ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠤ ᠥᠪᠥᠷ ᠮᠤᠩᠭᠤᠯ᠎ᠳᠡᠬᠢ ᠰᠢᠢᠳᠪᠦᠷᠢᠳᠤ ᠤᠷᠤᠯᠳᠤᠭᠠᠨ ᠶᠠᠪᠤᠭᠳᠠᠪᠠ
2026-03-30 10:30:29
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠤ ᠥᠪᠥᠷ ᠮᠣᠩᠭᠣᠯ᠎ᠳᠡᠬᠢ ᠤᠷᠤᠯᠳᠤᠭᠠᠨ᠎ᠤ ᠲᠣᠭᠣᠷᠢᠭ᠋᠎ᠤᠨ ᠰᠢᠢᠳᠪᠦᠷᠢᠲᠦ ᠤᠷᠤᠯᠳᠤᠭᠠᠨ ᠵᠢᠴᠢ ᠪᠥᠬᠥ ᠣᠷᠣᠨ᠎ᠤ ᠲᠠᠪᠤᠳᠤᠭᠠᠷ ᠬᠤᠭᠤᠴᠠᠭᠠᠨ᠎ᠤ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠳ᠋ᠤ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ᠎ᠶᠢ ᠪᠣᠳᠠᠲᠠᠢ ᠠᠳᠬᠤᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠬᠤ᠎ᠶᠢ ᠠᠬᠢᠭᠤᠯᠬᠤ᠎ᠶᠢᠨ ᠲᠥᠯᠥᠭᠡ ᠳᠤᠰ ᠤᠷᠤᠯᠳᠤᠭᠠᠨ ᠎ᠢ ᠡᠷᠬᠢᠯᠡᠵᠦ᠂ ᠦᠰᠦᠨ ᠪᠣᠢᠵᠢᠯᠳᠠ ᠵᠢᠨ ᠤᠷᠤᠯᠳᠤᠭᠠᠨ ᠪᠠ ᠠᠵᠢᠯ ᠣᠯᠭᠣᠯᠲᠠ᠎ᠶᠢᠨ ᠤᠷᠤᠯᠳᠤᠭᠠᠨ ᠳᠤᠬᠢᠷᠠᠭᠤᠯᠵᠠᠢ᠃ ᠦᠰᠦᠨ ᠪᠣᠢᠵᠢᠯᠳᠠ ᠵᠢᠨ ᠤᠷᠤᠯᠳᠤᠭᠠᠨ᠎ᠳᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠳᠤᠭᠤᠢᠯᠠᠩ ᠪᠠ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠤᠭᠤᠢᠯᠠᠩ ᠳᠤᠬᠢᠷᠠᠭᠤᠯᠵᠤ᠂ ᠠᠵᠢᠯ ᠮᠡᠷᠭᠡᠵᠢᠯ᠎ᠦᠨ ᠲᠠᠨᠢᠯᠳᠠ ᠵᠢᠨ ᠭᠦᠨᠵᠡᠭᠡᠢᠷᠡᠯ ᠪᠠ ᠴᠢᠳᠠᠪᠤᠷᠢ᠎ᠶᠢᠨ ᠲᠠᠰ ᠳᠡᠪᠰᠢᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠤᠷᠤᠯᠳᠤᠭᠠᠨ ᠳ᠋ᠤ ᠤᠷᠤᠯᠴᠠᠭᠰᠠᠳ᠎ᠤᠨ ᠰᠤᠷᠭᠠᠭᠤᠯᠢ᠎ᠶᠢᠨ ᠬᠦᠷᠢᠶᠡᠨ᠎ᠦ ᠰᠤᠷᠤᠯᠴᠠᠯᠭ᠎ᠠ᠎ᠡᠴᠠ ᠠᠵᠢᠯ᠎ᠤᠨ ᠲᠠᠯᠠᠪᠤᠷ᠎ᠲᠤ ᠬᠡᠷᠬᠢᠨ ᠰᠢᠯᠵᠢᠬᠦ ᠵᠢ ᠭᠣᠣᠯᠳᠠᠯᠭ᠎ᠠ ᠲᠠᠢ ᠢᠯᠡᠷᠡᠭᠦᠯᠪᠡ; ᠠᠵᠢᠯ ᠣᠯᠭᠣᠯᠲᠠ᠎ᠶᠢᠨ ᠤᠷᠤᠯᠳᠤᠭᠠᠨ᠎ᠳᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠵᠢᠩᠬᠢᠨᠢ ᠠᠩᠭᠢ᠎ᠶᠢᠨ ᠰᠣᠷᠣᠭ᠍ᠴᠢ᠎ᠶᠢᠨ ᠳᠤᠭᠤᠢᠯᠠᠩ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠠᠰᠫᠢᠷᠠᠨᠲ᠎ᠤᠨ ᠳᠤᠭᠤᠢᠯᠠᠩ ᠪᠠ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠤᠭᠤᠢᠯᠠᠩ ᠳᠤᠬᠢᠷᠠᠭᠤᠯᠵᠤ ᠂ ᠤᠷᠤᠯᠳᠤᠭᠠᠨ ᠳ᠋ᠤ ᠤᠷᠤᠯᠴᠠᠭᠰᠠᠳ᠎ᠤᠨ ᠠᠵᠢᠯ ᠡᠷᠢᠬᠦ ᠪᠣᠳᠠᠲᠤ ᠴᠢᠳᠠᠪᠤᠷᠢ ᠪᠠ ᠠᠵᠢᠯ᠎ᠤᠨ ᠪᠠᠢᠷᠢ᠎ᠶᠢᠨ ᠡᠭᠦᠷᠭᠡᠯᠡᠵᠦ ᠳᠡᠶ᠋ᠢᠯᠬᠦ ᠴᠢᠳᠠᠪᠤᠷᠢ᠎ᠵᠢ ᠭᠣᠣᠯᠳᠠᠯᠭ᠎ᠠ᠎ᠲᠠᠢ ᠳᠡᠯᠭᠡᠨ ᠦᠵᠡᠭᠦᠯᠵᠡᠢ᠃ ᠪᠥᠬᠥ ᠣᠷᠣᠨ᠎ᠤ ᠰᠤᠷᠭᠠᠭᠤᠯᠢ᠎ᠳᠤ ᠪᠠᠢᠭ᠎ᠠ 30 ᠲᠦᠮᠡ ᠰᠢᠬᠠᠮ ᠣᠶᠤᠲᠠᠨ ᠢᠳᠡᠪᠬᠢᠲᠡᠢ᠎ᠪᠡᠷ ᠨᠡᠷ᠎ᠡ ᠮᠡᠳᠡᠭᠦᠯᠦᠨ ᠣᠷᠣᠯᠴᠠᠵᠤ᠂ ᠣᠷᠣᠯᠴᠠᠭᠰᠠᠨ ᠬᠥᠮᠥᠨ᠎ᠦ ᠲᠣᠭ᠎ᠠ᠂ ᠬᠡᠪᠴᠢᠶ᠎ᠡ ᠨᠢ ᠴᠥᠮ ᠥᠩᠭᠡᠷᠡᠭᠰᠡᠨ ᠬᠤᠭᠤᠴᠠᠭᠠᠨ᠎ᠤ ᠬᠢ᠎ᠡᠴᠡ ᠳᠠᠪᠠᠭᠰᠠᠨ ᠪᠠᠢᠨ᠎ᠠ᠃ ᠰᠤᠷᠭᠠᠭᠤᠯᠢ᠎ᠶᠢᠨ ᠠᠩᠬᠠᠨ᠎ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ᠎ᠤ ᠨᠤᠭᠤᠯᠤᠭ᠎ᠠ ᠤᠷᠤᠯᠳᠤᠭᠠᠨ᠎ᠤ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠡᠴᠦᠰ᠎ᠲᠡᠬᠡᠨ 180 ᠤᠷᠤᠯᠴᠠᠭᠴᠢ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠤᠷᠤᠯᠳᠤᠭᠠᠨ᠎ᠳᠤ ᠣᠷᠣᠯᠴᠠᠵᠠᠢ᠃

ᠤᠷᠤᠯᠳᠤᠭᠠᠨ᠎ᠤ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠶᠡᠬᠡ ᠳᠡᠭᠡᠳᠦ ᠰᠤᠷᠭᠠᠭᠤᠯᠢ᠎ᠶᠢᠨ ᠠᠵᠢᠯ ᠣᠯᠭᠣᠵᠤ ᠬᠥᠮᠥᠨ᠎ᠢ ᠬᠥᠮᠥᠵᠢᠭᠦᠯᠬᠦ ᠠᠵᠢᠯ᠎ᠤᠨ ᠦᠷ᠎ᠡ ᠪᠦᠲᠦᠭᠡᠯ᠎ᠦᠨ ᠦᠵᠡᠭᠦᠯᠭᠡ᠂ ᠰᠢᠢᠳᠪᠦᠷᠢᠲᠦ ᠤᠷᠤᠯᠳᠤᠭᠠᠨ᠎ᠤ ᠴᠣᠭ ᠵᠢᠪᠬᠤᠭ᠎ᠠ᠎ᠶᠢᠨ ᠦᠵᠡᠭᠦᠯᠭᠡ ᠵᠢᠴᠢ ᠬᠥᠮᠥᠨ ᠬᠡᠷᠡᠭᠯᠡᠬᠦ ᠨᠢᠭᠡᠴᠢ ᠵᠢᠨ ᠰᠢᠯᠢᠨ ᠰᠣᠩᠭᠣᠬᠤ ᠵᠡᠷᠭᠡ ᠠᠵᠢᠯᠯᠠᠭ᠎ᠠ᠎ᠶᠢ ᠵᠡᠷᠭᠡ ᠪᠡᠷ ᠥᠷᠨᠢᠭᠦᠯᠵᠦ᠂ ᠤᠷᠤᠯᠳᠤᠭᠠᠨ ᠬᠢᠭᠡᠳ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠭᠦᠨᠵᠡᠭᠡᠢ ᠠᠭᠤᠰᠤᠯᠴᠠᠭᠤᠯᠤᠨ᠂ ᠤᠷᠤᠯᠳᠤᠭᠠᠨ᠎ᠳᠤ ᠣᠷᠣᠯᠴᠠᠭᠰᠠᠳ᠎ᠤᠨ ᠰᠤᠷᠤᠯᠴᠠᠵᠤ ᠦᠰᠦᠨ ᠪᠣᠢᠵᠢᠬᠤ᠂ ᠦᠢᠯᠡᠳᠦᠯᠭᠡ᠎ᠶᠢᠨ ᠪᠣᠯᠪᠠᠰᠤᠷᠠᠯ ᠬᠢᠬᠦ ᠪᠠ ᠠᠵᠢᠯ᠎ᠤᠨ ᠪᠠᠢᠷᠢ᠎ᠶᠢ ᠵᠣᠯᠭᠠᠭᠤᠯᠬᠤ ᠠᠷᠭ᠎ᠠ ᠵᠠᠮ᠎ᠢ ᠥᠷᠭᠡᠳᠬᠡᠵᠦ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠠᠮᠵᠢᠯᠲᠠ ᠣᠯᠬᠤ᠎ᠶᠢ ᠠᠬᠢᠭᠤᠯᠬᠤ᠎ᠶᠢ ᠦᠨᠡᠨ ᠬᠦ᠌ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号