3 ᠰᠠᠷ᠎ᠠ᠎ᠶᠢᠨ 27᠎ᠤ᠋ ᠡᠳᠦᠷ᠂ 2026 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ ᠪᠠ ᠬᠠᠤᠯᠢ᠎ᠪᠠᠷ ᠵᠠᠰᠠᠬᠤ ᠠᠵᠢᠯ᠎ᠤᠨ ᠬᠤᠷᠠᠯ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠳ᠋ᠤ ᠶᠠᠪᠤᠭᠳᠠᠪᠠ᠃ ᠬᠤᠷᠠᠯ ᠡᠴᠡ ᠪᠦᠬᠦ ᠵᠢᠯ᠎ᠤᠨ ᠰᠤᠷᠭᠠᠨ ᠬᠦᠮᠦᠵᠢᠯ᠎ᠤᠨ ᠲᠦᠷᠦ ᠵᠢᠨ ᠪᠤᠳᠤᠯᠭ᠎ᠠ ᠪᠠ ᠬᠠᠤᠯᠢ ᠪᠡᠷ ᠵᠠᠰᠠᠬᠤ ᠠᠵᠢᠯ᠎ᠤᠨ ᠭᠤᠤᠯᠳᠠᠯᠭ᠎ᠠ ᠵᠢ ᠪᠠᠢᠷᠢᠯᠠᠭᠤᠯᠪᠠ᠃
ᠬᠤᠷᠠᠯ᠎ᠠᠴᠠ᠂ 2026 ᠣᠨ ᠪᠣᠯ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠣᠨ᠎ᠠ᠃ ᠮᠥᠨᠴᠦ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ᠎ᠪᠠᠷ ᠬᠠᠤᠯᠢ ᠪᠡᠷ ᠰᠤᠷᠭᠠᠨ ᠬᠦᠮᠦᠵᠢᠯ᠎ᠢ ᠵᠠᠰᠠᠬᠤ ᠲᠤᠷᠰᠢᠯᠲᠠ᠎ᠶᠢᠨ ᠴᠡᠭ᠎ᠤᠨ ᠡᠭᠦᠷᠭᠡ᠎ᠶᠢ ᠨᠠᠢᠳᠠᠪᠤᠷᠢᠵᠢᠭᠤᠯᠬᠤ ᠵᠠᠩᠭᠢᠯᠠᠭ᠎ᠠ᠎ᠶᠢᠨ ᠨᠢᠭᠡ ᠵᠢᠯ ᠪᠣᠯᠣᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ ᠪᠠ ᠬᠠᠤᠯᠢ᠎ᠪᠠᠷ ᠵᠠᠰᠠᠬᠤ ᠳ᠋ᠤ ᠲᠤᠯᠭᠠᠷᠠᠵᠤ ᠪᠠᠢᠭ᠎ᠠ ᠰᠢᠨ᠎ᠡ ᠪᠠᠢᠳᠠᠯ᠂ ᠰᠢᠨ᠎ᠡ ᠡᠭᠦᠷᠭᠡ᠎ᠶᠢ ᠣᠨᠣᠪᠴᠢᠲᠠᠶ ᠡᠵᠡᠮᠳᠡᠬᠦ ᠬᠡᠷᠡᠭᠲᠡᠢ᠃ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢᠨ ᠡᠭᠦᠳᠡᠨ᠎ᠡᠴᠡ᠂ ᠬᠠᠤᠯᠢ ᠶᠣᠰᠣᠭᠠᠷ ᠰᠤᠷᠭᠠᠨ ᠬᠥᠮᠦᠵᠢᠯ᠎ᠢ ᠵᠠᠰᠠᠬᠤ ᠳ᠋ᠤ ᠲᠤᠯᠭᠠᠷᠠᠵᠤ ᠪᠠᠢᠭ᠎ᠠ ᠥᠷᠢᠰᠦᠯᠳᠦᠭᠡᠨ᠎ᠢ ᠤᠭᠳᠤᠨ᠂ ᠰᠠᠭᠤᠷᠢ᠎ᠶᠢ ᠪᠡᠬᠢᠵᠢᠭᠦᠯᠬᠦ ᠂ ᠳᠤᠲᠠᠭᠤᠳᠠᠯ᠎ᠢ ᠨᠥᠬᠥᠪᠦᠷᠢᠯᠡᠬᠦ᠂ ᠳᠠᠪᠠᠭᠤᠯᠢᠭ ᠵᠢᠡᠨ ᠪᠤᠯᠪᠠᠰᠤᠷᠠᠭᠤᠯᠬᠤ᠂ ᠰᠢᠨ᠎ᠡ᠎ᠶᠢ ᠪᠣᠢᠵᠢᠭᠤᠯᠬᠤ᠎ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ᠎ᠦᠨ ᠰᠢᠰᠲᠧᠮ᠎ᠦᠨ ᠲᠥᠷᠥ᠎ᠶᠢᠨ ᠪᠣᠳᠣᠯᠭ᠎ᠠ ᠪᠠ ᠬᠠᠤᠯᠢ᠎ᠪᠠᠷ ᠵᠠᠰᠠᠬᠤ ᠠᠵᠢᠯ᠎ᠤᠨ ᠰᠢᠨ᠎ᠡ ᠳᠡᠭᠲᠡᠷ᠎ᠲᠦ ᠭᠠᠷᠬᠤ᠎ᠶᠢ ᠲᠠᠰᠤᠷᠠᠯᠲᠠ ᠦᠭᠡᠢ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃
ᠬᠤᠷᠠᠯ ᠠ᠋ᠴᠠ᠂ 《ᠪᠥᠬᠥ ᠲᠠᠯ᠎ᠠ᠎ᠪᠠᠷ ᠬᠠᠤᠯᠢᠶᠤᠰᠤᠭᠠᠷ ᠰᠤᠷᠭᠠᠨ ᠬᠥᠮᠦᠵᠢᠯ᠎ᠢ ᠵᠠᠰᠠᠬᠤ ᠲᠤᠷᠰᠢᠯᠲᠠ》 ᠵᠢᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠶᠡᠬᠡ ᠳᠡᠭᠡᠳᠦ ᠰᠤᠷᠭᠠᠭᠤᠯᠢ ᠳᠦᠷᠢᠮ᠎ᠦᠨ ᠬᠡᠷᠡᠭᠵᠢᠭᠦᠯᠦᠯᠲᠡ ᠪᠠ ᠳᠦᠷᠢᠮ᠎ᠦᠨ ᠰᠢᠰᠲᠧᠮ᠎ᠦᠨ ᠪᠠᠢᠭᠤᠯᠤᠯᠲᠠ ᠵᠡᠷᠭᠡ᠎ᠪᠡᠷ ᠭᠣᠣᠯᠳᠠᠯᠭ᠎ᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠨᠠᠰᠤᠨ᠎ᠳᠤ ᠥᠯᠥ ᠭᠦᠷᠦᠭᠰᠡᠳ᠎ᠦᠨ ᠬᠠᠤᠯᠢ᠎ᠶᠢ ᠵᠥᠷᠢᠴᠡᠵᠦ ᠶᠠᠯ᠎ᠠ ᠬᠢᠬᠦ᠎ᠶᠢ ᠰᠡᠷᠭᠡᠢᠯᠡᠬᠦ ᠵᠡᠷᠭᠡ᠎ᠪᠡᠷ ᠭᠣᠣᠯᠳᠠᠯᠭ᠎ᠠ ᠪᠣᠯᠭᠠᠵᠤ᠂ ᠬᠠᠤᠯᠢᠶᠤᠰᠤᠭᠠᠷ ᠰᠤᠷᠭᠠᠨ ᠬᠥᠮᠦᠵᠢᠯ᠎ᠢ ᠵᠠᠰᠠᠬᠤ ᠂ ᠬᠠᠤᠯᠢᠶᠤᠰᠤᠭᠠᠷ ᠰᠤᠷᠭᠠᠭᠤᠯᠢ᠎ᠶᠢ ᠵᠠᠰᠠᠬᠤ ᠬᠢᠷᠢ ᠲᠦᠪᠰᠢᠨ᠎ᠢᠶᠡᠨ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠣᠨ ᠳᠤᠮᠳᠠᠳᠤ ᠪᠠᠭ᠎ᠠ ᠰᠤᠷᠭᠠᠭᠤᠯᠢ ᠨᠠᠰᠤᠨ᠎ᠳᠤ ᠥᠯᠥ ᠭᠦᠷᠦᠭᠰᠡᠳ᠎ᠦᠨ ᠬᠠᠤᠯᠢ ᠠ᠋ᠴᠠ ᠵᠥᠷᠢᠴᠡᠨ ᠶᠠᠯ᠎ᠠ ᠬᠢᠬᠦ᠎ᠶᠢ ᠪᠥᠬᠥ ᠬᠦᠴᠦᠨ᠎ᠢᠶᠡᠷ᠎ᠢᠶᠡᠨ ᠰᠡᠷᠭᠡᠢᠯᠡᠵᠦ᠂ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠲᠤᠬᠠᠢ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭᠠᠳᠬᠠᠬᠤ ᠬᠡᠷᠡᠭᠲᠡᠢ᠃ ᠳᠦᠷᠢᠮ᠎ᠦᠨ ᠬᠡᠷᠡᠭᠵᠢᠭᠦᠯᠦᠯᠲᠡ ᠪᠠ ᠳᠦᠷᠢᠮ᠎ᠦᠨ ᠰᠢᠰᠲᠧᠮ᠎ᠦᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠠᠤᠯᠢ᠎ᠪᠠᠷ ᠵᠠᠰᠠᠬᠤ ᠠᠵᠢᠯ᠎ᠤᠨ ᠪᠠᠢᠭᠤᠯᠤᠮᠵᠢ ᠪᠠ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠪᠠ ᠬᠠᠤᠯᠢ ᠶᠣᠰᠣᠭᠠᠷ ᠡᠷᠬᠡ᠎ᠪᠡᠨ ᠬᠠᠮᠠᠭᠠᠯᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠬᠦ ᠬᠡᠷᠡᠭᠳᠡᠢ᠃ ᠲᠤᠷᠰᠢᠯᠲᠠ᠎ᠶᠢᠨ ᠭᠠᠵᠠᠷ ᠣᠷᠣᠨ ᠪᠣᠯᠣᠨ ᠰᠤᠷᠭᠠᠭᠤᠯᠢ᠎ᠨᠤᠭᠤᠳ ᠬᠠᠤᠯᠢ ᠶᠣᠰᠣᠭᠠᠷ ᠰᠤᠷᠭᠠᠨ ᠬᠥᠮᠦᠵᠢᠯ᠎ᠢ ᠵᠠᠰᠠᠬᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠡᠯ᠎ᠡ ᠵᠦᠢᠯ᠎ᠦᠨ ᠡᠭᠦᠷᠭᠡ᠎ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠬᠠᠤᠯᠢ ᠶᠣᠰᠣᠭᠠᠷ ᠰᠤᠷᠭᠠᠨ ᠬᠥᠮᠦᠵᠢᠯ᠎ᠢ ᠵᠠᠰᠠᠬᠤ᠂ ᠬᠠᠤᠯᠢ ᠶᠣᠰᠣᠭᠠᠷ ᠰᠤᠷᠭᠠᠭᠤᠯᠢ᠎ᠶᠢ ᠵᠠᠰᠠᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠳᠡᠢ ᠬᠡᠵᠦ ᠱᠠᠭᠠᠷᠳᠠᠪᠠ᠃
ᠬᠤᠷᠠᠯ ᠲᠡᠭᠡᠷ᠎ᠡ᠂ ᠪᠦᠬᠦ ᠣᠷᠣᠨ᠎ᠤ 《ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠭᠰᠠᠨ ᠠᠷᠪᠠᠨ ᠨᠡᠢᠲᠡᠯᠢᠭ ᠵᠢᠱ᠌ᠢᠶ᠎ᠡ》 ᠵᠢ ᠨᠡᠢᠲᠡᠯᠡᠵᠦ᠂ ᠦᠬᠠᠢ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠤᠯᠠᠭᠠᠨᠴᠠᠪ ᠬᠣᠲᠠ᠂ ᠬᠥᠬᠡᠬᠣᠲᠠ ᠪᠠ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠤᠯᠠᠭᠠᠨᠬᠠᠳᠠ ᠶᠡᠬᠡ ᠰᠤᠷᠭᠠᠭᠤᠯᠢ᠂ ᠬᠥᠯᠥᠨ ᠪᠣᠶ᠋ᠢᠷ ᠳᠡᠭᠡᠳᠦ ᠰᠤᠷᠭᠠᠭᠤᠯᠢ᠂ ᠮᠠᠨᠵᠤᠤᠷ᠎ᠤᠨ ᠣᠷᠣᠰ ᠬᠡᠯᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 10 ᠨᠢᠭᠡᠴᠢ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ᠎ᠳᠤ ᠣᠷᠣᠯᠴᠠᠭᠰᠠᠳ ᠬᠠᠤᠯᠢ ᠶᠣᠰᠣᠭᠠᠷ ᠰᠤᠷᠭᠠᠭᠤᠯᠢ᠎ᠶᠢ ᠵᠠᠰᠠᠬᠤ ᠵᠢᠴᠢ ᠰᠤᠷᠭᠠᠨ ᠬᠥᠮᠦᠵᠢᠯ᠎ᠦᠨ ᠰᠢᠰᠲᠧᠮ᠎ᠦᠨ 《ᠶᠢᠰᠦᠳᠦᠭᠡᠷ ᠲᠠᠪᠤᠨ ᠵᠢᠯ》 ᠤ᠋ᠨ ᠬᠠᠤᠯᠢ ᠴᠠᠭᠠᠵᠠ᠎ᠶᠢ ᠲᠦᠭᠡᠮᠡᠯᠵᠢᠭᠦᠯᠬᠦ ᠲᠥᠯᠦᠪᠵᠢᠭᠦᠯᠭᠡ᠎ᠶᠢ ᠲᠣᠭᠲᠠᠭᠠᠬᠤ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠪᠠ᠃