ᠥᠪᠥᠷ ᠮᠣᠩᠭᠣᠯ ᠦᠷ᠎ᠡ᠎ᠶᠢᠨ ᠴᠢᠬᠢ᠎ᠶ᠋ᠢᠨ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠪᠠ
2026-03-29 10:40:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠤᠮᠠᠷᠠᠲᠤ ᠎ᠶᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠎ᠢ ᠯᠠᠪᠳᠠᠭᠤᠨ ᠪᠠᠲᠤᠲᠠᠶ ᠠᠬᠢᠭᠤᠯᠬᠤ ᠎ᠶ᠋ᠢᠨ ᠲᠥᠯᠥᠭᠡ ᠥᠪᠥᠷ ᠮᠣᠩᠭᠣᠯ ᠰᠠᠢᠨ ᠦᠷ᠎ᠡ ᠵᠢ ᠰᠣᠩᠭᠣᠨ ᠪᠣᠢᠵᠢᠭᠤᠯᠬᠤ᠂ ᠰᠠᠭᠤᠷᠢᠨ ᠤ᠋ ᠭᠠᠷᠤᠯᠲᠠ᠎ᠶ᠋ᠢ ᠥᠷᠭᠡᠳᠭᠡᠬᠦ᠌᠂ ᠶᠠᠰᠤ ᠴᠢᠨᠠᠷ᠎ᠢ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠦᠷ᠎ᠡ᠎ᠶᠢᠨ ᠴᠢᠬᠢ᠎ᠶ᠋ᠢᠨ ᠬᠠᠩᠭᠠᠯᠭ᠎ᠠ᠎ᠶ᠋ᠢᠨ ᠶᠠᠰᠤ ᠴᠢᠨᠠᠷ ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠪᠠ᠃ ᠣᠳᠣᠬᠠᠨ ᠪᠣᠯᠲᠠᠯ᠎ᠠ ᠮᠠᠨ ᠎ᠤ  ᠣᠷᠣᠨ 215 ᠵᠦᠢᠯ᠎ᠤᠨ ᠣᠶ ᠮᠣᠳᠣᠨ᠎ᠤ ᠰᠠᠢᠨ ᠦᠷ᠎ᠡ᠂ 313 ᠵᠦᠢᠯ ᠎ᠤᠨ ᠡᠪᠡᠰᠦᠨ ᠦᠷ᠎ᠡ ᠰᠣᠩᠭᠣᠨ ᠪᠣᠢᠵᠢᠭᠤᠯᠵᠤ᠂ 30 ᠲᠦᠮᠡᠨ ᠮᠦ᠍ ᠵᠤᠯᠵᠠᠭ᠎ᠠ ᠮᠣᠳᠣᠨ᠎ᠤ ᠰᠠᠭᠤᠷᠢᠨ᠂ 52 ᠲᠦᠮᠡᠨ ᠮᠦ᠍ ᠡᠪᠡᠰᠦᠨ ᠦᠷ᠎ᠡ᠎ᠶ᠋ᠢᠨ ᠰᠠᠭᠤᠷᠢᠨ᠎ᠢ ᠪᠠᠢᠭᠤᠯᠪᠠ᠃ ᠵᠢᠷᠤᠭ ᠪᠤᠯ  3  ᠰᠠᠷ᠎ᠠ᠎ᠶ᠋ᠢᠨ 28 ᠤ᠋ ᠡᠳᠦᠷ᠂ ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠶᠠ ᠵᠢᠶ ᠱᠠᠨ ᠣᠶ ᠱᠢᠭᠤᠶ᠎ᠶ᠋ᠢᠨ ᠲᠠᠯᠠᠪᠠᠶ ᠎ᠳᠡᠬᠢ  ᠥᠪᠡᠷᠲᠡᠭᠡᠨ ᠵᠠᠰᠠᠬᠤ ᠣᠷᠣᠨ ᠎ᠤ ᠪᠠᠲᠤᠯᠠᠭ᠎ᠠ᠎ᠶ᠋ᠢᠨ ᠴᠢᠨᠠᠷᠲᠠᠶ ᠵᠤᠯᠵᠠᠭ᠎ᠠ ᠮᠣᠳᠣᠨ ᠎ᠤ ᠬᠦᠷᠢᠶᠡᠯᠡᠩ᠎ᠳᠦ ᠠᠵᠢᠯᠲᠠᠳ ᠲᠣᠮᠣ ᠬᠡᠯᠪᠡᠷᠢ᠎ᠶ᠋ᠢᠨ ᠮᠠᠱᠢᠨ᠎ᠢᠶᠠᠷ  ᠴᠢᠬᠢ ᠮᠣᠳᠣ ᠵᠢ ᠠᠷᠠᠴᠢᠯᠠᠵᠤ ᠪᠠᠢᠭ᠎ᠠ ᠨᠢ᠃


QQ20260329-103821.png


ᠲᠤᠰ ᠰᠣᠨᠢᠨ ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号