᠭᠤᠢᠯᠠᠩ ᠪᠠᠢᠭᠤᠯᠵᠤ᠂ ᠬᠣᠲᠠ ᠢ᠋ᠢᠨ ᠵᠠᠰᠠᠭ ᠤ᠋ᠨ ᠣᠷᠳᠣᠨ᠂ ᠬᠣᠲᠠ ᠢ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠪᠤᠯᠤᠨ ᠬᠣᠱᠢᠭᠤ ᠲᠣᠭᠣᠷᠢᠭ ᠭᠤᠷᠪᠠᠨ ᠱᠠᠲᠤᠨ ᠤ᠋ ᠵᠣᠬᠢᠴᠠᠭᠤᠯᠤᠨ ᠠᠬᠢᠭᠤᠯᠬᠤ ᠲᠣᠭ᠍ᠲᠠᠴᠠ ᠶ᠋ᠢ ᠪᠠᠢᠭᠤᠯᠪᠠ᠃ 2025 ᠣᠨ ᠳ᠋ᠤ ᠣᠷᠳᠣᠰ ᠬᠣᠲᠠ ᠢ᠋ᠢᠨ ᠬᠠᠮᠢᠶ᠎ᠠ ᠪᠥᠬᠥᠶ ᠰᠠᠯᠠᠭ᠎ᠠ ᠮᠥᠴᠢᠷ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ᠌ ᠭᠡᠵᠦ᠍ ᠪᠠᠢᠭ᠎ᠠ 25 ᠭᠤᠤᠯᠳᠠᠯᠭ᠎ᠠ ᠲᠠᠢ ᠠᠵᠤ ᠠᠬᠤᠢᠯᠠᠯ ᠤ᠋ᠨ ᠪᠠᠢᠳᠡᠯ ᠢ᠋ ᠨᠢᠬᠡᠳ ᠨᠢᠬᠡ ᠪᠡᠷ ᠨᠢᠮᠪᠠᠢ ᠤᠢᠯᠠᠭᠠᠪᠠ᠃

ᠤᠳᠤ ᠥᠪᠥᠷ ᠮᠣᠩᠭᠣᠯ ᠤ᠋ᠨ ᠡᠯ᠎ᠡ ᠠᠢᠮᠠᠭ ᠬᠣᠲᠠ ᠨᠢᠭᠡᠨᠲᠡ ᠨᠢᠭᠡ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ᠌ ᠪᠡᠯᠡᠳᠭᠡᠯ ᠠᠵᠤ ᠠᠬᠤᠢᠯᠠᠯ ᠤ᠋ᠨ ᠨᠠᠷᠢᠨ ᠲᠠᠨᠭᠰᠠ᠂ ᠨᠢᠭᠡ ᠦᠶ᠋ᠯᠡᠴᠢᠯᠡᠭᠡᠨ ᠤ᠋ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠰᠠᠭᠠᠳ ᠥᠬᠡᠶ ᠨᠡᠪᠳᠡᠷᠡᠬᠦ ᠵᠠᠮ᠂ ᠨᠢᠭᠡ ᠲᠣᠬᠢᠷᠠᠭᠤᠯᠤᠯᠲᠠ ᠢ᠋ᠢᠨ ᠠᠴᠢᠶᠠᠯᠠᠪᠤᠷᠢ᠂ ᠨᠢᠭᠡ ᠥᠨᠳᠥᠷ ᠪᠦᠲᠦᠮᠵᠢᠲᠡᠶ ᠠᠵᠢᠯ ᠤ᠋ᠨ ᠲᠣᠭ᠍ᠲᠠᠴᠠ ᠵᠡᠷᠬᠡ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ᠌᠎ᠶ᠋ᠢ ᠠᠬᠢᠭᠤᠯᠬᠤ 《ᠳᠥᠷᠪᠡᠨ ᠨᠢᠭᠡ ᠢ᠋ᠢᠨ ᠲᠣᠭ᠍ᠲᠠᠴᠠ》 ᠢ᠋ᠢ ᠪᠠᠢᠭᠤᠯᠵᠤ᠂ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠶ᠋ᠢ ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠪᠡᠷ ᠠᠬᠢᠭᠤᠯᠵᠤ ᠪᠠᠢᠨ᠎ᠠ᠃

ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ᠌ ᠨᠢ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠣᠭᠣᠮᠲᠠ ᠱᠢᠪᠲᠤᠯᠬᠤ ᠪᠠ ᠠᠵᠤ ᠦᠢᠯᠡᠰ ᠤ᠋ᠨ ᠳᠡᠰ ᠳᠡᠪᠱᠢᠬᠦ᠌ ᠢ᠋ᠢᠨ《ᠲᠦᠷᠭᠡᠳᠭᠡᠭᠦᠷ》 ᠪᠤᠯᠵᠤ᠂ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠪᠠᠯ ᠪᠦᠬᠦ ᠤᠯᠤᠰ ᠤ᠋ᠨ ᠵᠠᠩᠭᠢᠯᠠᠭ᠎ᠠ ᠢ᠋ᠢᠨ ᠮᠡᠷᠭᠡᠵᠢᠯ ᠤ᠋ᠨ ᠱᠢᠪᠲᠤᠯᠤᠯᠲᠠ ᠳ᠋ᠤ ᠴᠢᠬᠤᠯᠠ ᠲᠤᠰᠠᠯᠠᠮᠵᠢ ᠬᠠᠩᠭᠠᠪᠠ᠃ ᠡᠸᠦ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠳᠤ ᠺᠤᠮᠫᠠᠨᠢ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ ᠪᠠᠯᠠ ᠬᠤᠷᠠᠮᠳᠤᠭᠤᠯᠬᠤ ᠪᠠᠷ ᠲᠠᠮᠵᠢᠨ ᠰᠤᠳᠤᠯᠤᠨ ᠨᠡᠭᠡᠭᠡᠬᠦ᠌ ᠣᠷᠣᠭᠤᠯᠤᠯᠲᠠ ᠪᠠᠨ ᠶᠡᠬᠡ ᠪᠡᠷ ᠨᠡᠮᠡᠭ᠌ᠳᠡᠭᠦᠯᠵᠦ᠍᠂ ᠲᠠᠩ ᠭᠠᠭ᠍ᠴᠠ ᠦᠶ᠋ᠯᠡᠳᠬᠦᠨ ᠪᠠᠢᠭ᠍ᠰᠠᠨ ᠢ᠋ 《ᠬᠡᠷᠡᠯᠴᠢ ᠴᠡᠨᠡᠭ + ᠬᠠᠭᠠᠰ ᠳᠠᠮᠵᠢᠭᠤᠯᠤᠭ᠍ᠴᠢ》 ᠲᠡᠢᠰᠢ ᠠᠮᠵᠢᠯᠲᠠ ᠲᠠᠢ ᠪᠠᠷ ᠥᠷᠭᠡᠵᠢᠬᠦᠯᠪᠡ;ᠲᠢᠶᠠᠨ ᠾᠧ ᠰᠣᠷᠢᠨᠵᠢᠨ ᠮᠠᠲ᠋ᠧᠷᠢᠶᠠᠯ ᠤ᠋ᠨ ᠬᠢᠵᠠᠭᠠᠷᠳᠤ ᠺᠤᠮᠫᠠᠨᠢ ᠪᠤᠯᠤᠨ ᠶᠢᠩ ᠰᠧ ᠲᠧ ᠬᠤᠪᠤᠷ ᠰᠢᠷᠤᠢ ᠢ᠋ᠢᠨ ᠰᠤᠷᠢᠨᠵᠢᠨ ᠰᠢᠨ᠎ᠡ ᠮᠠᠲ᠋ᠸᠷᠢᠶᠠᠯ ᠤ᠋ᠨ ᠬᠢᠵᠠᠭᠠᠷᠳᠤ ᠺᠤᠮᠫᠠᠨᠢ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ᠂ ᠪᠤᠭᠤᠲᠤ ᠢ᠋ᠢᠨ ᠪᠣᠯᠣᠳ ᠲᠡᠮᠦᠷ ᠤ᠋ᠨ ᠪᠦᠯᠦᠭᠯᠡᠯ ᠤ᠋ᠨ ᠪᠤᠯᠤᠳ ᠤ᠋ᠨ ᠬᠤᠯᠪᠤᠭ᠎ᠠ ᠢ᠋ᠢᠨ ᠬᠢᠵᠠᠭᠠᠷᠳᠤ ᠺᠣᠮᠫᠠᠨᠢ ᠪᠤᠯᠤᠨ ᠤᠮᠠᠷᠠᠲᠤ ᠢ᠋ᠢᠨ ᠬᠣᠪᠣᠷ ᠱᠢᠷᠣᠶ ᠢ᠋ᠢᠨ ᠪᠦᠯᠦᠭᠯᠡᠯ ᠤ᠋ᠨ ᠲᠡᠬᠡᠳᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠬᠢᠵᠠᠭᠠᠷᠳᠤ ᠺᠤᠮᠫᠠᠨᠢ ᠲᠠᠢ ᠬᠠᠮᠳᠤ ᠪᠡᠷ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠵᠢᠭ᠍ᠰᠠᠭᠠᠯ ᠢ᠋ ᠪᠦᠷᠢᠯᠳᠦᠬᠦᠯᠵᠤ᠂ ᠪᠤᠭᠤᠲᠤ ᠬᠣᠲᠠ ᠳ᠋ᠤ ᠪᠥᠬᠥ᠌ ᠤᠯᠤᠰ ᠤ᠋ᠨ ᠬᠠᠮᠤᠭ ᠤ᠋ᠨ ᠶᠡᠬᠡ ᠬᠣᠪᠣᠷ ᠱᠢᠷᠣᠶ ᠢ᠋ᠢᠨ ᠱᠢᠨ᠎ᠡ ᠮᠠᠲ᠋ᠧᠷᠢᠶᠠᠯ ᠤ᠋ᠨ ᠰᠠᠭᠤᠷᠢᠨ ᠪᠠ ᠪᠥᠬᠥ᠌ ᠳᠡᠯᠡᠬᠡᠶ ᠳ᠋ᠤ ᠤᠷᠤᠢᠯᠠᠭᠰᠠᠨ ᠬᠣᠪᠣᠷ ᠱᠢᠷᠣᠶ ᠢ᠋ᠢᠨ ᠬᠡᠷᠡᠭ᠌ᠯᠡᠭᠡᠨ ᠤ᠋ ᠰᠠᠭᠤᠷᠢᠨ ᠢ᠋ ᠪᠥᠲᠥᠭᠡᠨ ᠪᠠᠢᠭᠤᠯᠬᠤ ᠳ᠋ᠤ᠌ ᠬᠦᠴᠦᠨ ᠨᠡᠮᠡᠷᠢᠯᠡᠪᠡ; ᠱᠤᠸᠠᠩ ᠱᠢᠨ ᠺᠣᠮᠫᠠᠨᠢ ᠰᠲ᠋ᠣᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠵᠤ ᠪᠡᠯᠡ ᠮᠦᠩᠬᠦ ᠴᠤᠭᠯᠠᠭᠤᠯᠬᠤ ᠪᠡᠷ ᠳᠡᠮᠵᠢᠨ PVB ᠴᠢᠳᠠᠮᠵᠢᠳᠤ ᠪᠦᠷᠬᠦᠭᠦᠯ ᠤ᠋ᠨ ᠲᠥᠷᠥᠯ ᠵᠦᠶ᠋ᠯ ᠢ᠋ ᠪᠥᠲᠥᠭᠡᠨ ᠪᠠᠢᠭᠤᠯᠬᠤ ᠪᠠᠷ ᠲᠥᠯᠥᠪᠯᠡᠵᠦ᠍᠂ 《ᠪᠣᠭᠣᠮᠢ》 ᠵᠢᠨ ᠮᠡᠷᠭᠡᠵᠢᠯ ᠢ᠋ ᠱᠢᠪᠲᠤᠯᠤᠨ᠂ 100% ᠪᠡᠷ ᠤᠯᠤᠰ ᠲᠠᠭᠠᠨ ᠦᠶ᠋ᠯᠡᠳᠪᠦᠷᠢᠯᠡᠬᠦ᠎ᠶ᠋ᠢ ᠪᠡᠶᠡᠯᠡᠬᠦᠯᠬᠦ ᠪᠤᠯᠤᠨ᠎ᠡ᠃

ᠰᠲ᠋ᠣᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭ᠍ᠰᠠᠨ ᠺᠣᠮᠫᠠᠨᠢ ᠠᠰᠢᠭ ᠲᠠᠢ ᠲᠤᠬᠢᠶᠠᠯ ᠢ᠋ ᠠᠮᠵᠢᠨ ᠬᠦᠴᠦᠯᠡᠨ ᠴᠢᠷᠮᠠᠢᠵᠤ᠂ ᠥᠪᠡᠷᠲᠡᠭᠡᠨ ᠵᠠᠰᠠᠬᠤ ᠣᠷᠣᠨ ᠤ᠋ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠬᠤ ᠳ᠋ᠤ ᠬᠦᠴᠦᠨ ᠨᠡᠮᠡᠷᠢᠯᠡᠪᠡ᠃ ᠳ᠋ᠠ ᠵᠥᠩ ᠠᠭᠤᠷᠬᠠᠢ ᠢ᠋ᠢᠨ ᠦᠢᠯᠡᠰ ᠤ᠋ᠨ ᠬᠢᠵᠠᠭᠠᠷᠳᠤ ᠺᠤᠮᠫᠠᠨᠢ  ᠬᠥᠷᠥᠩᠭᠡ ᠢ᠋ᠢᠨ ᠵᠠᠬ᠎ᠠ ᠳᠡᠯᠭᠡᠭᠦᠷ ᠲᠦ᠍ ᠲᠦᠰᠢᠭᠯᠡᠨ《ᠲᠡᠮᠦᠷ ᠤ᠋ᠨ ᠠᠭᠤᠷᠬᠠᠢ + ᠯᠢᠲ᠋ᠢ ᠢ᠋ᠢᠨ ᠠᠭᠤᠷᠬᠠᠢ》 ᠢ᠋ᠢᠨ ᠬᠣᠣᠰ ᠬᠦᠷᠳᠦ᠍ ᠪᠡᠷ ᠬᠥᠳᠡᠯᠭᠡᠭᠦᠷ ᠪᠣᠯᠭᠠᠬᠤ ᠶ᠋ᠢ ᠪᠡᠶᠡᠯᠡᠭᠦᠯᠵᠦ᠍᠂ ᠤᠯᠠᠭᠠᠨᠬᠠᠳᠠ ᠢ᠋ᠢᠨ ᠵᠢᠶ ᠯᠦᠩ ᠱᠢᠵᠢᠷ ᠠᠯᠲᠠᠨ ᠤ᠋ ᠠᠭᠤᠷᠬᠠᠶ ᠢ᠋ᠢᠨ ᠦᠶ᠋ᠯᠡᠰ ᠤ᠋ᠨ ᠬᠢᠵᠠᠭᠠᠷᠲᠤ ᠺᠣᠮᠫᠠᠨᠢ ᠪᠡᠯᠡ ᠮᠦᠩᠬᠦ ᠴᠤᠭᠯᠠᠭᠤᠯᠤᠨ ᠭᠠᠳᠠᠭᠠᠳᠤ ᠳ᠋ᠠᠬᠢ ᠠᠯᠲᠠᠨ ᠤ᠋ ᠠᠭᠤᠷᠬᠠᠢ ᠢ᠋ᠢᠨ ᠭᠠᠷᠤᠯᠲᠠ ᠶ᠋ᠢ ᠥᠷᠭᠡᠳᠭᠡᠵᠦ᠍᠂ ᠴᠤᠸᠠᠩ ᠰᠢᠨ ᠱᠢ ᠶᠸ ᠪᠦᠯᠦᠭᠯᠡᠯ ᠤ᠋ᠨ ᠬᠢᠵᠠᠭᠠᠷᠳᠤ ᠺᠤᠮᠫᠠᠨᠢ ᠰᠲ᠋ᠤᠺ ᠢ᠋ᠢᠡᠨ ᠵᠠᠬ᠎ᠡ ᠲᠡᠯᠬᠡᠬᠦᠷ ᠲᠦ᠍ ᠠᠨᠭᠬ᠎ᠡ ᠲᠠᠷᠬᠠᠭᠠᠵᠤ ᠪᠡᠯᠡ ᠬᠤᠷᠠᠮᠳᠤᠭᠤᠯᠬᠤ ᠪᠡᠷ ᠲᠠᠮᠵᠢᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠡᠨᠧᠷᠭᠢ ᠢ᠋ᠢᠨ ᠪᠦᠲᠦᠭᠡᠨ ᠪᠠᠢᠭᠤᠯᠤᠯᠲᠠ ᠪᠠ ᠰᠠᠦ᠋ᠳ᠋ ᠤ᠋ᠨ ᠠᠷᠠᠪ ᠤ᠋ᠨ 50 ᠲᠦᠮᠡᠨ ᠲᠣᠨ ᠤ᠋ ᠴᠠᠬᠢᠯᠭᠠᠨ ᠵᠠᠳᠠᠯᠤᠯ ᠤ᠋ᠨ ᠬᠥᠩᠭᠡᠨ ᠴᠠᠭᠠᠨ ᠤ᠋ ᠲᠥᠷᠥᠯ ᠵᠦᠢᠯ ᠳ᠋ᠤ ᠬᠡᠷᠡᠭ᠌ᠯᠡᠵᠦ᠍᠂ ᠳ᠋ᠠ ᠳᠠᠩ ᠡᠮ ᠤ᠋ᠨ ᠦᠢᠯᠡᠰ᠂ ᠥᠪᠥᠷ ᠮᠣᠩᠭᠣᠯ ᠤ᠋ᠨ ᠱᠢᠨ ᠬᠤᠸᠠ ᠲᠠᠷᠬᠠᠭᠠᠯᠳᠡ ᠵᠡᠷᠭᠡ ᠺᠤᠮᠫᠠᠨᠢ ᠦᠨᠳᠦᠰᠦᠲᠡᠨ ᠤ᠋ ᠡᠮ ᠲᠠᠩ ᠢ᠋ ᠰᠤᠳᠤᠯᠤᠨ ᠨᠡᠭᠡᠭᠡᠬᠦ᠌ ᠪᠠ ᠣᠯᠠᠨ ᠨᠡᠢᠲᠡ ᠢ᠋ᠢᠨ ᠰᠣᠶᠣᠯ ᠤ᠋ᠨ ᠬᠦᠷᠢᠶᠡᠨ ᠳ᠋ᠤ ᠢᠳᠡᠪᠬᠢᠲᠡᠢ ᠠᠵᠢᠯᠯᠠᠵᠤ᠂ ᠶᠸᠤ ᠷᠠᠨ ᠮᠠᠯ ᠠᠵᠤ ᠠᠬᠤᠢ᠂ ᠴᠢ ᠱᠢ ᠰᠦ ᠢ᠋ᠢᠨ ᠦᠢᠯᠡᠰ ᠵᠡᠷᠭᠡ ᠺᠤᠮᠫᠠᠨᠢ ᠤᠢᠷ᠎ᠡ ᠬᠠᠪᠢ ᠢ᠋ᠢᠨ ᠲᠠᠷᠢᠶᠠᠯᠠᠬᠤ ᠡᠷᠦᠬᠡ᠂ ᠲᠤᠰᠬᠠᠢ ᠬᠣᠷᠱᠢᠶ᠎ᠠ ᠯᠤᠭ᠎ᠠ ᠬᠠᠷᠢᠯᠴᠠᠨ ᠠᠱᠢᠭ᠍ᠲᠠᠢ ᠬᠠᠮᠲᠤᠷᠠᠨ ᠠᠵᠢᠯᠯᠠᠬᠤ ᠵᠠᠭ᠍ᠪᠤᠷ ᠢ᠋ ᠪᠠᠢᠭᠤᠯᠤᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠵᠤ ᠪᠠᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠪᠥᠬᠥ᠌ ᠣᠷᠣᠨ ᠤ᠋ ᠠᠭᠤᠷᠬᠠᠶ ᠮᠠᠯᠲᠠᠬᠤ᠂ ᠲᠡᠮᠦᠷᠯᠢᠭ ᠪᠠ ᠲᠡᠮᠦᠷᠯᠢᠭ ᠪᠤᠰᠤ ᠵᠢᠨ ᠤᠢᠯᠡᠳᠬᠡᠯ᠂ ᠬᠢᠮᠢ ᠢ᠋ᠢᠨ ᠠᠵᠤ ᠦᠶ᠋ᠯᠡᠳᠪᠦᠷᠢ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠤᠯᠪᠠᠰᠤᠷᠠᠭᠤᠯᠬᠤ ᠵᠡᠷᠭᠡ ᠠᠵᠢᠯ ᠲᠥᠷᠥᠯ ᠤ᠋ᠨ ᠠᠵᠤ ᠠᠬᠤᠢᠯᠠᠯ ᠤ᠋ᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ ᠪᠠᠯᠠ ᠬᠤᠷᠠᠮᠳᠤᠭᠤᠯᠭ᠎ᠠ ᠨᠡᠢᠳᠡ 171.57 ᠳ᠋ᠦᠩᠱᠢᠭᠤᠷ ᠲᠥᠭᠥᠷᠢᠭ ᠲᠦ᠍ ᠬᠦᠷᠴᠦ᠍᠂ ᠥᠪᠡᠷᠲᠡᠭᠡᠨ ᠵᠠᠰᠠᠬᠤ ᠣᠷᠣᠨ ᠤ᠋ 《ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ ᠶ᠋ᠢ ᠬᠦᠴᠦᠲᠡᠶ ᠳᠡᠮᠵᠢᠪᠡ᠃

ᠬᠥᠷᠥᠩᠭᠡ ᠢ᠋ᠢᠨ ᠵᠠᠬ᠎ᠠ ᠳᠡᠯᠭᠡᠭᠦᠷ ᠤ᠋ᠨ ᠬᠦᠴᠦᠳᠤ ᠤᠷᠤᠰᠬᠠᠯ ᠤ᠋ᠨ ᠲᠤᠮᠳᠠ ᠥᠪᠥᠷ ᠮᠣᠩᠭᠣᠯ ᠦᠯᠡᠮᠵᠢ ᠠᠮᠵᠢᠯᠳᠡ ᠤᠯᠪᠠ᠃ 《2026 ᠣᠨ ᠳ᠋ᠤ ᠥᠪᠥᠷ ᠮᠣᠩᠭᠣᠯ 〈ᠠᠵᠢᠨᠠᠢ ᠲᠥᠯᠥᠪᠯᠡᠭᠡ〉 ᠵᠢ ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ ᠢ᠋ ᠬᠠᠪᠰᠤᠷᠤᠨ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠳ᠋ᠤ᠌ ᠬᠢᠨᠠᠨ ᠬᠠᠷᠭᠤᠭᠤᠯᠬᠤ ᠶᠠᠪᠤᠴᠡ ᠳ᠋ᠡᠬᠢ ᠬᠦᠴᠢᠷᠳᠡᠯ ᠪᠠ ᠲᠦᠭ᠌ᠵᠢᠷᠡᠯ ᠢ᠋ ᠴᠠᠭ ᠲᠤᠬᠠᠢ ᠳ᠋ᠤᠨᠢ ᠱᠢᠢᠳᠪᠦᠷᠢᠯᠡᠵᠦ᠍᠂ ᠠᠵᠤ ᠠᠬᠤᠢᠯᠡᠯ ᠤ᠋ᠨ ᠲᠠᠰᠤᠯᠳᠡᠭᠤᠯᠤᠯ ᠦᠬᠡᠢ ᠪᠡᠷ ᠰᠲ᠋ᠤᠺ ᠢ᠋ᠢᠡᠨ ᠵᠠᠬ᠎ᠠ ᠳᠡᠯᠭᠡᠭᠦᠷ ᠲᠦ᠍ ᠭᠠᠷᠭᠠᠬᠤ ᠶ᠋ᠢ ᠦᠨᠡᠨ ᠬᠦ᠌ ᠪᠠᠲᠤᠯᠠᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠮᠥᠩᠭᠥᠨ ᠭᠦᠶ᠋ᠯᠭᠡᠭᠡᠨ ᠤ᠋ ᠠᠵᠢᠯ ᠤ᠋ᠨ ᠠᠯᠪᠠᠨ ᠬᠡᠷ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号