ᠥᠪᠥᠷ ᠮᠣᠩᠭᠣᠯ 21.68 ᠳ᠋ᠦᠩᠱᠢᠭᠤᠷ ᠲᠥᠭᠥᠷᠢᠭ ᠤ᠋ᠨ ᠰᠤᠷᠭᠠᠭᠤᠯᠢ ᠢ᠋ᠢᠨ ᠪᠠᠢᠷᠢ᠎ᠶ᠋ᠢᠨ ᠠᠮᠤᠷ ᠲᠦᠪᠱᠢᠨ᠎ᠢ ᠪᠠᠲᠤᠯᠠᠬᠤ ᠪᠡᠯᠡ ᠮᠦᠨᠭᠬᠦ ᠪᠠᠭᠤᠯᠭᠠᠪᠠ
2026-03-30 09:45:03
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠰᠤᠷᠭᠠᠭᠤᠯᠢ᠎ᠶ᠋ᠢᠨ ᠪᠠᠢᠷᠢ᠎ᠶ᠋ᠢᠨ ᠠᠮᠤᠷ ᠲᠦᠪᠱᠢᠨ᠎ᠢ ᠪᠠᠲᠤᠯᠠᠬᠤ ᠣᠷᠳᠣ ᠬᠤᠭᠤᠴᠠᠭᠠᠨ᠎ᠤ ᠪᠦᠳᠦᠮᠵᠢᠳᠤ ᠲᠣᠭ᠍ᠲᠠᠴᠠ᠎ᠶ᠋ᠢᠨ ᠪᠠᠯᠠ ᠮᠥᠩᠭᠥ᠎ᠶ᠋ᠢ ᠨᠡᠢᠲᠡ 21.68 ᠳ᠋ᠦᠩᠱᠢᠭᠤᠷ ᠲᠥᠭᠥᠷᠢᠭ ᠪᠠᠭᠤᠯᠭᠠᠵᠤ᠂ ᠪᠥᠬᠥ᠌ ᠣᠷᠣᠨ᠎ᠤ ᠡᠯ᠎ᠡ ᠱᠠᠲᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠳᠤ ᠠᠱᠢᠭ ᠬᠦᠷᠲᠡᠭᠡᠪᠡ᠃ ᠪᠡᠯᠡ ᠮᠥᠩᠭᠥ᠎ᠶ᠋ᠢ ᠭᠣᠣᠯᠳᠠᠭᠤ ᠮᠠᠯᠵᠢᠬᠤ ᠲᠠᠷᠢᠶᠠᠯᠠᠬᠤ ᠣᠷᠣᠨ᠂ ᠬᠢᠯᠢ ᠬᠢᠵᠠᠭᠠᠷ ᠭᠠᠵᠠᠷ ᠣᠷᠣᠨ᠎ᠤ ᠰᠤᠷᠭᠠᠭᠤᠯᠢ ᠪᠣᠯᠤᠨ ᠰᠤᠷᠭᠠᠭᠤᠯᠢ ᠡᠷᠬᠢᠯᠡᠬᠦ᠌ ᠨᠥᠬᠥᠴᠡᠯ᠎ᠢᠶᠡᠷ ᠪᠠᠭᠤᠷᠠᠶ ᠰᠤᠷᠭᠠᠭᠤᠯᠢ ᠲᠡᠢᠰᠢ ᠬᠡᠯᠪᠡᠢᠯᠭᠡᠵᠦ᠍᠂ ᠭᠣᠣᠯᠳᠠᠭᠤ ᠠᠯᠪᠠᠨ᠎ᠠᠴᠠ ᠡᠷᠬᠢᠯᠡᠭ᠌ᠰᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ᠎ᠶ᠋ᠢᠨ ᠰᠤᠷᠭᠠᠭᠤᠯᠢ᠎ᠶ᠋ᠢᠨ ᠪᠠᠢᠷᠢ ᠢ᠋ᠢ ᠰᠡᠯᠪᠢᠨ ᠵᠠᠰᠠᠵᠤ ᠥᠭᠡᠷᠡᠴᠢᠯᠡᠬᠦ᠌᠂ ᠥᠭᠡᠷᠡᠴᠢᠯᠡᠵᠦ᠍ ᠥᠷᠭᠡᠳᠭᠡᠨ ᠪᠠᠢᠭᠤᠯᠬᠤ ᠵᠢᠴᠢ ᠳᠠᠭᠠᠯᠲᠠ ᠲᠦᠬᠦᠬᠡᠷᠤᠮᠵᠢ᠎ᠶ᠋ᠢ ᠲᠡᠭᠦᠯᠳᠡᠷᠵᠢᠭᠦᠯᠬᠦ᠌ ᠵᠡᠷᠭᠡ᠎ᠳᠦ ᠬᠡᠷᠡᠭᠯᠡᠵᠡᠢ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠵᠠᠷᠤᠳᠠᠯ᠎ᠤᠨ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ᠎ᠲᠠᠶ ᠤᠶᠠᠯᠳᠤᠭᠤᠯᠤᠨ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠬᠣᠲᠠ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠪᠠᠢᠷᠢ᠎ᠶ᠋ᠢᠨ ᠠᠮᠤᠷ ᠲᠦᠪᠱᠢᠨ᠎ᠢ ᠪᠠᠲᠤᠯᠠᠬᠤ ᠲᠣᠭ᠍ᠲᠠᠴᠠ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠯ᠎ᠡ ᠠᠢᠮᠠᠭ ᠬᠣᠲᠠ᠎ᠶ᠋ᠢᠨ ᠲᠣᠭ᠍ᠲᠠᠴᠠ᠎ᠶ᠋ᠢᠨ ᠪᠠᠢᠭᠤᠯᠤᠯᠲᠠ ᠬᠢᠭᠡᠳ ᠠᠵᠢᠯᠯᠠᠭᠠᠨ᠎ᠤ ᠪᠠᠢᠳᠠᠯ᠂ ᠨᠡᠢᠲᠡᠯᠢᠭ ᠲᠤᠷᠱᠢᠯᠭ᠎ᠠ ᠠᠷᠭ᠎ᠠ ᠬᠢᠳᠡᠯ᠂ ᠦᠷ᠎ᠡ ᠪᠦᠲᠦᠮᠵᠢ ᠵᠢᠴᠢ ᠣᠳᠣᠬᠠᠨ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠤᠢᠯᠠᠭᠠᠨ᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠴᠤᠭ᠍ᠯᠠᠭᠤᠯᠵᠤ᠂ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢ ᠡᠳ᠋᠎ᠦᠨ ᠵᠠᠰᠠᠭ᠎ᠤᠨ ᠶᠠᠮᠤᠨ ᠪᠠ ᠰᠤᠷᠭᠠᠨ ᠬᠥᠮᠦᠵᠢᠯ᠎ᠦᠨ ᠶᠠᠮᠤᠨ᠎ᠳᠤ ᠮᠡᠳᠡᠭᠦᠯᠦᠨ ᠬᠦᠷᠭᠡᠵᠦ᠍᠂ ᠳᠡᠭᠡᠳᠦ ᠱᠠᠲᠤᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠯᠠᠪᠯᠠᠯᠲᠠ ᠬᠠᠨᠭᠭᠠᠪᠠ᠃ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠢᠭᠡᠳᠦᠯᠲᠡᠶ ᠲᠥᠯᠥᠪᠵᠢᠭᠦᠯᠭᠡ ᠵᠢᠯᠣᠭᠣᠳᠣᠯᠭ᠎ᠠ ᠳᠤᠤᠷ᠎ᠠ ᠡᠯ᠎ᠡ ᠠᠢᠮᠠᠭ ᠬᠣᠲᠠ ᠰᠤᠷᠭᠠᠭᠤᠯᠢ᠎ᠶ᠋ᠢᠨ ᠪᠠᠢᠷᠢ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠬᠦ᠌᠎ᠶ᠋ᠢ ᠠᠬᠢᠭᠤᠯᠪᠠ᠃

ᠲᠠᠷᠠᠭᠠᠴᠢ᠎ᠪᠡᠷ ᠮᠠᠨ᠎ᠤ ᠤᠷᠤᠨ ᠪᠠᠯᠠ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠨᠥᠬᠥᠴᠡᠯ᠎ᠢ ᠲᠠᠰᠤᠷᠠᠯᠲᠠ ᠥᠬᠡᠶ ᠰᠠᠢᠵᠢᠷᠠᠭᠤᠯᠵᠤ᠂ ᠪᠥᠬᠥ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠬᠦ᠌᠎ᠶ᠋ᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号