2026 ᠣᠨ᠎ᠤ ᠣᠶᠤᠲᠠᠳ᠎ᠤᠨ ᠰᠠᠢᠨ ᠳᠤᠷ᠎ᠠ᠎ᠠᠴᠠ᠎ᠪᠠᠨ ᠪᠠᠷᠠᠭᠤᠨ ᠣᠷᠣᠨ᠎ᠳᠤ ᠦᠢᠯᠡᠴᠢᠯᠡᠬᠦ
ᠲᠥᠯᠥᠪᠯᠡᠭᠡ ᠶᠢᠨ ᠨᠡᠷ᠎ᠡ ᠮᠡᠳᠡᠭᠦᠯᠬᠦ ᠵᠠᠮ ᠰᠤᠪᠠᠭ ᠡᠨᠡ ᠡᠳᠤᠷ ᠡᠴᠡ ᠨᠡᠭᠡᠭᠡᠭᠳᠡᠪᠡ᠃
ᠲᠣᠰ ᠡᠳᠦᠷ᠎ᠡᠴᠡ 5 ᠰᠠᠷ᠎ᠠ᠎ᠶᠢᠨ
10 ᠤ ᠡᠳᠦᠷ ᠪᠣᠯᠲᠠᠯ᠎ᠠ᠂ ᠡᠩ᠎ᠦᠨ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠲᠡᠭᠦᠰᠦᠭᠰᠡᠳ ᠪᠤᠶᠤ ᠰᠤᠷᠤᠯᠴᠠᠵᠤ
ᠪᠠᠢᠭ᠎ᠠ ᠠᠰᠫᠢᠷᠠᠨᠲ 《ᠪᠠᠷᠠᠭᠤᠨ ᠣᠷᠣᠨ᠎ᠤ ᠰᠠᠢᠨ ᠳᠤᠷ᠎ᠠ᠎ᠶᠢᠨ ᠡᠮᠬᠢᠳᠬᠡᠯ》 ᠭᠡᠬᠦ ᠵᠢᠷᠬᠢᠶ᠎ᠡ ᠵᠢᠨ ᠨᠡᠶ᠋ᠢᠲᠡ ᠵᠢᠨ ᠳᠠᠪᠴᠠᠡᠭ ᠪᠤᠶᠤ ᠪᠠᠷᠠᠭᠤᠨ ᠣᠷᠣᠨ ᠤ ᠲᠥᠯᠥᠪᠯᠡᠭᠡ ᠶᠢᠨ
ᠠᠯᠪᠠᠨ ᠰᠦᠯᠵᠢᠶ᠎ᠡ (https://xibu.youth.cn) ᠳ᠋ᠤ ᠣᠷᠣᠵᠤ᠂ ᠪᠠᠷᠠᠭᠤᠨ ᠣᠷᠣᠨ᠎ᠤ ᠲᠥᠯᠥᠪᠯᠡᠭᠡ᠎ᠶᠢᠨ ᠮᠡᠳᠡᠭᠡ ᠵᠠᠩᠭᠢ᠎ᠶᠢᠨ ᠰᠢᠰᠲᠧᠮ᠎ᠳᠦ
ᠨᠡᠷ᠎ᠡ ᠮᠡᠳᠡᠭᠦᠯᠵᠦ ᠪᠣᠯᠣᠨ᠎ᠠ᠃
ᠣᠢᠯᠠᠭᠠᠭᠰᠠᠨ᠎ᠢᠶᠠᠷ᠂ ᠡᠨᠡ
ᠵᠢᠯ ᠪᠥᠬᠥ ᠤᠯᠤᠰ᠎ᠲᠤ ᠵᠢᠱ᠌ᠢᠯᠲᠡ᠎ᠪᠡᠷ 6 ᠲᠦᠮᠡ ᠰᠢᠬᠠᠮ ᠪᠠᠷᠠᠭᠤᠨ ᠣᠷᠣᠨ᠎ᠤ ᠲᠥᠯᠥᠪᠯᠡᠭᠡ ᠶᠢᠨ ᠰᠠᠢᠨ ᠳᠤᠷ᠎ᠠ᠎ᠶᠢᠨ
ᠠᠵᠢᠯᠯᠠᠭ᠍ᠴᠢ᠎ᠶᠢ ᠡᠯᠰᠡᠵᠦ᠂ 90%᠎ᠡᠴᠡ ᠳᠡᠭᠡᠭᠰᠢᠬᠢ ᠦᠢᠯᠡᠴᠢᠯᠡᠭᠡᠨ ᠦ ᠠᠵᠢᠯ ᠤᠨ ᠪᠠᠢᠷᠢ ᠨᠢ ᠰᠢᠶᠠᠩ ᠪᠠᠯᠭᠠᠰᠤ
ᠵᠢᠴᠢ ᠲᠡᠭᠦᠨ᠎ᠡᠴᠡ ᠳᠣᠷᠣᠭ᠍ᠰᠢ ᠪᠠᠢᠵᠤ᠂ ᠲᠣᠰ ᠲᠣᠰ ᠬᠥᠳᠡᠭᠡ ᠲᠣᠰᠬᠣᠨ᠎ᠤ ᠰᠤᠷᠭᠠᠨ ᠬᠥᠮᠦᠵᠢᠯ᠂ ᠬᠥᠳᠡᠭᠡ ᠲᠣᠰᠬᠣᠨ᠎ᠤ
ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠂ ᠡᠷᠡᠭᠦᠯ ᠡᠩᠬᠡ ᠬᠥᠳᠡᠭᠡ ᠲᠣᠰᠬᠣᠨ᠂ ᠦᠨᠳᠦᠰᠦᠨ ᠱᠠᠲᠤᠨ᠎ᠤ ᠨᠡᠢᠭᠡᠮ᠎ᠦᠨ
ᠵᠠᠰᠠᠯᠲᠠ᠂ ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢᠶᠠᠨ ᠬᠠᠮᠠᠭᠠᠯᠠᠬᠤ᠂ ᠦᠨᠳᠦᠰᠦᠨ ᠱᠠᠲᠤᠨ᠎ᠤ ᠵᠠᠯᠠᠭᠤᠴᠤᠳ᠎ᠤᠨ
ᠠᠵᠢᠯ᠂ ᠰᠢᠨᠵᠢᠶᠠᠩ᠎ᠳᠤ ᠦᠢᠯᠡᠴᠢᠯᠡᠬᠦ᠂ ᠲᠥᠪᠡᠳ᠎ᠲᠦ ᠦᠢᠯᠡᠴᠢᠯᠡᠬᠦ ᠵᠡᠷᠭᠡ 8 ᠲᠤᠰᠬᠠᠢ ᠵᠦᠢᠯ ᠳ᠋ᠤ
ᠳᠤᠬᠢᠷᠠᠭᠤᠯᠪᠠ᠃
ᠣᠢᠯᠠᠭᠠᠭᠰᠠᠨ᠎ᠢᠶᠠᠷ᠂ ᠪᠠᠷᠠᠭᠤᠨ
ᠣᠷᠣᠨ ᠤ ᠲᠥᠯᠥᠪᠯᠡᠭᠡ ᠪᠣᠯ ᠡᠪ ᠬᠠᠮᠲᠤ ᠵᠠᠯᠠᠭᠤᠴᠤᠳ᠎ᠤᠨ ᠡᠪᠯᠡᠯ ᠦᠨ ᠲᠥᠪ ᠬᠣᠷᠢᠶ᠎ᠠ᠂ ᠰᠤᠷᠭᠠᠨ ᠬᠥᠮᠦᠵᠢᠯ ᠦᠨ
ᠶᠠᠮᠤᠨ᠂ ᠡᠳ᠋᠎ᠦᠨ ᠵᠠᠰᠠᠭ᠎ᠤᠨ ᠶᠠᠮᠤᠨ᠂ ᠬᠥᠮᠥᠨ ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ ᠦᠨ ᠪᠠᠲᠤᠯᠠᠭ᠎ᠠ᠎ᠶᠢᠨ
ᠶᠠᠮᠤᠨ᠎ᠤ ᠬᠠᠮᠲᠤ᠎ᠪᠠᠷ ᠵᠣᠬᠢᠶᠠᠨ ᠪᠠᠢᠭᠤᠯᠵᠤ ᠬᠡᠷᠡᠭᠵᠢᠭᠦᠯᠦᠭᠰᠡᠨ ᠴᠢᠳᠠᠪᠤᠷᠢᠲᠠᠨ᠎ᠤ ᠲᠦᠷᠦᠯ ᠵᠦᠢᠯ
ᠪᠤᠯᠤᠨ᠎ᠠ᠂ ᠬᠡᠷᠡᠭᠵᠢᠭᠦᠯᠦᠭᠰᠡᠨ 23 ᠵᠢᠯ᠎ᠦᠨ ᠲᠤᠷᠰᠢ᠂ ᠨᠡᠢ᠍ᠢᠳᠡ 60 ᠲᠦᠮᠡ ᠰᠢᠬᠠᠮ ᠶᠡᠬᠡ ᠳᠡᠭᠡᠳᠦ ᠰᠤᠷᠭᠠᠭᠤᠯᠢ᠎ᠠᠴᠠ
ᠲᠡᠭᠦᠰᠦᠭᠰᠡᠳ ᠪᠠᠷᠠᠭᠤᠨ ᠣᠷᠣᠨ᠎ᠳᠤ ᠦᠢᠯᠡᠴᠢᠯᠡᠵᠤ᠂ ᠦᠨᠳᠦᠰᠦᠨ ᠱᠠᠲᠤᠨ᠎ᠳᠤ ᠦᠨᠳᠦᠰᠦᠯᠡᠵᠦ᠂ ᠤᠯᠤᠰ᠎ᠤᠨ ᠪᠠᠢᠯᠳᠤᠬᠤ
ᠪᠣᠳᠣᠯᠭ᠎ᠠ᠂ ᠠᠷᠠᠳ᠎ᠤᠨ ᠠᠮᠢᠳᠤᠷᠠᠯ᠂ ᠨᠡᠢᠭᠡᠮ ᠦᠨ ᠵᠠᠰᠠᠯᠲᠠ᠎ᠳᠤ ᠦᠢᠯᠡᠴᠢᠯᠡᠬᠦ ᠳᠤᠮᠳᠠ ᠵᠠᠯᠠᠭᠤ ᠨᠠᠰᠤᠨ᠎ᠤ
ᠴᠤᠭ ᠵᠢᠪᠬᠤᠭ᠎ᠠ ᠪᠠ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠪᠡ᠃
ᠢᠷᠡᠯᠲᠡ ᠄ ᠰᠢᠨᠬᠤᠸᠠ ᠬᠣᠷᠢᠶ᠎ᠠ