ᠮᠠᠨ᠎ᠤ ᠤᠯᠤᠰ ᠪᠦᠬᠦ ᠠᠷᠠᠳ᠎ᠢ ᠬᠠᠮᠤᠷᠤᠭᠰᠠᠨ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠳᠦᠷᠭᠡᠳᠬᠡᠨ ᠪᠠᠢᠭᠤᠯᠵᠤ ᠪᠤᠢ
2026-03-30 11:31:25
ᠵᠣᠬᠢᠶᠠᠭ᠍ᠴᠢ᠄
​ᠫᠸᠩ ᠶᠦᠨ ᠵᠢᠶᠠ ᠰᠢᠦᠢ ᠫᠸᠩ ᠬᠠᠩ
ᠣᠩᠱᠢᠭ᠍ᠰᠠᠨ ᠣᠳᠠᠭ᠎ᠠ᠄
★★★☆☆

《ᠨᠢᠭᠡ ᠬᠥᠮᠥᠨ ᠠᠮᠢᠳᠦᠷᠠᠯ᠎ᠤᠨ ᠴᠢᠳᠠᠪᠤᠷᠢ᠎ᠪᠠᠨ ᠠᠯᠳᠠᠪᠠᠯ ᠪᠦᠬᠦ ᠭᠡᠷ᠎ᠢᠶᠡᠷ᠎ᠢᠶᠡᠨ ᠲᠡᠩᠴᠡᠭᠦᠷᠢ᠎ᠪᠡᠨ ᠠᠯᠳᠠᠬᠤ》 ᠬᠦᠴᠢᠷ ᠠᠰᠠᠭᠤᠳᠠᠯ᠎ᠢ ᠰᠢᠢᠳᠪᠦᠷᠢᠯᠡᠨ᠎ᠡ! 2028 ᠣᠨ᠎ᠤ ᠡᠴᠦᠰ ᠪᠣᠯᠬᠤ᠎ᠳᠤ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠥᠬᠥ ᠤᠯᠤᠰ᠎ᠤᠨ ᠬᠡᠪᠴᠢᠶᠡᠨ᠎ᠳᠦ ᠦᠨᠳᠦᠰᠦᠨ᠎ᠳᠡᠭᠡᠨ ᠨᠡᠢᠳᠡᠮ ᠬᠡᠷᠡᠭᠵᠢᠭᠦᠯᠦᠨ᠎ᠡ᠃

ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠠᠯᠪᠠᠨ ᠲᠢᠩᠬᠢᠮ 3 ᠰᠠᠷ᠎ᠠ᠎ᠶᠢᠨ 25᠎ᠤ᠋ ᠡᠳᠦᠷ 《ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠲᠦᠷᠭᠡᠳᠬᠡᠨ ᠪᠠᠶ᠋ᠢᠭᠤᠯᠬᠤ ᠲᠤᠬᠠᠢ ᠰᠠᠨᠠᠯ》 ᠢ᠋ ᠨᠡᠢᠲᠡᠯᠡᠵᠦ᠂ ᠮᠠᠨ᠎ᠤ ᠤᠯᠤᠰ᠎ᠤᠨ ᠤᠯᠤᠰ᠎ᠤᠨ ᠦᠨᠳᠦᠰᠦᠨ ᠪᠠᠢᠳᠠᠯ᠎ᠳᠤ ᠲᠣᠬᠢᠷᠠᠭᠰᠠᠨ᠂ ᠪᠦᠬᠦ ᠠᠷᠠᠳ᠎ᠢ ᠬᠠᠮᠤᠷᠤᠭᠰᠠᠨ᠂ ᠬᠣᠲᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠦᠪ ᠭᠣᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠩᠭᠤᠢ᠂ ᠦᠷᠭᠦᠯᠵᠢᠯᠡᠬᠦ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠢᠭᠤᠯᠤᠨ᠎ᠠ ᠭᠡᠪᠡ᠃ ᠡᠨᠡ ᠨᠢ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠬᠡᠰᠡᠭ ᠲᠠᠯ᠎ᠠ᠎ᠶᠢᠨ ᠲᠤᠷᠰᠢᠯᠲᠠ ᠬᠢᠵᠦ ᠪᠠᠢᠭᠰᠠᠨ᠎ᠡᠴᠡ ᠪᠦᠬᠦ ᠤᠯᠤᠰ᠎ᠲᠤ ᠳᠡᠯᠭᠡᠷᠡᠭᠦᠯᠬᠦ ᠪᠤᠯᠤᠭᠰᠠᠨ᠎ᠢ ᠬᠠᠷᠠᠭᠤᠯᠵᠤ ᠪᠠᠢᠨ᠎ᠠ᠃

ᠡᠪᠡᠳᠴᠢᠯᠡᠪᠡᠯ ᠦᠵᠡᠬᠦᠯᠬᠦ ᠡᠮᠨᠡᠯᠭᠡ᠎ᠲᠠᠢ᠂ ᠥᠲᠡᠯᠪᠡᠯ ᠠᠰᠠᠷᠠᠮᠵᠢ᠎ᠲᠠᠢ ᠪᠠᠢᠬᠤ ᠪᠣᠯ ᠲᠦᠭ ᠲᠦᠮᠡᠨ ᠠᠷᠠᠳ ᠤᠯᠠᠨ᠎ᠤ ᠬᠠᠮᠳᠤ ᠵᠢᠨ ᠬᠦᠰᠡᠯ ᠮᠥᠨ᠂ ᠪᠠᠰᠠ ᠴᠤ᠌ ᠤᠯᠤᠰ᠎ᠤᠨ ᠲᠦᠷᠦ᠎ᠶᠢᠨ ᠪᠣᠳᠣᠯᠭ᠎ᠠ᠎ᠶᠢᠨ ᠬᠠᠨᠳᠤᠰᠢ ᠮᠥᠨ᠃ ᠡᠨᠡ ᠪᠣᠯ ᠮᠠᠨ᠎ᠤ ᠤᠯᠤᠰ ᠳᠡᠯᠡᠬᠡᠢ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠠᠢᠭᠤᠯᠤᠭᠰᠠᠨ ᠰᠠᠭᠤᠷᠢᠨ ᠳᠡᠭᠡᠷ᠎ᠡ᠂ ᠠᠮᠢᠳᠦᠷᠠᠯ᠎ᠤᠨ ᠴᠢᠳᠠᠪᠤᠷᠢ᠎ᠪᠠᠨ ᠠᠯᠳᠠᠭᠰᠠᠨ ᠬᠥᠮᠥᠰ᠎ᠲᠦ ᠲᠤᠰᠬᠠᠢᠯᠠᠨ ᠵᠣᠷᠢᠭᠤᠯᠤᠨ ᠪᠠᠢᠭᠤᠯᠤᠭᠰᠠᠨ ᠨᠡᠢᠭᠡᠮ᠎ᠦᠨ ᠳᠠᠭᠠᠳᠬᠠᠯ᠎ᠤᠨ ᠳᠦᠷᠢᠮ ᠪᠠᠢᠵᠤ᠂ ᠡᠨᠡ ᠪᠦᠯᠦᠭ ᠬᠦᠮᠦᠰ᠎ᠤᠨ ᠦᠨᠳᠦᠰᠦᠨ ᠠᠮᠢᠳᠤᠷᠠᠯ᠎ᠢ ᠬᠠᠷᠠᠭᠠᠯᠵᠠᠬᠤ ᠪᠠ ᠡᠭᠦᠨ᠎ᠲᠠᠢ ᠨᠢᠭ᠍ᠲᠠ ᠬᠣᠯᠪᠣᠭ᠎ᠠ᠎ᠲᠠᠢ ᠡᠮᠴᠢᠯᠡᠭᠡ ᠰᠤᠪᠢᠯᠠᠯᠲᠠ᠎ᠳᠤ ᠦᠢᠯᠡᠴᠢᠯᠡᠭᠡ ᠪᠤᠶᠤ ᠪᠡᠯᠡ ᠮᠥᠩᠭᠥᠨ᠎ᠦ ᠪᠠᠲᠤᠯᠠᠭ᠎ᠠ ᠬᠠᠩᠭᠠᠵᠤ ᠪᠠᠢᠭ᠎ᠠ ᠶᠠᠪᠤᠳᠠᠯ ᠮᠦᠨ᠃

ᠣᠳᠣᠬᠠᠨ᠎ᠳᠤ᠂ ᠮᠠᠨ᠎ᠤ ᠤᠯᠤᠰ᠎ᠤᠨ 60 ᠨᠠᠰᠤ ᠵᠢᠴᠢ 60 ᠨᠠᠰᠤᠨ᠎ᠡᠴᠡ ᠳᠡᠭᠡᠭᠰᠢᠬᠢ ᠨᠠᠰᠤᠲᠠᠢᠴᠤᠳ᠎ᠤᠨ ᠬᠥᠮᠥᠨ ᠠᠮᠠ 3.2 ᠳ᠋ᠦᠩᠰᠢᠭᠤᠷ᠎ᠲᠤ ᠬᠦᠷᠴᠦ᠂ ᠡᠭᠦᠨ᠎ᠦ ᠳᠣᠲᠣᠷ᠎ᠠ ᠠᠮᠢᠳᠦᠷᠠᠯ᠎ᠤᠨ ᠴᠢᠳᠠᠪᠤᠷᠢ᠎ᠪᠠᠨ ᠠᠯᠳᠠᠭᠰᠠᠨ ᠨᠠᠰᠤᠲᠠᠨ ᠪᠠᠷᠤᠭ 3500 ᠲᠦᠮᠡ ᠪᠤᠢ᠃ ᠲᠡᠳᠡᠨ᠎ᠦ ᠦᠨᠳᠦᠰᠦᠨ ᠠᠮᠢᠳᠤᠷᠠᠯ᠎ᠤᠨ ᠬᠠᠷᠠᠭᠠᠯᠵᠠᠯ ᠪᠠ ᠡᠮᠴᠢᠯᠡᠭᠡ ᠰᠤᠪᠢᠯᠠᠯᠲᠠ᠎ᠶᠢᠨ 《ᠦᠨᠳᠦᠰᠦᠨ ᠵᠦᠢᠯ᠎ᠢ ᠪᠠᠲᠤᠯᠠᠵᠤ》᠂ ᠲᠦᠭ ᠲᠦᠮᠡᠨ ᠭᠡᠷ ᠪᠦᠯᠢ᠎ᠶᠢᠨ 《ᠳᠠᠷᠤᠭᠠᠰᠤ᠎ᠶᠢ ᠬᠥᠩᠭᠡᠷᠡᠭᠦᠯᠬᠦ》 ᠶᠠᠪᠤᠳᠠᠯ᠎ᠢ ᠨᠡᠢᠭᠡᠮ ᠳᠠᠶᠠᠭᠠᠷ ᠠᠩᠬᠠᠷᠴᠤ ᠪᠠᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ ᠪᠣᠯᠣᠨ ᠵᠠᠰᠠᠭ᠎ᠤᠨ ᠣᠷᠳᠣᠨ᠎ᠡᠴᠡ ᠤᠯᠠᠨ ᠤᠳᠠᠭ᠎ᠠ ᠭᠣᠣᠯᠳᠠᠯᠭ᠎ᠠ᠎ᠲᠠᠢ ᠪᠠᠢᠷᠢᠯᠠᠭᠤᠯᠤᠯᠲᠠ ᠬᠢᠵᠦ᠂ ᠠᠮᠢᠳᠦᠷᠠᠯ᠎ᠤᠨ ᠴᠢᠳᠠᠪᠤᠷᠢ᠎ᠪᠠᠨ ᠠᠯᠳᠠᠭᠰᠠᠳ᠎ᠢ ᠠᠰᠠᠷᠠᠨ ᠬᠠᠷᠠᠭᠠᠯᠵᠠᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠪᠡ᠃ 《 ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ᠂ 《ᠤᠷᠳᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠢ ᠬᠡᠷᠡᠭᠵᠢᠭᠦᠯᠦᠨ᠎ᠡ》 ᠭᠡᠵᠦ ᠳᠠᠬᠢᠨᠲᠠ ᠲᠣᠳᠣᠷᠬᠠᠢᠯᠠᠪᠠ᠃

ᠲᠦᠷᠦᠭᠦᠦ ᠪᠦᠯᠦᠭ᠎ᠦᠨ 15 ᠲᠤᠷᠰᠢᠯᠲᠠ᠎ᠶᠢᠨ ᠴᠡᠭ᠎ᠤᠨ ᠬᠤᠲᠠ᠎ᠳᠤ ᠤᠷᠢᠳ ᠵᠢᠡᠷ ᠲᠤᠷᠰᠢᠨ ᠵᠠᠮᠨᠠᠬᠤ ᠡᠴᠡ ᠤᠯᠤᠰ᠎ᠤᠨ ᠲᠤᠷᠰᠢᠯᠲᠠ᠎ᠶᠢᠨ ᠴᠡᠭ᠎ᠤᠨ ᠬᠡᠪᠴᠢᠶ᠎ᠡ᠎ᠶᠢ ᠦᠷᠭᠡᠳᠬᠡᠵᠤ 49 ᠬᠤᠲᠠ᠎ᠳᠤ ᠪᠦᠬᠦ ᠲᠠᠯ᠎ᠠ᠎ᠪᠠᠷ ᠦᠢᠯᠡᠳᠦᠯᠭᠡ ᠬᠢᠭᠰᠡᠨ ᠬᠦᠷᠲᠡᠯ᠎ᠡ᠂ ᠣᠳᠣᠬᠠᠨ᠎ᠤ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ ᠨᠢᠭᠡᠨᠲᠡ 3 ᠳ᠋ᠦᠩᠰᠢᠭᠤᠷ ᠰᠢᠬᠠᠮ ᠬᠥᠮᠥᠨ᠎ᠢ ᠬᠠᠮᠤᠷᠴᠤ᠂ ᠨᠡᠢ᠍ᠢᠲᠡ 330 ᠲᠦᠮᠡ ᠭᠠᠷᠤᠢ ᠴᠢᠳᠠᠪᠤᠷᠢ᠎ᠪᠠᠨ ᠠᠯᠳᠠᠭᠰᠠᠨ ᠤᠯᠠᠨ ᠲᠦᠮᠡᠨ᠎ᠳᠦ ᠠᠰᠢᠭ᠋ ᠬᠦᠷᠲᠡᠭᠡᠵᠦ᠂ ᠰᠠᠭᠤᠷᠢ ᠮᠥᠩᠭᠥᠨ᠎ᠦ ᠵᠠᠷᠤᠯᠭ᠎ᠠ ᠮᠢᠩᠭᠠᠨ ᠳ᠋ᠦᠩᠰᠢᠭᠤᠷ ᠲᠥᠭᠥᠷᠢᠭ᠎ᠢ ᠳᠠᠪᠠᠵᠠᠢ᠃

ᠰᠠᠨᠠᠯ᠎ᠳᠤ ᠬᠣᠲᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠬᠦ ᠲᠥᠷᠥ᠎ᠶᠢᠨ ᠪᠣᠳᠣᠯᠭ᠎ᠠ ᠳᠦᠷᠢᠮ ᠲᠤᠭᠲᠠᠭᠠᠯ᠂ ᠲᠣᠭᠲᠠᠪᠤᠷᠢᠲᠠᠢ ᠦᠷᠭᠦᠯᠵᠢᠯᠡᠬᠦ ᠪᠡᠯᠡ ᠴᠤᠭᠯᠠᠭᠤᠯᠬᠤ ᠲᠣᠭᠲᠡᠴᠡ᠎ᠶᠢ ᠪᠠᠶ᠋ᠢᠭᠤᠯᠬᠤ᠂ ᠲᠥᠪ ᠭᠣᠥᠯᠴᠢ ᠲᠣᠬᠢᠷᠠᠮᠵᠢᠲᠠᠢ ᠬᠠᠷᠠᠭᠠᠯᠵᠠᠯ᠎ᠤᠨ ᠪᠠᠲᠤᠯᠠᠭ᠎ᠠ᠎ᠶᠢ ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠵᠢᠷᠤᠮᠵᠢᠭ᠍ᠰᠠᠨ ᠬᠠᠮᠢᠶᠠᠷᠤᠯᠲᠠ᠎ᠶᠢᠨ ᠠᠵᠢᠯᠯᠠᠭᠠᠨ᠎ᠤ ᠲᠣᠭᠲᠡᠴᠡ᠎ᠶᠢ ᠪᠠᠶ᠋ᠢᠭᠤᠯᠬᠤ ᠵᠡᠷᠭᠡ ᠲᠠᠯ᠎ᠠ᠎ᠪᠠᠷ ᠪᠥᠬᠥ ᠲᠠᠯ᠎ᠠ᠎ᠶᠢᠨ ᠪᠠᠢᠷᠢᠯᠠᠭᠤᠯᠤᠯᠲᠠ ᠬᠢᠪᠡ᠃

ᠰᠠᠨᠠᠯ᠎ᠢ ᠦᠨᠳᠦᠰᠦᠯᠡᠪᠡᠯ᠂ ᠬᠥᠮᠥᠨ ᠬᠡᠷᠡᠭᠯᠡᠬᠦ ᠪᠠᠢᠭᠤᠯᠭ᠎ᠠ ᠨᠢᠭᠡᠴᠢ ᠵᠢᠴᠢ ᠪᠠᠢᠭᠤᠯᠭ᠎ᠠ ᠨᠢᠭᠡᠴᠢ᠎ᠶᠢᠨ ᠠᠵᠢᠯᠲᠠᠨ᠂ ᠠᠵᠢᠯ᠎ᠡᠴᠡ᠎ᠪᠠᠨ ᠠᠮᠠᠷᠠᠭᠰᠠᠳ᠂ ᠠᠮᠢᠳᠤᠯᠢᠭ᠋᠎ᠢᠶᠠᠷ ᠠᠵᠢᠯ ᠣᠯᠣᠭᠰᠠᠳ᠂ ᠠᠵᠢᠯ ᠣᠯᠣᠭᠠᠳᠤᠢ ᠬᠣᠲᠠ ᠬᠥᠳᠡᠭᠡ᠎ᠶᠢᠨ ᠰᠠᠭᠤᠭᠠᠯᠢ ᠠᠷᠠᠳ ᠵᠡᠷᠭᠡ ᠨᠢ ᠬᠠᠷᠢᠶ᠎ᠠ ᠣᠷᠣᠨ᠎ᠤ ᠬᠠᠮᠢᠶᠠᠷᠤᠯᠲᠠ᠎ᠶᠢᠨ ᠵᠠᠷᠴᠢᠮ ᠶᠣᠰᠣᠭᠠᠷ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠳᠤ ᠣᠷᠣᠯᠴᠠᠨ᠎ᠠ᠃ ᠡᠨᠡ ᠨᠢ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ ᠨᠢ ᠪᠥᠬᠥ ᠠᠷᠠᠳ᠎ᠢ ᠬᠠᠮᠤᠷᠬᠤ᠎ᠶᠢ ᠠᠯᠬᠤᠮ ᠠᠯᠬᠤᠮ᠎ᠢᠶᠠᠷ ᠪᠡᠶᠡᠯᠡᠭᠦᠯᠬᠦ᠎ᠶᠢ ᠬᠠᠷᠠᠭᠤᠯᠵᠤ ᠪᠠᠢᠨ᠎ᠠ᠃

ᠪᠡᠯᠡ ᠴᠤᠭᠯᠠᠭᠤᠯᠬᠤ ᠲᠣᠭᠲᠡᠴᠡ᠎ᠶᠢᠨ ᠲᠠᠯ᠎ᠠ᠎ᠪᠠᠷ᠂ ᠪᠠᠢᠭᠤᠯᠭ᠎ᠠ ᠨᠢᠭᠡᠴᠢ᠂ ᠬᠤᠪᠢ ᠬᠥᠮᠥᠨ᠂ ᠵᠠᠰᠠᠭ᠎ᠤᠨ ᠣᠷᠳᠣᠨ᠂ ᠨᠡᠢᠭᠡᠮ ᠵᠡᠷᠭᠡ ᠣᠯᠠᠨ ᠡᠰᠢᠲᠦ ᠪᠡᠯᠡ ᠴᠤᠭᠯᠠᠭᠤᠯᠬᠤ ᠠᠷᠭ᠎ᠠ ᠵᠠᠮ᠎ᠢ ᠪᠠᠢᠭᠤᠯᠤᠨ ᠪᠦᠷᠢᠨᠰᠢᠭᠦᠯᠵᠦ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ 0.3% ᠣᠷᠴᠢᠮ᠎ᠳᠤ ᠨᠢᠭᠡᠳᠦᠯᠲᠡᠢ ᠬᠢᠵᠠᠭᠠᠷᠯᠠᠵᠤ᠂ ᠰᠦᠢᠳᠬᠡᠯ ᠲᠤᠰᠢᠶᠠᠬᠤ ᠰᠠᠭᠤᠷᠢ ᠲᠣᠭ᠎ᠠ᠎ᠶᠢ ᠣᠷᠣᠯᠭ᠎ᠠ᠎ᠶᠢᠨ ᠲᠦᠪᠰᠢᠨ᠎ᠲᠠᠢ ᠬᠣᠯᠪᠣᠨ᠎ᠠ᠃

ᠬᠠᠷᠠᠭᠠᠯᠵᠠᠯ᠎ᠬᠦᠷᠳᠡᠬᠦ ᠪᠠᠲᠤᠯᠠᠭ᠎ᠠ᠎ᠶᠢᠨ ᠲᠠᠯ᠎ᠠ᠎ᠪᠠᠷ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠦᠢᠯᠡᠴᠢᠯᠡᠭᠡ᠎ᠶᠢ ᠭᠣᠣᠯᠳᠠᠭᠤ ᠭᠡᠷ᠎ᠲᠡᠬᠡᠨ ᠰᠠᠭᠤᠵᠤ ᠰᠤᠪᠢᠯᠠᠬᠤ᠂ ᠨᠡᠢᠭᠡᠮ ᠲᠣᠭᠣᠷᠢᠭ᠋᠎ᠤᠨ ᠰᠤᠪᠢᠯᠠᠯᠲᠠ ᠪᠠ ᠪᠠᠢᠭᠤᠯᠤᠮᠵᠢ᠎ᠶᠢᠨ ᠰᠤᠪᠢᠯᠠᠯᠲᠠ ᠭᠡᠵᠦ ᠬᠤᠪᠢᠶᠠᠨ᠎ᠠ᠃ ᠰᠠᠭᠤᠷᠢ ᠮᠥᠩᠭᠥ᠎ᠶᠢ ᠲᠣᠭᠲᠠᠭᠠᠯ᠎ᠳᠤ ᠨᠡᠢᠴᠡᠬᠦ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠦᠨᠳᠦᠰᠦᠨ ᠦᠢᠯᠡᠴᠢᠯᠡᠭᠡᠨ᠎ᠦ ᠵᠠᠷᠤᠳᠠᠯ᠎ᠢ ᠲᠥᠯᠥᠬᠦ᠎ᠳᠦ ᠬᠡᠷᠡᠭᠯᠡᠨ᠎ᠡ᠂ ᠲᠥᠯᠥᠬᠦ ᠬᠠᠮᠤᠭ᠎ᠤᠨ ᠳᠤᠤᠷ᠎ᠠ ᠬᠢᠵᠠᠭᠠᠷ ᠱᠤᠭᠤᠮ᠎ᠢ ᠲᠤᠭᠲᠠᠭᠠᠬᠤ ᠦᠭᠡᠢ᠃ ᠰᠠᠨᠠᠯ᠎ᠳᠤ ᠪᠠᠰᠠ ᠰᠠᠭᠤᠷᠢ ᠮᠥᠩᠭᠥ᠎ᠵᠢᠨ ᠲᠥᠯᠥᠬᠦ ᠬᠠᠷᠢᠴᠠᠯ ᠪᠠ ᠣᠨ᠎ᠤ ᠬᠠᠮᠤᠭ᠎ᠤᠨ ᠥᠨᠳᠥᠷ ᠲᠥᠯᠥᠬᠦ ᠬᠢᠵᠠᠭᠠᠷ ᠲᠣᠭ᠎ᠠ᠎ᠶᠢ ᠲᠣᠳᠣᠷᠬᠠᠢ ᠲᠣᠭᠲᠠᠭᠠᠪᠠ᠃

ᠭᠤᠶᠤᠴᠢᠯᠠᠨ ᠭᠦᠢᠴᠡᠳᠬᠡᠬᠦ ᠲᠠᠯ᠎ᠠ᠎ᠪᠠᠷ᠂ ᠳᠦᠷᠢᠮ᠎ᠢ ᠨᠢᠭᠡᠨᠲᠡ ᠬᠡᠷᠡᠭᠵᠢᠭᠦᠯᠦᠭᠰᠡᠨ ᠭᠠᠵᠠᠷ ᠣᠷᠣᠨ᠎ᠳᠤ᠂ ᠳᠠᠭᠠᠳᠬᠠᠯ᠎ᠳᠤ ᠣᠷᠣᠯᠴᠠᠭ᠍ᠴᠢ ᠪᠤᠶᠤ ᠲᠡᠭᠦᠨ᠎ᠦ ᠭᠡᠷ ᠪᠦᠯᠢ᠎ᠶᠢᠨ ᠬᠢᠨ ᠡᠮ ᠡᠮᠨᠡᠯᠭᠡ ᠵᠢᠨ ᠳᠠᠭᠠᠳᠬᠠᠯ᠎ᠤᠨ ᠦᠢᠯᠡᠴᠢᠯᠡᠭᠡᠨ᠎ᠦ ᠴᠣᠩᠬᠣᠪᠴᠢ᠎ᠳᠤ ᠣᠴᠢᠬᠤ ᠪᠤᠶᠤ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠵᠠᠮ᠎ᠢᠶᠠᠷ ᠭᠤᠶᠤᠴᠢᠯᠠᠯ᠎ᠢᠶᠠᠨ ᠲᠤᠰᠢᠶᠠᠬᠤ᠎ᠶᠢᠨ ᠬᠠᠮᠲᠤ ᠮᠠᠲᠧᠷᠢᠶᠠᠯ᠎ᠢᠶᠠᠨ ᠲᠤᠰᠢᠶᠠᠵᠤ ᠪᠣᠯᠣᠨ᠎ᠠ᠂ ᠠᠮᠢᠳᠦᠷᠠᠯ᠎ᠤᠨ  ᠴᠢᠳᠠᠪᠤᠷᠢ᠎ᠪᠠᠨ ᠠᠯᠳᠠᠭᠰᠠᠨ ᠪᠠᠢᠳᠠᠯ ᠨᠢ ᠶᠡᠷᠦ᠎ᠳᠡᠭᠡᠨ 6 ᠰᠠᠷ᠎ᠠ᠎ᠡᠴᠡ ᠳᠡᠭᠡᠭᠰᠢ ᠦᠷᠭᠦᠯᠵᠢᠯᠡᠵᠦ᠂ ᠭᠤᠶᠤᠴᠢᠯᠠᠭᠠᠳ ᠦᠨᠡᠯᠡᠵᠦ ᠬᠢᠨᠠᠨ ᠲᠣᠭᠲᠠᠭᠠᠬᠤ ᠨᠦᠬᠦᠴᠡᠯ ᠳ᠋ᠤ ᠨᠠᠢᠴᠡᠭᠰᠡᠨ ᠳᠠᠭᠠᠳᠬᠠᠯ᠎ᠳᠤ ᠣᠷᠣᠯᠴᠠᠭ᠍ᠴᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠠᠭᠠᠯᠵᠠᠯ᠎ᠢ ᠭᠥᠷᠳᠡᠵᠦ ᠪᠣᠯᠣᠨ᠎ᠠ᠃

ᠲᠤᠷᠰᠢᠵᠤ ᠰᠦᠪᠡᠭᠴᠢᠯᠡᠬᠦ᠎ᠡᠴᠡ ᠪᠦᠬᠦ ᠲᠠᠯ᠎ᠠ ᠪᠡᠷ ᠳᠦᠷᠢᠮ ᠲᠤᠭᠲᠠᠭᠠᠬᠤ ᠬᠦᠷᠲᠡᠯ᠎ᠡ᠂ ᠤᠷᠳᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ ᠨᠢ 《ᠦᠲᠡᠯᠬᠦ ᠵᠢᠨ ᠦᠵᠦᠭᠦᠷ ᠡᠷᠭᠦᠵᠦ ᠲᠦᠰᠢᠬᠦ ᠬᠦᠮᠦᠨ ᠲᠡᠢ》 ᠬᠦᠰᠡᠯ ᠮᠦᠷᠦᠭᠡᠳᠦᠯ᠎ᠢ ᠪᠣᠳᠠᠲᠤ ᠠᠬᠤᠢ ᠪᠤᠯᠭᠠᠨ ᠬᠤᠪᠢᠷᠠᠭᠤᠯᠬᠤ ᠲᠡᠢᠰᠢ ᠠᠬᠢᠭᠤᠯᠵᠤ᠂ ᠪᠦᠬᠦ ᠨᠡᠢᠭᠡᠮ᠎ᠦᠨ ᠪᠣᠯᠪᠠᠰᠤᠨ᠎ᠤ ᠪᠠᠷᠢᠮᠵᠢᠶ᠎ᠠ ᠲᠦᠪᠰᠢᠨ ᠳ᠋ᠤ ᠲᠠᠬᠢᠨ ᠲᠠᠢᠯᠪᠤᠷᠢ ᠬᠢᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 25᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号