ᠬᠦᠬᠡᠬᠤᠲᠠ ᠭᠤᠷᠪᠠᠨ ᠲᠠᠯ᠎ᠠ ᠪᠠᠷ ᠬᠦᠴᠤᠯᠠᠵᠤ ᠣᠯᠠᠨ ᠲᠦᠮᠡᠨ᠎ᠤ ᠠᠵᠢᠯ ᠶᠠᠪᠤᠳᠠᠯ ᠬᠦᠢᠴᠡᠳᠭᠡᠬᠦ᠎ᠳᠤ ᠶᠡᠬᠡᠪᠡᠷ ᠲᠦᠬᠦᠮ ᠦᠵᠡᠬᠦᠯᠵᠤ ᠪᠤᠢ
2026-03-29 10:54:02
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

《ᠥᠩᠭᠡᠷᠡᠭ᠌ᠰᠡᠨ ᠳ᠋ᠤ ᠠᠵᠢᠯ ᠶᠠᠪᠤᠳᠠᠯ ᠭᠦᠢᠴᠡᠳᠭᠡᠬᠦ ᠳ᠋ᠤ ᠬᠡᠨ ᠢ᠋ ᠭᠤᠶᠤᠬᠤ ᠪᠢᠯᠡ ᠭᠡᠵᠦ ᠰᠠᠨᠠᠭᠠᠰᠢᠷᠠᠳᠠᠭ ᠪᠠᠢᠵᠠᠢ᠃ ᠤᠳᠤ ᠠᠵᠢᠯ ᠶᠠᠪᠤᠳᠠᠯ ᠭᠦᠢᠴᠡᠳᠭᠡᠬᠦ ᠳ᠋ᠤ ᠤᠷᠢᠳᠠᠪᠠᠷ ᠶᠠᠪᠤᠳᠠᠯ ᠭᠦᠢᠴᠡᠳᠭᠡᠬᠦ ᠵᠦᠭ᠌ᠯᠡᠭᠦᠷ ᠢ᠋ ᠨᠢ ᠦᠵᠡᠪᠠᠯ ᠪᠤᠯᠴᠢᠬᠠᠨ᠎ᠠ ᠳ᠋ᠠ》 ᠭᠡᠰᠡᠨ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠦᠶ᠋ᠯᠡᠴᠢᠯᠡᠭᠡᠨ ᠤ᠋ ᠲᠢᠩᠬᠢᠮ ᠳ᠋ᠡᠬᠢ ᠨᠢᠭᠡᠨ ᠬᠣᠲᠠ ᠶ᠋ᠢᠨ ᠠᠷᠠᠳ ᠤ᠋ᠨ ᠪᠡᠶᠡᠴᠢ ᠲᠥᠷᠥᠭ᠌ᠳᠡᠯ ᠨᠢ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠦᠶ᠋ᠯᠡᠴᠢᠯᠡᠭᠡᠨ ᠤ᠋ ᠱᠢᠨ᠎ᠡ ᠬᠤᠪᠢᠷᠠᠯᠲᠠ ᠵᠢ ᠲᠤᠰᠭᠠᠪᠠ᠃

2025 ᠣᠨ ᠤ᠋ 10 ᠰᠠᠷ᠎ᠠ᠎ᠳᠤ 《ᠬᠦᠮᠤᠨ᠎ᠡᠷᠢᠬᠦ ᠦᠭᠡᠢ ᠪᠠᠷ ᠠᠵᠢᠯ ᠶᠠᠪᠤᠳᠠᠯ ᠭᠦᠶ᠋ᠴᠡᠳᠭᠡᠬᠦ》 ᠲᠤᠰᠭᠠᠶ ᠠᠵᠢᠯᠯᠠᠭ᠎ᠠ᠎ᠵᠢ ᠡᠬᠢᠯᠡᠬᠦᠯᠦᠭᠰᠡᠨ ᠡᠴᠡ ᠨᠠᠭᠠᠰᠢ᠂ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠎ᠵᠢᠨ ᠬᠢᠨ ᠬᠡᠳᠦᠨ ᠰᠠᠷ᠎ᠠ ᠶ᠋ᠢᠨ ᠬᠠᠢᠨ ᠰᠥᠪᠡᠭ᠌ᠴᠢᠯᠡᠯᠲᠡ ᠪᠠ ᠦᠶ᠋ᠯᠡᠳᠦᠯᠭᠡ ᠪᠡᠷ ᠳᠠᠮᠵᠢᠭᠤᠯᠤᠨ᠂  ᠠᠷᠠᠳ ᠤ᠋ᠨ ᠠᠮᠢᠳᠤᠷᠠᠯ ᠎ᠳᠤ ᠦᠨᠡᠨ ᠪᠤᠳᠠᠲᠠᠢ ᠦᠢᠯᠡᠴᠢᠯᠡᠬᠦ ᠱᠢᠯᠭᠠᠯᠲᠠ ᠶ᠋ᠢᠨ ᠬᠠᠭᠤᠳᠠᠰᠤ ᠵᠢ ᠲᠤᠱᠢᠶᠠᠪᠠ ᠃

《ᠬᠦᠮᠤᠨ ᠡᠷᠢᠬᠦ ᠦᠭᠡᠢ ᠪᠠᠷ ᠠᠵᠢᠯ ᠶᠠᠪᠤᠳᠠᠯ ᠭᠦᠶ᠋ᠴᠡᠳᠭᠡᠬᠦ》 ᠲᠤᠰᠭᠠᠶ ᠠᠵᠢᠯᠯᠠᠭ᠎ᠠ ᠵᠢ ᠥᠷᠨᠢᠭᠦᠯᠦᠭ᠌ᠰᠡᠨ ᠡᠴᠡ ᠨᠠᠭᠠᠰᠢ᠂ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠬᠢᠨ 《ᠠᠵᠢᠯ ᠡᠴᠡ ᠪᠣᠯᠤᠭ᠍ᠰᠠᠨ ᠭᠡᠮᠲᠦᠯ ᠢ᠋ ᠮᠠᠭᠠᠳᠯᠠᠨ ᠲᠣᠭ᠍ᠲᠠᠭᠠᠬᠤ ᠳ᠋ᠤ ᠳᠡᠪᠰᠢᠭᠦᠯᠬᠦ ᠮᠠᠲᠸᠷᠢᠶᠠᠯ ᠢ᠋ ᠨᠢᠭᠡ ᠯᠡ ᠤᠳᠠᠭ᠎ᠠ ᠳᠡᠭᠡᠷ᠎ᠡ ᠨᠥᠬᠥᠪᠥᠷᠢᠯᠡᠨ ᠵᠠᠯᠠᠷᠠᠭᠤᠯᠬᠤ ᠮᠡᠳᠡᠭ᠌ᠳᠡᠯ ᠤ᠋ᠨ ᠪᠢᠴᠢᠭ》  ᠢ᠋ ᠰᠦᠯᠵᠢᠶᠡᠨ ᠳᠡᠭᠡᠷ᠎ᠡ ᠬᠦᠷᠭᠡᠬᠦ᠌ ᠵᠢ ᠭᠦᠢᠴᠡᠳᠭᠡᠵᠦ᠂ ᠳᠡᠪᠰᠢᠭᠦᠯᠦᠭᠰᠡᠨ ᠮᠠᠲ᠋ᠧᠷᠢᠶᠠᠯ ᠨᠢ ᠪᠦᠷᠢᠨ ᠪᠤᠰᠤ ᠦᠶ᠎ᠡ ᠳ᠋ᠤ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ ᠢ᠋ ᠨᠢᠭᠡ ᠯᠡ ᠤᠳᠠᠭ᠎ᠠ ᠳᠡᠭᠡᠷ᠎ᠡ ᠲᠤᠲᠤᠷᠬᠠᠢ ᠵᠢᠭ᠍ᠰᠠᠭᠠᠵᠤ᠂ ᠭᠤᠶᠤᠴᠢᠯᠠᠭ᠍ᠴᠢ ᠶ᠋ᠢᠨ ᠣᠯᠠᠨ ᠤᠳᠠᠭ᠎ᠠ ᠮᠠᠲ᠋ᠧᠷᠢᠶᠠᠯ ᠳᠡᠪᠰᠢᠭᠦᠯᠬᠦ ᠠᠰᠠᠭᠤᠳᠠᠯ ᠢ᠋ ᠱᠢᠶ᠋ᠳᠪᠦᠷᠢᠯᠡᠪᠡ; 《ᠲᠦᠷᠭᠡᠨ ᠰᠢᠢᠳᠪᠦᠷᠢᠯᠡᠬᠦ ᠪᠠ ᠤᠳᠠᠭᠠᠨ ᠰᠢᠢᠳᠪᠦᠷᠢᠯᠡᠬᠦ ᠶᠠᠪᠤᠳᠠᠯ ᠢ᠋ ᠰᠠᠯᠭᠠᠬᠤ 》 ᠱᠢᠶ᠋ᠳᠪᠦᠷᠢᠯᠡᠬᠦ᠌ ᠲᠣᠭ᠍ᠲᠠᠴᠠ ᠵᠢ ᠪᠠᠢᠭᠤᠯᠵᠤ᠂ ᠪᠣᠳᠠᠲᠤ ᠶᠠᠪᠤᠳᠠᠯ ᠨᠢ ᠲᠣᠳᠣᠷᠬᠠᠶ᠂ ᠡᠷᠬᠡ ᠡᠭᠦᠷᠭᠡ ᠨᠢ ᠲᠣᠳᠣᠷᠬᠠᠶ ᠳᠥᠭᠥᠮ ᠬᠡᠷᠡᠭ ᠢ᠋ ᠲᠦᠷᠭᠡᠨ ᠰᠢᠢᠳᠪᠦᠷᠢᠯᠡᠬᠦ ᠨᠡᠪᠲᠡᠷᠡᠬᠦ ᠵᠠᠮ ᠳ᠋ᠤ ᠣᠷᠣᠭᠤᠯᠵᠤ᠂ 10 ᠡᠳᠦᠷ ᠤ᠋ᠨ ᠳᠣᠲᠣᠷ᠎ᠠ ᠱᠢᠶ᠋ᠳᠪᠦᠷᠢᠯᠡᠵᠦ᠍ ᠳᠠᠭᠤᠰᠭᠠᠬᠤ ᠪᠡᠷ ᠠᠮᠠᠯᠳᠠᠪᠠ; ᠤᠯᠠᠨ ᠲᠠᠯ᠎ᠠ ᠪᠠᠷ ᠵᠢᠭᠠᠨ ᠵᠢᠯᠤᠭᠤᠳᠬᠤ᠎ᠵᠢ ᠡᠷᠴᠢᠮᠳᠠᠢ ᠶᠠᠪᠤᠭᠳᠠᠭᠤᠯᠵᠤ᠂ ᠰᠦᠯᠵᠢᠶᠡᠨ ᠳᠡᠭᠡᠷ᠎ᠡ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠠᠯᠪᠠᠨ ᠰᠦᠯᠵᠢᠶ᠎ᠡ᠂ 《ᠬᠥᠬᠡᠬᠣᠲᠠ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ》 ᠶ᠋ᠢᠨ ᠣᠯᠠᠨ ᠨᠡᠢᠲᠡ ᠶ᠋ᠢᠨ ᠲᠠᠪᠴᠠᠩ᠂ ᠲᠤᠬᠠᠢ ᠶ᠋ᠢᠨ ᠲᠠᠯᠠᠪᠤᠷ ᠲᠦ᠍ ᠲᠢᠩᠬᠢᠮ ᠤ᠋ᠨ ᠦᠵᠡᠭᠦᠯᠭᠡ ᠶ᠋ᠢᠨ ᠰᠠᠮᠪᠠᠷ᠎ᠠ᠂ ᠤᠬᠠᠭᠤᠯᠭ᠎ᠠ ᠶ᠋ᠢᠨ ᠭᠠᠷ ᠠᠪᠤᠯᠭ᠎ᠠ ᠳᠠᠮᠵᠢᠭᠤᠯᠤᠨ ᠠᠵᠢᠯ ᠡᠴᠡ ᠪᠣᠯᠤᠭ᠍ᠰᠠᠨ ᠭᠡᠮᠲᠦᠯ ᠢ᠋ ᠮᠠᠭᠠᠳᠯᠠᠨ ᠲᠣᠭ᠍ᠲᠠᠭᠠᠬᠤ ᠤᠴᠢᠷ ᠶᠠᠪᠤᠳᠠᠯ ᠭᠦᠢᠴᠡᠳᠭᠡᠬᠦ ᠵᠦᠭ᠌ᠯᠡᠭᠦᠷ ᠢ᠋ ᠢᠵᠢᠯ ᠠᠯᠬᠤᠮ ᠢ᠋ᠶ᠋ᠡᠷ ᠨᠡᠢᠲᠡᠯᠡᠵᠦ᠂ ᠣᠯᠠᠨ ᠲᠦᠮᠡᠨ ᠢ᠋ 《ᠲᠣᠳᠣᠷᠬᠠᠶ ᠠᠰᠠᠭᠤᠵᠤ ᠴᠢᠳᠠᠬᠤ᠂ ᠦᠵᠡᠵᠦ᠍ ᠣᠢᠯᠠᠭᠠᠬᠤ᠂ ᠭᠦᠢᠴᠡᠳᠭᠡᠵᠦ ᠴᠢᠳᠠᠬᠤ》 ᠪᠣᠯᠭᠠᠪᠠ ᠃

ᠠᠵᠢᠯ ᠠᠯᠳᠠᠬᠰᠠᠳ᠎ᠤᠨ ᠳᠠᠭᠠᠳᠭᠠᠯ ᠤ᠋ᠨ ᠬᠠᠪᠰᠤᠷᠤᠨ ᠭᠦᠶ᠋ᠴᠡᠳᠭᠡᠬᠦ᠌ ᠴᠣᠩᠬᠣᠪᠴᠢ ᠪᠣᠯ ᠶᠡᠬᠡ ᠲᠢᠩᠬᠢᠮ ᠤ᠋ᠨ ᠥᠨᠳᠥᠷ ᠳᠠᠪᠲᠠᠮᠵᠢᠲᠤ ᠲᠤᠬᠠᠢᠯᠠᠭ᠍ᠰᠠᠨ ᠠᠵᠢᠯ ᠭᠦᠢᠴᠡᠳᠭᠡᠬᠦ ᠴᠣᠩᠬᠣᠪᠴᠢ ᠶ᠋ᠢᠨ ᠨᠢᠭᠡ ᠪᠣᠯᠤᠨ᠎ᠠ᠃ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ 《ᠵᠠᠯᠠᠭᠤᠴᠤᠳ ᠤ᠋ᠨ ᠦᠶ᠋ᠯᠡᠴᠢᠯᠡᠭᠡᠨ ᠤ᠋ ᠴᠣᠩᠬᠣᠪᠴᠢ》  ᠶ᠋ᠢᠨ ᠠᠵᠢᠯᠲᠠᠨ ᠯᠢᠦ ᠬᠣᠩ ᠤ᠋ᠨ ᠲᠠᠨᠢᠯᠴᠠᠭᠤᠯᠤᠭ᠍ᠰᠠᠨ ᠢ᠋ᠶ᠋ᠡᠷ᠂ ᠥᠩᠭᠡᠷᠡᠭ᠌ᠰᠡᠨ ᠳ᠋ᠤ ᠣᠯᠠᠨ ᠲᠦᠮᠡᠨ ᠠᠵᠢᠯ ᠠᠯᠳᠠᠬᠰᠠᠳ᠎ᠤᠨ ᠳᠠᠭᠠᠳᠭᠠᠯ ᠤ᠋ᠨ ᠬᠣᠯᠪᠣᠭ᠍ᠳᠠᠯ ᠪᠥᠬᠥᠶ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠬᠦ᠌ ᠳ᠋ᠡᠭᠡᠨ ᠦᠷᠭᠦᠯᠵᠢ ᠠᠳᠠᠯᠢ ᠪᠤᠰᠤ ᠠᠰᠠᠷ ᠤ᠋ᠨ ᠳᠠᠪᠬᠤᠷᠭ᠎ᠠ ᠪᠡᠷ ᠭᠦᠶᠦᠵᠦ᠂ ᠮᠠᠰᠢ ᠶᠡᠬᠡ ᠴᠠᠭ ᠪᠠ ᠬᠦᠴᠦᠨ ᠢ᠋ ᠵᠠᠷᠤᠴᠠᠭᠤᠯᠳᠠᠭ ᠪᠠᠢᠪᠠ᠃ ᠣᠳᠣ ᠲᠣᠰ ᠲᠣᠪᠴᠢᠶ᠎ᠠ ᠶ᠋ᠢᠨ ᠬᠢᠨ 《ᠲᠠᠨ ᠢ᠋ ᠬᠠᠪᠰᠤᠷᠤᠨ ᠭᠦᠶ᠋ᠴᠡᠳᠭᠡᠶ᠎ᠠ》 ᠲᠤᠰᠭᠠᠶ ᠴᠣᠩᠬᠣᠪᠴᠢ ᠭᠠᠷᠭᠠᠵᠤ᠂ ᠲᠤᠰᠭᠠᠶ ᠬᠥᠮᠦᠨ ᠢ᠋ᠶ᠋ᠡᠷ ᠬᠥᠲᠥᠯᠥᠨ ᠵᠢᠯᠣᠭᠣᠳᠤᠯᠵᠤ ᠪᠤᠳᠤᠯᠢᠶᠠᠨᠲᠠᠶ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠭᠦᠯᠬᠦ ᠪᠤᠯᠪᠠ; ᠡᠭᠦᠨ ᠤ᠋ ᠬᠠᠮᠲᠤ ᠲᠠᠩᠰᠠ ᠡᠪᠬᠡᠮᠡᠯ ᠲᠠᠢ ᠬᠣᠯᠪᠣᠭ᠍ᠳᠠᠭ᠍ᠰᠠᠨ ᠠᠵᠢᠯ ᠠᠯᠳᠠᠬᠰᠠᠳ ᠳᠠᠭᠠᠳᠬᠠᠯ ᠤ᠋ᠨ ᠮᠥᠩᠭᠥ᠌ ᠭᠤᠶᠤᠴᠢᠯᠠᠨ ᠠᠪᠬᠤ᠂ ᠠᠵᠢᠯ ᠡᠴᠡ ᠪᠠᠨ ᠠᠮᠠᠷᠠᠬᠤ ᠪᠡᠷ ᠮᠡᠳᠡᠭᠦᠯᠬᠦ᠌ ᠵᠡᠷᠭᠡ ᠵᠦᠶ᠋ᠯᠡᠰ ᠢ᠋ ᠶᠡᠬᠡ ᠲᠢᠩᠬᠢᠮ ᠳ᠋ᠤ ᠲᠥᠪᠯᠡᠷᠡᠭᠦᠯᠦᠨ ᠨᠢᠭᠡᠳᠦᠯᠲᠡᠶ ᠭᠥᠯᠢᠶᠡᠨ ᠠᠪᠴᠤ᠌ ᠱᠢᠶ᠋ᠳᠪᠦᠷᠢᠯᠡᠨ᠂ ᠳᠣᠲᠣᠭᠠᠳᠤ ᠶ᠋ᠢᠨ ᠠᠵᠢᠯ ᠤ᠋ᠨ ᠲᠤᠬᠢᠷᠠᠭᠤᠯᠭ᠎ᠠ ᠶ᠋ᠢᠨ ᠬᠠᠭᠤᠳᠠᠰᠤ ᠵᠢ ᠲᠠᠩᠰᠠ ᠡᠪᠬᠡᠮᠡᠯ ᠤ᠋ᠨ ᠰᠠᠯᠠᠭ᠎ᠠ ᠮᠥᠴᠢᠷ ᠲᠦ᠍ ᠱᠢᠯᠵᠢᠭᠦᠯᠬᠦ᠌ ᠪᠡᠷ ᠳᠠᠮᠵᠢᠭᠤᠯᠤᠨ᠂ 《 ᠨᠢᠭᠡ ᠴᠣᠩᠬᠤᠪᠴᠢ ᠪᠡᠷ ᠭᠥᠯᠢᠶᠡᠨ ᠠᠪᠴᠤ᠌ ᠱᠢᠶ᠋ᠳᠪᠦᠷᠢᠯᠡᠨ᠂ ᠨᠢᠭᠡ ᠯᠡ ᠤᠳᠠᠭ᠎ᠠ ᠳ᠋ᠤ ᠱᠢᠶ᠋ᠳᠪᠦᠷᠢᠯᠡᠵᠦ᠍ ᠳᠠᠭᠤᠰᠭᠠᠬᠤ》  ᠵᠢ ᠦᠨᠡᠨ ᠬᠦ᠌ ᠪᠡᠶᠡᠯᠡᠭᠦᠯᠪᠡ ᠃

ᠭᠠᠷ ᠤᠲᠠᠰᠤ ᠪᠡᠷ ᠭᠦᠢᠴᠡᠳᠭᠡᠬᠦ ᠪᠤᠶᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠤ ᠴᠢᠳᠠᠬᠤ᠌ ᠥᠬᠡᠶ ᠨᠠᠰᠤᠲᠠᠢᠴᠤᠳ ᠪᠠ ᠣᠨᠴᠠᠭᠠᠢ ᠬᠥᠮᠦᠰ ᠲᠦ᠍ ᠴᠢᠭᠯᠡᠭᠦᠯᠦᠨ ᠠᠵᠢᠯᠲᠠᠳ ᠪᠥᠬᠥ᠌ ᠶᠠᠪᠤᠴᠠ ᠳ᠋ᠤ ᠬᠠᠪᠰᠤᠷᠤᠨ ᠭᠦᠶ᠋ᠴᠡᠳᠭᠡᠬᠦ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ ᠪᠠᠢᠨ᠎ᠠ; ᠮᠠᠲ᠋ᠧᠷᠢᠶᠠᠯ ᠨᠢ ᠪᠦᠷᠢᠨ ᠪᠤᠰᠤ ᠪᠣᠯᠪᠠᠴᠤ᠌ ᠳᠤᠲᠠᠭᠤᠳᠠᠯ ᠢ᠋ ᠪᠠᠬᠲᠠᠭᠠᠵᠤ ᠬᠦᠯᠢᠶᠡᠨ ᠠᠪᠴᠤ᠌ ᠱᠢᠶ᠋ᠳᠪᠦᠷᠢᠯᠡᠬᠦ᠌ ᠨᠥᠬᠥᠴᠡᠯ ᠳ᠋ᠤ ᠨᠡᠢᠴᠡᠵᠦ᠍ ᠪᠠᠢᠪᠠᠯ᠂ ᠤᠷᠢᠳᠠᠪᠠᠷ ᠬᠦᠯᠢᠶᠡᠨ ᠠᠪᠴᠤ᠌᠂ ᠳᠠᠷᠠᠭᠠᠴᠢ ᠪᠠᠷ ᠮᠠᠲᠸᠷᠢᠶᠠᠯ ᠢ᠋ ᠨᠥᠬᠥᠵᠦ᠍ ᠲᠤᠱᠢᠶᠠᠵᠤ ᠪᠣᠯᠤᠨ᠎ᠠ ; ᠬᠥᠳᠡᠯᠮᠦᠷᠢ ᠶ᠋ᠢᠨ ᠬᠠᠷᠢᠴᠠᠭ᠎ᠠ ᠶ᠋ᠢᠨ ᠵᠠᠭᠤᠷᠠᠯᠳᠤᠭᠠᠨ ᠵᠡᠷᠭᠡ ᠱᠢᠯᠲᠠᠭᠠᠨ ᠡᠴᠡ ᠪᠣᠯᠤᠭ᠍ᠰᠠᠨ ᠲᠦᠪᠡᠭ᠌ᠲᠡᠢ ᠭᠤᠶᠤᠴᠢᠯᠡᠯ ᠳ᠋ᠤ᠂ ᠲᠤᠰᠭᠠᠶ ᠴᠣᠩᠬᠣᠪᠴᠢ ᠪᠠᠰᠠ ᠬᠠᠤᠯᠢ ᠴᠠᠭᠠᠵᠠ ᠶ᠋ᠢᠨ ᠵᠥᠪᠯᠡᠯᠭᠡ ᠥᠭ᠌ᠬᠦ᠂ ᠬᠥᠨᠳᠡᠯᠡᠨ ᠡᠴᠡ ᠲᠠᠰᠤᠯᠬᠤ ᠪᠡᠷ ᠬᠥᠲᠥᠯᠥᠨ ᠵᠢᠯᠣᠭᠣᠳᠭᠤ ᠵᠡᠷᠭᠡ ᠦᠶ᠋ᠯᠡᠴᠢᠯᠡᠭᠡ ᠵᠢ ᠵᠣᠬᠢᠴᠠᠭᠤᠯᠵᠤ᠂ ᠣᠯᠠᠨ ᠲᠦᠮᠡᠨ ᠢ᠋  ᠰᠠᠨᠠᠭ᠎ᠠ ᠠᠮᠤᠷ ᠤᠴᠢᠷ ᠶᠠᠪᠤᠳᠠᠯ ᠭᠦᠢᠴᠡᠳᠭᠡᠬᠦ ᠪᠣᠯᠭᠠᠪᠠ᠃

ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠠᠵᠢᠯ ᠠᠯᠳᠠᠬᠰᠠᠳ᠎ᠤᠨ ᠳᠠᠭᠠᠳᠭᠠᠯ ᠤ᠋ᠨ ᠰᠠᠯᠠᠭ᠎ᠠ ᠳ᠋ᠤ᠂ ᠠᠵᠢᠯᠲᠠᠳ ᠶᠠᠭ 《ᠲᠣᠭᠠᠴᠢᠯᠠᠭ᠍ᠰᠠᠨ ᠠᠵᠢᠯᠲᠠᠨ》 ᠤ᠋ ᠠᠩᠬ᠎ᠠ ᠬᠢᠨᠠᠯᠲᠠ ᠬᠢᠵᠦ᠍ ᠳᠠᠭᠤᠰᠤᠭ᠍ᠰᠠᠨ ᠲᠤᠬᠠᠢᠯᠠᠭ᠍ᠰᠠᠨ ᠠᠵᠢᠯ ᠢ᠋ ᠳᠠᠬᠢᠨ ᠬᠢᠨᠠᠵᠤ ᠪᠠᠢᠨ᠎ᠠ᠃ ᠥᠩᠭᠡᠷᠡᠭ᠌ᠰᠡᠨ ᠳ᠋ᠤ ᠬᠡᠳᠦᠨ ᠰᠠᠷ᠎ᠠ ᠬᠡᠷᠡᠭ᠌ᠰᠡᠬᠦ᠌ ᠡᠨᠡ ᠬᠦ᠌ ᠠᠩᠬᠠᠨ ᠤ᠋ ᠬᠢᠨᠠᠯᠲᠠ ᠶ᠋ᠢᠨ ᠠᠵᠢᠯ ᠢ᠋ 《 ᠲᠣᠭᠠᠴᠢᠯᠠᠭ᠍ᠰᠠᠨ ᠠᠵᠢᠯᠲᠠᠨ 》  ᠤ᠋ ᠤᠶᠤᠨᠴᠢ ᠬᠢᠨᠠᠯᠲᠠ ᠶ᠋ᠢᠨ ᠱᠢᠰᠲ᠋ᠧᠮ ᠪᠥᠬᠥ᠌ ᠲᠠᠯ᠎ᠠ ᠪᠡᠷ ᠭᠥᠯᠢᠶᠡᠨ ᠠᠪᠴᠠᠶ ᠃

《〈 ᠲᠣᠭᠠᠴᠢᠯᠠᠭ᠍ᠰᠠᠨ ᠠᠵᠢᠯᠲᠠᠨ〉 ᠢ᠋ᠶ᠋ᠡᠷ ᠳᠡᠮᠵᠢᠨ᠂ ᠪᠢᠳᠡ 1 ᠰᠠᠷ᠎ᠠ ᠶ᠋ᠢᠨ ᠳᠣᠲᠣᠷ᠎ᠠ ᠣᠢᠷ᠎ᠠ ᠶ᠋ᠢᠨ ᠨᠢᠭᠡ ᠵᠢᠯ ᠤ᠋ᠨ  ᠠᠵᠢᠯ ᠠᠯᠳᠠᠬᠰᠠᠳ᠎ᠤᠨ ᠳᠠᠭᠠᠳᠭᠠᠯ ᠤ᠋ᠨ ᠮᠥᠩᠭᠥ᠌ ᠪᠠᠨ ᠠᠪᠴᠤ᠌ ᠥᠪᠡᠰᠦᠪᠡᠨ ᠡᠮ ᠡᠮᠨᠡᠯᠭᠡ ᠶ᠋ᠢᠨ ᠳᠠᠭᠠᠳᠭᠠᠯ ᠲᠤᠰᠢᠶᠠᠬᠰᠠᠨ ᠬᠦᠮᠦᠰ ᠤ᠋ᠨ ᠡᠮ ᠡᠮᠨᠡᠯᠭᠡ ᠶ᠋ᠢᠨ ᠳᠠᠭᠠᠳᠬᠠᠯ ᠤ᠋ᠨ ᠰᠦᠶ᠋ᠳᠭᠡᠯ ᠪᠤᠴᠠᠭᠠᠬᠤ ᠵᠢ ᠨᠡᠢᠲᠡ 1 ᠲᠦᠮᠡ ᠭᠠᠷᠤᠶ ᠤᠳᠠᠭ᠎ᠠ ᠭᠦᠢᠴᠡᠳᠬᠡᠵᠤ᠂ ᠳᠠᠭᠠᠳᠭᠠᠯ ᠳ᠋ᠤ ᠣᠷᠣᠯᠴᠠᠭ᠍ᠰᠠᠨ 3000 ᠭᠠᠷᠤᠶ ᠬᠥᠮᠦᠨ ᠳ᠋ᠤ ᠬᠣᠯᠪᠣᠭ᠍ᠳᠠᠵᠠᠶ》᠃ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ᠎ᠵᠢᠨ ᠠᠵᠢᠯ ᠠᠯᠳᠠᠬᠰᠠᠳ᠎ᠤᠨ ᠳᠠᠭᠠᠳᠭᠠᠯ ᠤ᠋ᠨ ᠰᠠᠯᠠᠭᠠᠨ ᠤ᠋ ᠬᠠᠷᠢᠭᠤᠴᠠᠯᠭᠠᠲᠠᠨ ᠤ᠋ ᠲᠠᠨᠢᠯᠴᠠᠭᠤᠯᠤᠭ᠍ᠰᠠᠨ ᠢ᠋ᠶ᠋ᠡᠷ᠂ ᠲᠣᠰ ᠲᠣᠪᠴᠢᠶ᠎ᠠ ᠶ᠋ᠢᠨ ᠬᠢᠨ ᠠᠵᠢᠯ ᠠᠯᠳᠠᠬᠰᠠᠳ᠎ᠤᠨ ᠳᠠᠭᠠᠳᠭᠠᠯ ᠤ᠋ᠨ ᠲᠤᠬᠠᠢᠯᠠᠭ᠍ᠰᠠᠨ ᠠᠵᠢᠯ ᠤ᠋ᠨ ᠬᠢᠨᠠᠯᠲᠠ ᠬᠢᠬᠦ ᠳ᠋ᠤ 《ᠲᠣᠭᠠᠴᠢᠯᠠᠭ᠍ᠰᠠᠨ ᠠᠵᠢᠯᠲᠠᠨ》  ᠢ᠋ ᠣᠷᠣᠭᠤᠯᠤᠨ ᠠᠪᠴᠢᠷᠠᠵᠤ᠂ 7×24 ᠴᠠᠭ ᠢ᠋ᠶ᠋ᠡᠷ ᠲᠠᠰᠤᠷᠠᠯᠲᠠ ᠥᠬᠡᠶ ᠬᠢᠨᠠᠨ ᠬᠠᠷᠭᠤᠭᠤᠯᠬᠤ ᠵᠢ ᠪᠡᠶᠡᠯᠡᠭᠦᠯᠵᠦ᠍᠂ ᠣᠳᠣᠬᠠᠨ ᠳ᠋ᠤ ᠨᠢᠭᠡᠨᠲᠡ ᠠᠵᠢᠯ ᠠᠯᠳᠠᠬᠰᠠᠳ᠎ᠤᠨ ᠳᠠᠭᠠᠳᠭᠠᠯ ᠤ᠋ᠨ ᠮᠥᠩᠭᠥ ᠶ᠋ᠢᠨ ᠠᠩᠬᠠᠨ ᠤ᠋ ᠬᠢᠨᠠᠯᠲᠠ᠂ ᠠᠵᠢᠯ ᠠᠯᠳᠠᠬᠰᠠᠳ᠎ᠤᠨ ᠳᠠᠭᠠᠳᠬᠠᠯ ᠤ᠋ᠨ ᠰᠦᠢᠳᠭᠡᠯ ᠢ᠋ ᠠᠵᠤ ᠠᠬᠤᠢᠯᠠᠯ ᠳ᠋ᠤ ᠪᠤᠴᠠᠭᠠᠵᠤ ᠠᠵᠢᠯ ᠤ᠋ᠨ ᠪᠠᠢᠷᠢ ᠵᠢ ᠲᠤᠬᠲᠠᠪᠤᠷᠢᠵᠢᠭᠤᠯᠬᠤ ᠲᠤᠬᠠᠢᠯᠠᠭ᠍ᠰᠠᠨ ᠠᠵᠢᠯ ᠤ᠋ᠨ ᠠᠩᠬᠠᠨ ᠤ᠋ ᠬᠢᠨᠠᠯᠲᠠ᠂ ᠡᠮ ᠡᠮᠨᠡᠯᠭᠡ ᠶ᠋ᠢᠨ ᠳᠠᠭᠠᠳᠭᠠᠯ ᠢ᠋ ᠣᠷᠣᠯᠠᠨ ᠲᠤᠱᠢᠶᠠᠭ᠍ᠰᠠᠨ ᠬᠤᠪᠢ ᠬᠥᠮᠦᠨ ᠤ᠋ ᠪᠠᠢᠳᠠᠯ ᠢ᠋ ᠪᠠᠢᠴᠠᠭᠠᠨ ᠯᠠᠪᠯᠠᠬᠤ ᠵᠡᠷᠭᠡ ᠬᠦᠷᠢᠶ᠎ᠡ ᠵᠢ ᠬᠠᠮᠤᠷᠴᠤ᠌᠂ ᠭᠦᠶ᠋ᠴᠡᠳᠭᠡᠬᠦ᠌ ᠴᠠᠭ ᠤ᠋ᠨ ᠬᠢᠵᠠᠭᠠᠷ ᠢ᠋ 75% ᠱᠢᠬᠠᠮ ᠪᠣᠭᠣᠨᠢᠰᠭᠠᠪᠠ᠃

ᠰᠤᠷᠪᠤᠯᠵᠢᠯᠠᠭ᠍ᠴᠢ ᠶ᠋ᠢᠨ ᠣᠢᠯᠠᠭᠠᠭ᠍ᠰᠠᠨ ᠢ᠋ᠶ᠋ᠡᠷ᠂ ᠤᠯᠤᠰ ᠤ᠋ᠨ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶᠡᠷᠦᠩᠬᠡᠶ ᠪᠠᠢᠷᠢᠯᠠᠭᠤᠯᠤᠯᠲᠠ ᠵᠢ ᠴᠤᠤᠷᠢᠶᠠᠳᠤᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ  ᠤ᠋ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ ᠤ᠋ ᠠᠵᠢᠯ ᠤ᠋ᠨ ᠱᠠᠭᠠᠷᠳᠠᠯᠭ᠎ᠠ ᠵᠢ ᠨᠠᠢᠳᠠᠪᠤᠷᠢᠵᠢᠭᠤᠯᠬᠤ ᠶ᠋ᠢᠨ ᠲᠦᠯᠦᠭᠡ᠂ 《ᠬᠦᠮᠤᠨ᠎ᠡᠷᠢᠬᠦ ᠦᠭᠡᠢ ᠪᠠᠷ ᠠᠵᠢᠯ ᠶᠠᠪᠤᠳᠠᠯ ᠭᠦᠶ᠋ᠴᠡᠳᠭᠡᠬᠦ》 ᠲᠤᠰᠭᠠᠶ ᠠᠵᠢᠯᠯᠠᠭ᠎ᠠ ᠵᠢ ᠡᠬᠢᠯᠡᠭᠦᠯᠬᠦ ᠡᠴᠡ ᠡᠮᠦᠨ᠎ᠡ᠂ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠬᠢᠨ ᠣᠯᠠᠨ ᠲᠦᠮᠡᠨ ᠤ᠋ ᠬᠦᠰᠡᠯ ᠱᠠᠭᠠᠷᠳᠠᠯᠭ᠎ᠠ ᠵᠢ ᠣᠢᠯᠠᠭᠠᠬᠤ ᠪᠡᠷ ᠳᠠᠮᠵᠢᠭᠤᠯᠤᠨ᠂ ᠣᠯᠠᠨ ᠲᠦᠮᠡᠨ ᠤ᠋ ᠤᠴᠢᠷ ᠶᠠᠪᠤᠳᠠᠯ ᠭᠦᠢᠴᠡᠳᠭᠡᠬᠦ ᠳ᠋ᠤ ᠲᠤᠬᠢᠶᠠᠯᠳᠤᠬᠤ ᠠᠰᠠᠭᠤᠳᠠᠯ ᠳ᠋ᠤ ᠴᠢᠭ᠌ᠯᠡᠭᠦᠯᠦᠨ᠂ 《ᠡᠩᠨᠡᠭᠡ ᠪᠠᠨ ᠳᠠᠬᠢᠨ ᠴᠤᠬᠴᠠᠯᠠᠬᠤ᠂ ᠲᠤᠬᠲᠠᠴᠠ ᠵᠢ ᠳᠠᠬᠢᠨ ᠪᠠᠢᠭᠤᠯᠬᠤ᠂ ᠶᠠᠪᠤᠴᠠ ᠵᠢ ᠳᠠᠬᠢᠨ ᠲᠤᠬᠢᠷᠠᠭᠤᠯᠬᠤ》 ᠪᠡᠷ ᠭᠠᠷᠳᠠᠴᠠ ᠪᠣᠯᠭᠠᠵᠤ᠂ 《〈ᠬᠦᠮᠤᠨ ᠡᠷᠢᠬᠦ ᠦᠭᠡᠢ ᠪᠠᠷ ᠠᠵᠢᠯ ᠶᠠᠪᠤᠳᠠᠯ ᠭᠦᠶ᠋ᠴᠡᠳᠭᠡᠬᠦ〉 ᠲᠤᠰᠭᠠᠶ ᠠᠵᠢᠯᠯᠠᠭ᠎ᠠ ᠥᠷᠨᠢᠭᠦᠯᠬᠦ᠌ ᠲᠤᠬᠠᠶ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠶ᠋ᠢᠨ ᠬᠡᠷᠡᠭ᠌ᠵᠢᠭᠦᠯᠬᠦ᠌ ᠲᠥᠰᠦᠯ》 ᠵᠢᠴᠢ ᠢᠵᠢ ᠪᠥᠷᠢᠳᠦᠭᠦᠯᠬᠦ᠌ ᠨᠠᠷᠢᠨ ᠲᠦᠷᠢᠮ ᠢ᠋ ᠪᠦᠷᠢᠯᠳᠦᠭᠦᠯᠪᠡ ᠃

ᠡᠲᠡᠭᠡᠷ ᠲᠥᠰᠦᠯ ᠪᠣᠯᠤᠨ ᠨᠠᠷᠢᠨ ᠲᠦᠷᠢᠮ ᠳ᠋ᠤ᠂ 190 ᠲᠦᠭᠵᠢᠷᠡᠯ ᠤ᠋ᠨ ᠴᠡᠭ ᠲᠦ᠍ ᠴᠢᠭᠯᠡᠭᠦᠯᠦᠨ ᠂ 407 ᠵᠤᠷᠪᠤᠰ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠵᠤ᠂ ᠬᠠᠷᠢᠭᠤᠴᠠᠯᠭ᠎ᠠ ᠶ᠋ᠢᠨ ᠠᠵᠢᠯ ᠤ᠋ᠨ ᠬᠤᠪᠢᠶᠠᠷᠢᠯᠠᠯ᠂ ᠬᠡᠷᠡᠭ᠌ᠵᠢᠭᠦᠯᠬᠦ᠌ ᠠᠯᠬᠤᠮ ᠳᠠᠷᠠᠭ᠎ᠠ ᠪᠣᠯᠤᠨ ᠪᠡᠶᠡᠯᠡᠭᠦᠯᠬᠦ᠌ ᠴᠠᠭ ᠤ᠋ᠨ ᠬᠢᠵᠠᠭᠠᠷ ᠢ᠋ ᠲᠣᠳᠣᠷᠬᠠᠢᠯᠠᠵᠤ᠂ 《ᠶᠠᠪᠤᠴᠠ ᠵᠢ ᠲᠠᠬᠢᠨ ᠲᠤᠬᠢᠷᠠᠭᠤᠯᠬᠤ + ᠲᠣᠭᠠᠴᠢᠯᠠᠯᠲᠠ ᠪᠠᠷ ᠬᠦᠴᠦᠨ ᠣᠯᠭᠣᠬᠤ + ᠦᠶ᠋ᠯᠡᠴᠢᠯᠡᠭᠡ ᠵᠢ ᠲᠠᠰ ᠳᠡᠪᠱᠢᠭᠦᠯᠬᠦ᠌ + ᠲᠣᠭ᠍ᠲᠠᠴᠠ ᠪᠡᠷ ᠪᠠᠲᠤᠯᠠᠭ᠎ᠠ ᠪᠤᠯᠭᠠᠬᠤ》 ᠳᠥᠷᠪᠡᠨ ᠬᠡᠮᠵᠢᠯᠳᠦ ᠥᠭᠡᠷᠡᠴᠢᠯᠡᠯᠲᠡ ᠶ᠋ᠢᠨ ᠱᠢᠰᠲ᠋ᠧᠮ ᠢ᠋ ᠪᠠᠢᠭᠤᠯᠪᠠ᠃

4 ᠰᠠᠷ᠎ᠠ ᠶ᠋ᠢᠨ ᠦᠶ᠋ᠯᠡᠳᠦᠯᠭᠡ ᠪᠡᠷ ᠳᠠᠮᠵᠢᠭᠤᠯᠤᠨ᠂ ᠨᠡᠢᠲᠡ 154 ᠲᠦᠭ᠌ᠵᠢᠷᠡᠯ ᠤ᠋ᠨ ᠴᠡᠭ ᠢ᠋ ᠰᠢᠢᠳᠪᠦᠷᠢᠯᠡᠵᠦ᠂ 112 ᠶᠠᠪᠤᠴᠠ ᠵᠢ ᠳᠠᠬᠢᠨ ᠲᠤᠬᠢᠷᠠᠭᠤᠯᠵᠤ ᠂ 95 ᠲᠣᠭ᠍ᠲᠠᠴᠠ ᠵᠢ ᠳᠠᠬᠢᠨ ᠪᠠᠢᠭᠤᠯᠵᠤ᠂ 81 《 ᠨᠢᠭᠡ ᠵᠢᠷᠤᠭ ᠢ᠋ᠶ᠋ᠡᠷ ᠤᠩᠱᠢᠨ ᠣᠢᠯᠠᠭᠠᠬᠤ》 ᠶᠠᠪᠤᠴᠠ ᠶ᠋ᠢᠨ ᠵᠢᠷᠤᠭ ᠢ᠋ ᠡᠮᠬᠢᠯᠡᠨ ᠨᠡᠢᠲᠡᠯᠡᠪᠡ᠃ ᠡᠭᠦᠨ ᠤ᠋ ᠬᠠᠮᠲᠤ᠂ᠰᠠᠨᠠᠭᠠᠴᠢᠯᠠᠭᠠᠲᠤ ᠪᠤᠰᠤ ᠦᠶ᠋ᠯᠡᠴᠢᠯᠡᠭᠡ》 ᠡᠴᠡ 《ᠰᠠᠨᠠᠭᠠᠴᠢᠯᠠᠭᠠᠲᠤ ᠦᠶ᠋ᠯᠡᠴᠢᠯᠡᠭᠡ 》 ᠪᠣᠯᠭᠠᠨ ᠬᠤᠪᠢᠷᠠᠭᠤᠯᠬᠤ᠂ 《ᠲᠤᠬᠠᠢ ᠶ᠋ᠢᠨ ᠲᠠᠯᠠᠪᠤᠷ ᠲᠦ᠍ ᠭᠦᠶ᠋ᠴᠡᠳᠭᠡᠬᠦ᠌》 ᠡᠴᠡ 《ᠰᠦᠯᠵᠢᠶᠡᠨ ᠳᠡᠭᠡᠷ᠎ᠡ ᠭᠤᠤᠯᠯᠠᠨ ᠭᠦᠢᠴᠡᠳᠭᠡᠬᠦ》 ᠪᠣᠯᠭᠠᠨ ᠬᠤᠪᠢᠷᠠᠭᠤᠯᠬᠤ  ᠵᠢ ᠪᠡᠶᠡᠯᠡᠭᠦᠯᠪᠡ ᠃

《ᠲᠠᠷᠠᠭᠠᠴᠢ ᠪᠡᠷ᠂ ᠪᠢᠳᠡ ᠲᠤᠰᠭᠠᠶ ᠠᠵᠢᠯᠯᠠᠭ᠎ᠠ ᠪᠡᠷ ᠡᠬᠢᠯᠡᠯᠲᠡ ᠶ᠋ᠢᠨ ᠴᠡᠭ ᠪᠣᠯᠭᠠᠵᠤ᠂ 〈ᠬᠦᠮᠤᠨ ᠡᠷᠢᠬᠦ ᠦᠭᠡᠢ ᠪᠠᠷ ᠠᠵᠢᠯ ᠶᠠᠪᠤᠳᠠᠯ ᠭᠦᠶ᠋ᠴᠡᠳᠭᠡᠬᠦ〉 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠠᠳ ᠲᠦ᠍ ᠲᠥᠬᠥᠮ ᠦᠵᠡᠭᠦᠯᠵᠦ᠍ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠵᠢ ᠪᠠᠢᠩᠭᠤᠵᠢᠭᠤᠯᠵᠤ᠂ ᠣᠷᠳᠣ ᠬᠤᠭᠤᠴᠠᠭ᠎ᠠ ᠪᠦᠲᠦᠮᠵᠢᠲᠡᠢ ᠪᠠᠢᠯᠭᠠᠨ᠎ᠠ》 ᠭᠡᠵᠦ᠍ ᠬᠥᠬᠡᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ᠎ᠵᠢᠨ  ᠬᠠᠷᠢᠭᠤᠴᠠᠯᠭᠠᠲᠠᠨ ᠭᠡᠯᠡᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号