ᠣᠯᠠᠨ ᠤᠯᠤᠰ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠦᠯᠬᠦᠮ ᠥᠪᠥᠷ ᠮᠣᠩᠭᠣᠯ ᠳ᠋ᠦ ᠬᠦᠨᠵᠡᠬᠡᠢᠷᠡᠵᠦ᠂ ᠤᠯᠤᠰ ᠤ᠋ᠨ ᠲᠠᠰ ᠤ᠋ᠨ ᠰᠤᠳᠤᠨ ᠴᠢᠳᠠᠪᠤᠷᠢᠲᠠᠳ ᠲᠥᠷᠥᠯ ᠵᠦᠶ᠋ᠯ ᠵᠢᠡᠨ ᠠᠪᠤᠭᠠᠳ 《ᠳᠤᠯᠠᠭᠠᠨ ᠬᠣᠲᠠ》 ᠳ᠋ᠤ ᠰᠠᠭᠠᠳᠠᠵᠤ᠂ ᠣᠷᠣᠢᠯᠠᠭ᠍ᠰᠠᠨ ᠶᠡᠬᠡ ᠳᠡᠭᠡᠳᠦ ᠰᠤᠷᠭᠠᠭᠤᠯᠢ ᠵᠢᠨ ᠱᠢᠨ᠎ᠡ ᠦᠷ᠎ᠡ ᠪᠦᠲᠦᠭᠡᠯ ᠣᠷᠳᠣᠰ ᠬᠣᠲᠠ ᠳ᠋ᠦ ᠨᠤᠲᠤᠭ᠍ᠰᠢᠨᠠ ᠁ ᠴᠢᠳᠠᠪᠤᠷᠢᠲᠠᠨ ᠵᠢᠡᠷ ᠭᠤᠤᠯ ᠪᠣᠯᠭᠠᠭ᠍ᠰᠠᠨ ᠱᠢᠨ᠎ᠡ ᠵᠢ ᠡᠭᠦᠳᠬᠦ᠌ ᠬᠤᠪᠢᠰᠭᠠᠯ ᠨᠢ ᠣᠷᠳᠣᠰ ᠬᠤᠳᠠ ᠵᠢᠨ ᠴᠢᠳᠠᠪᠤᠷᠢᠳᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠲᠸ᠋ ᠰᠠᠭᠤᠷᠢᠯᠡᠨ ᠦᠳᠳᠡᠷ ᠲᠦᠷᠬᠡᠨ ᠵᠢᠡᠷ ᠥᠷᠨᠢᠨ ᠪᠠᠳᠠᠷᠠᠵᠤ ᠪᠠᠢᠨ᠎ᠠ᠃
ᠤᠢ᠍ᠢᠷᠠ ᠵᠢᠨ ᠵᠢᠯ ᠳ᠋ᠤ 《ᠲᠦᠷᠪᠡᠨ ᠳᠡᠯᠡᠬᠡᠢ ᠵᠢᠨ ᠲᠡᠰ ᠤ᠋ᠨ ᠠᠵᠤ ᠦᠢᠯᠡᠰ》 ᠪᠦᠯᠦᠭ᠌ᠵᠢᠨ ᠬᠥᠭ᠌ᠵᠢᠭ᠌ᠰᠡᠨ ᠡᠴᠡ ᠴᠢᠳᠠᠪᠤᠷᠢᠲᠠᠨ ᠤ᠋ ᠬᠡᠷᠡᠭ᠌ᠴᠡᠭᠡ ᠱᠠᠭᠠᠷᠳᠠᠯᠭ᠎ᠠ ᠤᠯᠠᠮ ᠨᠡᠮᠡᠭᠳᠡᠵᠦ᠂ ᠤᠷᠳᠤᠰ ᠬᠤᠳᠠ ᠴᠢᠳᠠᠪᠤᠷᠢᠲᠠᠨ ᠤ᠋ ᠲᠦᠷᠦ᠍ ᠵᠢᠨ ᠪᠤᠳᠤᠯᠭ᠎ᠠ ᠵᠢᠨ 《ᠬᠠᠮ ᠠᠷᠭ᠎ᠠ ᠬᠡᠮᠵᠢᠶ᠎ᠡ》 ᠭᠠᠷᠭᠠᠪᠠ᠄ 《ᠴᠢᠳᠠᠪᠤᠷᠢᠲᠠᠨ ᠤ᠋ ᠱᠢᠨ᠎ᠡ ᠲᠦᠷᠦ᠍ ᠵᠢᠨ ᠪᠤᠳᠤᠯᠭ᠎ᠠ ᠵᠢᠨ ᠬᠣᠣᠰ 30 ᠵᠤᠷᠪᠤᠰ》 ᠢ᠋ ᠲᠣᠭ᠍ᠲᠠᠭᠠᠨ ᠬᠡᠷᠡᠭᠵᠢᠬᠦᠯᠵᠤ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠲᠦᠷᠦ᠍ ᠵᠢᠨ ᠪᠤᠳᠤᠯᠭ᠎ᠠ ᠵᠢᠨ 30 ᠵᠤᠷᠪᠤᠰ》 ᠢ᠋ ᠲᠡᠰ ᠳᠡᠪᠱᠢᠭᠦᠯᠤᠨ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠤ ᠪᠤᠯᠤᠩ ᠤ᠋ᠨ ᠣᠷᠣᠨ ᠵᠢᠴᠢ ᠱᠢᠶᠦ᠋ᠩ ᠠᠨ ᠱᠢᠨ᠎ᠡ ᠲᠣᠭᠣᠷᠢᠭ ᠵᠡᠷᠭᠡ ᠱᠢᠨ᠎ᠡ ᠵᠢ ᠡᠭᠦᠳᠬᠦ᠌ ᠡᠬᠢ ᠪᠠᠶᠠᠯᠢᠭ ᠲᠠᠶ ᠭᠦᠨᠵᠡᠭᠡᠢ ᠵᠣᠯᠭᠠᠭᠤᠯᠵᠤ᠂ ᠪᠡᠭᠡᠵᠢᠩ᠂ ᠱᠠᠩᠬᠠᠢ᠂ ᠱᠧᠨᠵᠧᠨ᠂ ᠱᠢᠶᠦ᠋ᠩ ᠠᠨ ᠳ᠋ᠦ ᠴᠢᠳᠠᠪᠤᠷᠢᠲᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠢ᠋ ᠪᠠᠢᠷᠢᠯᠠᠭᠤᠯᠵᠤ᠂ ᠰᠢ ᠠᠨ ᠳ᠋ᠦ ᠴᠢᠳᠠᠪᠤᠷᠢᠲᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ《ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠡᠬᠦᠯᠡᠨ ᠰᠠᠭᠤᠷᠢᠨ ᠭᠠᠵᠡᠷ》 ᠢ᠋ ᠪᠠᠢᠭᠤᠯᠪᠡ᠃ ᠡᠨᠧᠷᠭᠢ ᠵᠢᠨ ᠠᠵᠤ ᠦᠶ᠋ᠯᠡᠰ ᠵᠢᠡᠷ ᠠᠯᠳᠠᠷᠱᠢᠭ᠍ᠰᠠᠨ ᠤᠷᠳᠤᠰ ᠬᠣᠲᠠ ᠭᠠᠵᠠᠷ ᠣᠷᠣᠨ ᠤ᠋ ᠪᠠᠨ ᠴᠠᠭ ᠪᠠ ᠣᠷᠣᠨ ᠵᠠᠶ ᠵᠢᠨ ᠬᠢᠵᠠᠭᠠᠷᠯᠠᠯ ᠢ᠋ ᠡᠪᠳᠡᠨ᠂ 《ᠤᠨᠳᠤᠤ ᠭᠠᠵᠠᠷ ᠲᠦ᠍ ᠰᠤᠳᠤᠯᠤᠨ ᠨᠡᠬᠡᠬᠡᠯᠳᠡ ᠬᠢᠯᠬᠡᠵᠤ ᠤᠷᠳᠤᠰ ᠬᠤᠳᠠ ᠳ᠋ᠤ ᠦᠷ᠎ᠠ ᠪᠦᠳᠦᠬᠡᠯ ᠢ᠋ ᠨᠢ ᠤᠨᠳᠤᠤᠰᠢᠭᠤᠯᠬᠤ᠂ ᠤᠨᠳᠤᠤ ᠭᠠᠵᠠᠷ ᠲᠦ᠍ ᠨᠡᠪᠴᠢᠭᠦᠯᠵᠤ ᠤᠷᠳᠤᠰ ᠬᠤᠳᠠ ᠳ᠋ᠤ ᠦᠢᠯᠡᠳᠤᠯ ᠢ᠋ ᠨᠢ ᠪᠠᠳᠠᠷᠠᠭᠤᠯᠬᠤ᠂ ᠤᠨᠳᠤᠤ ᠭᠠᠵᠠᠷ ᠲᠦ᠍ ᠴᠢᠳᠠᠪᠤᠷᠢᠲᠠᠨ ᠢ᠋ ᠤᠷᠢᠨ ᠠᠵᠢᠯᠯᠠᠭᠤᠯᠵᠤ ᠤᠷᠳᠤᠰ ᠬᠤᠳᠠ ᠳ᠋ᠤ ᠡᠷᠳᠡᠮ ᠴᠢᠳᠠᠪᠤᠷᠢ ᠵᠢ ᠨᠢ ᠠᠰᠢᠬᠯᠠᠬᠤ》 ᠱᠢᠨ᠎ᠡ ᠠᠮᠢ ᠠᠬᠤᠶ ᠵᠢ ᠪᠤᠢ ᠪᠤᠯᠭᠠᠵᠤ᠂ ᠤᠷᠢᠳᠴᠢᠯᠠᠭ᠍ᠰᠠᠨ ᠲᠥᠷᠥ ᠵᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠨ᠂ ᠭᠠᠵᠠᠷ ᠤᠷᠤᠨ ᠠᠯᠤᠰᠯᠠᠨ ᠱᠢᠨ᠎ᠡ ᠵᠢ ᠡᠭᠦᠳᠬᠦ᠌ ᠪᠡᠷ ᠬᠥᠭᠥᠷᠭᠡ ᠪᠣᠯᠭᠠᠵᠤ᠂ ᠴᠢᠩᠭ᠎ᠠ ᠬᠦᠴᠦᠳᠡᠢ ᠪᠡᠯᠡ ᠣᠷᠣᠭᠤᠯᠤᠯᠲᠠ᠂ ᠪᠥᠬᠥ᠌ ᠦᠶᠡᠯᠡᠯ ᠤ᠋ᠨ ᠬᠤᠭᠤᠴᠠᠭᠠᠨ ᠤ᠋ ᠦᠶ᠋ᠯᠡᠴᠢᠯᠡᠭᠡᠨ ᠤ᠋ ᠪᠠᠲᠤᠯᠠᠭ᠎ᠠ ᠪᠤᠯᠤᠨ ᠬᠠᠮᠤᠭ ᠤ᠋ᠨ ᠱᠢᠯᠢᠳᠡᠭ ᠲᠥᠷᠥ ᠵᠢᠨ ᠪᠣᠳᠣᠯᠭ᠎ᠠ ᠵᠢᠨ ᠣᠷᠴᠢᠨ ᠨᠦᠬᠦᠴᠡᠯ ᠢ᠋ᠶ᠋ᠠᠷ ᠳᠡᠭᠡᠳᠦ ᠲᠠᠰ ᠤ᠋ᠨ ᠴᠢᠳᠠᠪᠤᠷᠢᠲᠠᠨ ᠤ᠋ 《ᠰᠣᠷᠢᠨᠵᠢᠨ ᠤᠷᠤᠨ》 ᠢ᠋ ᠴᠣᠭ᠍ᠴᠠᠯᠠᠪᠠ᠃
ᠴᠢᠳᠠᠪᠤᠷᠢᠲᠠᠨ ᠤ᠋ ᠲᠥᠷᠥ ᠵᠢᠨ ᠪᠣᠳᠣᠯᠭ᠎ᠠ ᠵᠢ ᠤᠨᠳᠤᠤ ᠭᠠᠵᠠᠷ ᠲᠦ᠍ ᠬᠦᠷᠬᠡᠵᠤ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠢ᠋ ᠤᠷᠳᠤᠰ ᠬᠤᠳᠠ ᠳ᠋ᠤ ᠠᠪᠴᠢᠷᠠᠨ᠎ᠠ
ᠪᠢᠳᠡᠨ ᠤ᠋ ᠠᠵᠢᠯᠯᠠᠬᠤ ᠭᠠᠵᠠᠷ ᠬᠡᠳᠦᠢᠪᠡᠷ ᠪᠡᠭᠡᠵᠢᠩ ᠱᠠᠩᠬᠠᠢ ᠭᠤᠧᠠᠩᠳ᠋ᠦ᠋ᠩ ᠳ᠋ᠦ ᠪᠠᠢᠪᠠᠴᠤ ᠮᠠᠨ ᠤ᠋ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠴᠢᠭ᠌ᠯᠡᠯ ᠢᠮᠠᠭ᠍ᠲᠠ ᠤᠷᠳᠤᠰ ᠬᠤᠳᠠ ᠵᠢᠨ ᠠᠵᠤ ᠦᠢᠯᠡᠰ ᠤ᠋ᠨ ᠬᠡᠷᠡᠭ᠌ᠴᠡᠭᠡ ᠳ᠋ᠦ ᠲᠦᠪᠯᠡᠷᠡᠵᠤ ᠪᠠᠢᠳᠠᠭ᠃ ᠡᠨᠡ ᠪᠣᠯ ᠤᠷᠳᠤᠰ ᠯᠤᠭ᠎ᠠ ᠠᠵᠢᠯ ᠤ᠋ᠨ ᠬᠠᠮᠳᠤᠷᠠᠯᠴᠠᠭ᠎ᠠ ᠲᠠᠢ ᠴᠢᠳᠠᠪᠤᠷᠢᠲᠠᠳ ᠤ᠋ᠨ ᠬᠠᠮᠲᠤ ᠵᠢᠨ ᠲᠠᠨᠢᠯᠲᠠ ᠪᠣᠯᠤᠨ᠎ᠠ᠃ ᠣᠷᠳᠣᠰ ᠬᠣᠲᠠ 《ᠴᠢᠳᠠᠪᠤᠷᠢᠲᠠᠨ ᠢ᠋ ᠤᠷᠢᠬᠤ ᠳ᠋ᠦ ᠡᠷᠬᠡᠪᠰᠢ ᠲᠣᠰ ᠭᠠᠵᠠᠷ ᠲᠦ᠍ ᠠᠪᠴᠢᠷᠠᠬᠤ》 ᠬᠡᠪᠰᠢᠮᠡᠯ ᠰᠡᠳᠭᠢᠬᠦᠶ ᠵᠢ ᠦᠭᠡᠷᠡᠴᠢᠯᠡᠵᠦ᠂ ᠴᠢᠳᠠᠪᠤᠷᠢᠲᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠡᠷ ᠠᠴᠢᠶᠠᠯᠠᠪᠤᠷᠢ ᠪᠣᠯᠭᠠᠨ᠂ ᠳᠡᠭᠡᠳᠦ ᠲᠠᠰ ᠤ᠋ᠨ ᠴᠢᠳᠠᠪᠤᠷᠢᠲᠠᠨ ᠢ᠋ 《ᠤᠨᠳᠤᠤ ᠭᠠᠵᠠᠷ ᠲᠦ᠍ ᠠᠵᠢᠯᠯᠠᠭᠰᠠᠨ ᠴᠦ᠍ ᠣᠷᠳᠣᠰ ᠬᠤᠳᠠ ᠳ᠋ᠤ ᠬᠤᠪᠢ ᠨᠡᠮᠡᠷᠢ ᠦᠵᠡᠭᠦᠯᠬᠦ᠌》 ᠪᠣᠯᠭᠠᠵᠤ᠂ 《ᠤᠨᠳᠤᠤ ᠭᠠᠵᠠᠷ ᠲᠦ᠍ ᠴᠢᠳᠠᠪᠤᠷᠢᠲᠠᠨ ᠢ᠋ ᠤᠷᠢᠨ ᠠᠵᠢᠯᠯᠠᠭᠤᠯᠵᠤ ᠤᠷᠳᠤᠰ ᠬᠤᠳᠠ ᠳ᠋ᠤ ᠡᠷᠳᠡᠮ ᠴᠢᠳᠠᠪᠤᠷᠢ ᠵᠢ ᠨᠢ ᠠᠰᠢᠬᠯᠠᠬᠤ》 ᠠᠮᠢᠳᠤᠯᠢᠭ ᠵᠠᠭ᠍ᠪᠤᠷ ᠢ᠋ ᠪᠦᠷᠢᠯᠳᠦᠬᠦᠯᠦᠭᠰᠡᠨ ᠠᠵᠢ᠃
ᠪᠡᠭᠡᠵᠢᠩ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠲᠠᠭᠠᠨ ᠤᠷᠢᠭᠰᠠᠨ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠣᠯᠠᠨ ᠤᠯᠤᠰ ᠤ᠋ᠨ ᠠᠮᠢ ᠠᠬᠤᠶ ᠵᠢᠨ ᠠᠮᠢ ᠨᠠᠰᠤᠨ ᠤ᠋ ᠠᠮᠤᠷ ᠲᠦᠪᠱᠢᠨ ᠤ᠋ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠠᠺᠠᠳᠧᠮᠢᠴᠢ ᠶᠢᠨ ᠪᠥᠸᠧ ᠶᠤᠸᠠᠢ᠂ ᠦᠺᠷᠠᠢᠨ ᠤ᠋ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠠᠺᠠᠳᠧᠮᠢᠴᠢ ᠬᠤᠸᠠᠩ ᠶᠦᠩ ᠵᠡᠷᠭᠡ 11 ᠳᠡᠭᠡᠳᠦ ᠲᠠᠰ ᠤ᠋ᠨ ᠴᠢᠳᠠᠪᠤᠷᠢᠲᠠᠨ ᠪᠡᠭᠡᠵᠢᠩ ᠲᠢᠶᠠᠨᠵᠢᠨ ᠾᠸᠪᠸᠢ ᠵᠢᠨ ᠱᠢᠨ᠎ᠡ ᠵᠢ ᠡᠭᠦᠳᠬᠦ᠌ ᠲᠣᠭᠣᠷᠢᠭ ᠲᠦ᠍ ᠠᠵᠢᠯᠯᠠᠵᠦ ᠪᠠᠢᠭ᠎ᠠ ᠪᠣᠯᠪᠠᠴᠤ᠌ ᠬᠦᠩᠭᠡᠨᠴᠠᠭᠠᠨ ᠤ᠋ ᠢᠰᠦᠯ ᠤ᠋ᠨ ᠰᠢᠭᠠᠷᠤ ᠵᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠥᠷᠥᠯ ᠵᠦᠶ᠋ᠯ᠂ ᠤᠶᠤᠨᠴᠢᠯᠠᠭ᠍ᠰᠠᠨ ᠠᠭᠤᠷᠬᠠᠶ ᠵᠢᠨ ᠬᠤᠳᠳᠤᠭ ᠤ᠋ᠨ ᠮᠡᠷᠭᠡᠵᠢᠯ ᠵᠡᠷᠭᠡ ᠬᠣᠱᠢᠭᠤᠷᠠᠯ ᠲᠥᠷᠥᠯ ᠵᠦᠶ᠋ᠯ ᠢ᠋ ᠣᠷᠳᠣᠰ ᠬᠣᠲᠠ ᠳ᠋ᠦ ᠬᠡᠷᠡᠭᠯᠡᠵᠦ ᠪᠠᠢᠨ᠎ᠠ; ᠱᠧᠨᠵᠧᠨ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠲᠦ᠍ ᠤᠷᠳᠤᠰ ᠬᠣᠲᠠ ᠵᠢᠨ ᠤᠯᠤᠰ ᠤ᠋ᠨ ᠥᠮᠴᠢᠯᠡᠯᠳᠦ ᠡᠳ᠋ ᠬᠥᠷᠥᠩᠭᠡ ᠵᠢᠨ ᠪᠠᠯᠠ ᠣᠷᠣᠭᠤᠯᠤᠯᠳᠠ ᠵᠢᠨ ᠬᠤᠪᠢ ᠡᠵᠡᠮᠳᠡᠭ᠌ᠰᠡᠨ ᠪᠦᠯᠦᠭ᠌ᠯᠡᠯ ᠪᠣᠯᠤᠨ ᠱᠢᠶᠠᠩᠭᠠᠩ ᠤ᠋ᠨ ᠬᠢᠲᠠᠳ ᠬᠡᠯᠡᠨ ᠤ᠋ ᠶᠡᠬᠡ ᠰᠤᠷᠭᠠᠭᠤᠯᠢ (ᠱᠧᠨᠵᠧᠨ) ᠶ᠋ᠢᠨ ᠬᠠᠮᠢᠶ᠎ᠠ ᠪᠥᠬᠥᠶ ᠰᠤᠳᠤᠯᠭᠠᠨ ᠤ᠋ ᠬᠦᠷᠢᠶᠡᠯᠡᠩ ᠤ᠋ᠨ ᠬᠠᠮᠲᠤ ᠪᠠᠷ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠠᠮᠲᠤᠷᠠᠭ᠍ᠰᠠᠨ ᠲᠤᠷᠱᠢᠯᠲᠠ ᠵᠢᠨ ᠲᠠᠰᠤᠭ ᠵᠢᠴᠢ ᠴᠢᠳᠠᠪᠤᠷᠢᠲᠠᠨ ᠬᠥᠮᠦᠵᠢᠭᠦᠯᠬᠦ᠌ ᠰᠠᠭᠤᠷᠢᠨ ᠪᠠᠢᠭᠤᠯᠬᠤ ᠵᠢ ᠠᠬᠢᠭᠤᠯᠪᠠ; ᠱᠠᠩᠬᠠᠶ ᠬᠣᠲᠠ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠲᠠᠭᠠᠨ ᠨᠤᠪᠸᠯ ᠤ᠋ᠨ ᠱᠠᠩᠨᠠᠯ ᠬᠦᠷᠲᠡᠭ᠌ᠴᠢ ᠵᠤᠷᠵᠢ·ᠰᠮᠦᠲ ᠤ᠋ᠨ ᠵᠢᠯᠣᠭᠣᠳᠤᠭ᠍ᠰᠠᠨ ᠬᠤᠸᠠ ᠶᠦᠨ ᠣᠶᠤᠨᠴᠢ ᠡᠷᠡᠭᠦᠯ ᠮᠡᠨᠳᠦ᠍ ᠵᠢᠨ ᠪᠦᠯᠬᠦᠮ ᠨᠡᠢᠲᠡ ᠵᠢ ᠳᠡᠩᠰᠡᠯᠡᠭᠤᠯᠵᠦ᠍᠂ ᠤᠷᠳᠤᠰ ᠬᠣᠲᠠ ᠵᠢᠨ ᠲᠥᠪ ᠡᠮᠨᠡᠯᠭᠡ ᠵᠢᠨ ᠬᠣᠷᠢᠶ᠎ᠠ ᠲᠠᠶ ᠠᠨᠲ᠋ᠢᠪᠤᠳᠢ ᠵᠢ ᠱᠢᠯᠭᠠᠬᠤ ᠲᠥᠷᠥᠯ ᠵᠦᠶ᠋ᠯ ᠤ᠋ᠨ ᠬᠠᠮᠲᠤᠷᠠᠯᠴᠠᠭ᠎ᠠ ᠥᠷᠨᠢᠭᠦᠯᠪᠡ; ᠱᠢᠶᠦ᠋ᠩ ᠠᠨ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠬᠤᠸᠠ ᠶᠦᠨ (ᠾᠸᠪᠸᠢ ᠵᠢᠨ ᠱᠢᠶᠦ᠋ᠩ ᠠᠨ) ᠲᠤᠮᠤ ᠳ᠋ᠠᠢᠲ᠋ᠠ ᠵᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠺᠣᠮᠫᠠᠨᠢ ᠵᠢᠨ ᠰᠤᠳᠤᠯᠤᠨ ᠦᠢᠯᠡᠳᠦᠭ᠌ᠰᠡᠨ ᠰᠢᠯᠭᠠᠯᠳᠠ ᠦᠵᠡᠬᠦ᠌ ᠠᠦ᠋ᠲ᠋ᠣ᠋ ᠲᠥᠬᠥᠭᠡᠷᠦᠮᠵᠢ ᠵᠢ ᠤᠷᠳᠤᠰ ᠤ᠋ᠨ 10 ᠭᠠᠷᠤᠢ ᠳᠤᠮᠳᠠᠳᠤ ᠪᠠᠭ᠎ᠠ ᠰᠤᠷᠭᠠᠭᠤᠯᠢ ᠳ᠋ᠦ ᠬᠦᠷᠭᠡᠪᠡ᠃
ᠡᠭᠦᠨ ᠤ᠋ ᠠᠷᠤ ᠳ᠋ᠦ ᠣᠷᠳᠣᠰ ᠬᠤᠳᠠ ᠵᠢᠨ ᠤᠷᠢᠳᠴᠢᠯᠠᠭᠰᠠᠨ᠂ ᠰᠢᠨᠡᠴᠢᠯᠡᠭᠰᠡᠨ ᠴᠢᠳᠠᠪᠤᠷᠢᠲᠠᠨ ᠤ᠋ ᠲᠥᠷᠥ ᠵᠢᠨ ᠪᠣᠳᠣᠯᠭ᠎ᠠ ᠵᠢᠨ ᠬᠦᠴᠦᠲᠡᠶ ᠲᠤᠯᠭᠠᠭᠤᠷᠢᠯᠠᠯ ᠪᠣᠶ᠃ ᠴᠢᠳᠠᠪᠤᠷᠢᠲᠠᠨ ᠤ᠋ ᠱᠠᠩᠨᠠᠯ ᠨᠥᠬᠥᠪᠥᠷᠢ ᠵᠢᠨ ᠵᠠᠷᠤᠳᠠᠯ ᠢ᠋ ᠲᠣᠭ᠎ᠠ ᠶᠣᠰᠣᠭᠠᠷ ᠨᠢ ᠥᠭ᠌ᠴᠦ᠂ ᠠᠢᠯ ᠭᠡᠷ ᠢ᠋ᠶ᠋ᠡᠨ ᠲᠥᠪᠬᠢᠨᠡᠭᠦᠯᠬᠦ᠌ ᠨᠥᠬᠥᠪᠥᠷᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠡᠳᠬᠦᠮᠵᠢ ᠵᠡᠷᠭᠡ ᠲᠦᠷᠦ᠍ ᠵᠢᠨ ᠪᠤᠳᠤᠯᠭ᠎ᠠ ᠨᠢ ᠴᠢᠳᠠᠪᠤᠷᠢᠲᠠᠨ ᠤ᠋ ᠬᠥᠭ᠌ᠵᠢᠯᠲᠡ ᠵᠢᠨ ᠪᠦᠬᠦ᠌ ᠦᠶᠡᠯᠡᠯ ᠤ᠋ᠨ ᠬᠤᠭᠤᠴᠠᠭ᠎ᠠ ᠵᠢ ᠬᠠᠮᠤᠷᠴᠠᠢ; ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠤ᠋ᠨ ᠵᠢᠡᠨ ᠳᠡᠭᠡᠳᠦ ᠲᠠᠰ ᠤ᠋ᠨ ᠴᠢᠳᠠᠪᠤᠷᠢᠲᠠᠨ ᠳ᠋ᠦ ᠤᠷᠳᠤᠰ ᠬᠤᠳᠠ ᠳ᠋ᠤ ᠢᠷᠡᠭᠰᠡᠨ ᠲᠠᠢ ᠡᠬᠡᠬᠡ ᠠᠳᠠᠯᠢᠬᠠᠨ ᠬᠠᠷᠠᠭᠠᠯᠵᠠᠯ ᠬᠦᠷᠲᠡᠭᠡᠵᠦ᠍᠂ ᠴᠢᠳᠠᠪᠤᠷᠢᠲᠠᠳ ᠤ᠋ᠨ ᠭᠠᠵᠠᠷ ᠣᠷᠣᠨ ᠤ᠋ ᠵᠥᠷᠢᠶ᠎ᠡ ᠵᠢ ᠪᠣᠳᠣᠯᠬᠢᠯᠠᠬᠤ ᠴᠢᠬᠤᠯᠠ ᠥᠬᠡᠶ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠱᠢᠨ᠎ᠡ ᠵᠢ ᠡᠭᠦᠳᠬᠦ᠌ ᠪᠠᠨ ᠰᠡᠳᠬᠢᠯ ᠳᠠᠯᠪᠢᠨ ᠬᠢᠪᠡᠯ ᠪᠣᠯᠴᠢᠬᠠᠬᠤ ᠪᠤᠯᠭᠠᠵᠠᠢ᠃ 2025 ᠣᠨ ᠳ᠋ᠦ ᠴᠢᠳᠠᠪᠤᠷᠢᠳᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠰᠢᠨ᠎ᠠ ᠵᠢ ᠡᠬᠦᠳᠬᠦ 4 ᠶᠡᠬᠡ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠲᠠᠭᠠᠨ 60 ᠱᠢᠬᠠᠮ ᠳᠡᠭᠡᠳᠦ ᠲᠠᠰ ᠤ᠋ᠨ ᠴᠢᠳᠠᠪᠤᠷᠢᠲᠠᠨ ᠢ᠋ ᠤᠷᠢᠵᠤ᠂ ᠡᠲᠡᠭᠡᠷ 《ᠲᠣᠰ ᠭᠠᠵᠠᠷ ᠲᠦ᠍ ᠪᠠᠢᠬᠤ ᠥᠬᠡᠶ ᠲᠣᠰ ᠭᠠᠵᠠᠷ ᠤ᠋ᠨ ᠴᠢᠳᠠᠪᠤᠷᠢᠲᠠᠨ》 ᠨᠢ ᠶᠠᠭ ᠣᠷᠳᠣᠰ ᠬᠤᠳᠠ ᠵᠢᠨ ᠠᠵᠤ ᠦᠶ᠋ᠯᠡᠰ ᠤ᠋ᠨ ᠲᠠᠰ ᠲᠡᠪᠰᠢᠯᠳᠡ ᠵᠢᠨ ᠣᠶᠤᠨ ᠤᠬᠠᠭᠠᠨ ᠤ᠋ ᠬᠥᠳᠡᠯᠭᠡᠭᠦᠷ ᠪᠣᠯᠵᠣ ᠪᠠᠢᠨ᠎ᠠ᠃
ᠤᠨᠳᠤᠤ ᠭᠠᠵᠠᠷ ᠲᠦ᠍ ᠰᠤᠳᠤᠯᠤᠨ ᠨᠡᠬᠡᠬᠡᠯᠳᠡ ᠬᠢᠯᠬᠡᠵᠤ ᠤᠷᠳᠤᠰ ᠬᠤᠳᠠ ᠳ᠋ᠤ ᠦᠷ᠎ᠠ ᠪᠦᠳᠦᠬᠡᠯ ᠢ᠋ ᠨᠢ ᠤᠨᠳᠤᠤᠰᠢᠭᠤᠯᠤᠨᠠ
ᠤᠷᠳᠤᠰ ᠬᠤᠳᠠ ᠵᠢᠨ ᠴᠢᠳᠠᠪᠤᠷᠢᠲᠠᠨ ᠤ᠋ ᠪᠠᠢᠯᠳᠤᠬᠤ ᠪᠤᠳᠤᠯᠭ᠎ᠠ ᠳᠤᠮᠳᠠ ᠴᠢᠳᠠᠪᠤᠷᠢᠲᠠᠨ ᠤ᠋ ᠤᠷᠤᠨ ᠪᠥᠰᠠ ᠠᠯᠤᠰᠯᠠᠬᠰᠠᠨ ᠰᠢᠨ᠎ᠠ ᠶᠢ ᠡᠬᠥᠳᠬᠥ ᠰᠠᠭᠤᠷᠢᠨ ᠭᠠᠵᠡᠷ ᠨᠢ ᠬᠤᠳᠠ ᠶ᠋ᠢᠨ ᠲᠦᠷᠢ ᠲᠥᠷᠬᠦ᠌ ᠵᠢ ᠢᠯᠡᠷᠡᠭᠦᠯᠬᠦ᠌ 《ᠴᠤᠩᠬᠤᠪᠴᠢ》 ᠪᠣᠯᠤᠭᠰᠠᠨ ᠵᠢᠡᠷ ᠪᠠᠷᠠᠬᠤ ᠦᠭᠡᠢ ᠨᠡᠩ ᠴᠤ᠌ ᠪᠦᠬᠦ᠌ ᠪᠥᠮᠪᠥᠷᠴᠡᠭ ᠤ᠋ᠨ ᠱᠢᠨ᠎ᠡ ᠵᠢ ᠡᠭᠦᠳᠬᠦ᠌ ᠡᠬᠢ ᠪᠠᠶᠠᠯᠢᠭ ᠲᠠᠢ ᠤᠨᠤᠴᠠᠲᠠᠢ ᠵᠤᠯᠭᠠᠭᠤᠯᠵᠤ᠂ ᠴᠢᠳᠠᠪᠤᠷᠢᠲᠠᠨ ᠪᠠ ᠠᠵᠤ ᠦᠢᠯᠡᠰ ᠢ᠋ ᠨᠢᠭᠲᠠ ᠬᠤᠯᠪᠤᠬᠤ 《ᠬᠤᠯᠪᠤᠭᠠᠰᠤ》 ᠪᠤᠯᠵᠠᠢ᠃ ᠤᠷᠳᠤᠰ ᠬᠤᠳᠠ ᠡᠨᠡ ᠬᠦ᠌ ᠱᠢᠨ᠎ᠡ ᠵᠢ ᠡᠭᠦᠳᠦᠭᠰᠡᠨ ᠠᠴᠢᠶᠠᠯᠠᠪᠤᠷᠢ ᠪᠡᠷ ᠳᠠᠮᠵᠢᠨ ᠲᠦᠷᠦ᠍ ᠶ᠋ᠢᠨ ᠪᠤᠳᠤᠯᠭ᠎ᠠ ᠶ᠋ᠢᠨ ᠠᠱᠢᠭ ᠣᠯᠵᠠᠪᠤᠷᠢ᠂ ᠠᠵᠤ ᠦᠢᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠪᠣᠯᠤᠨ ᠣᠨᠳᠣᠣ ᠭᠠᠵᠠᠷ ᠤ᠋ᠨ ᠴᠢᠳᠠᠪᠤᠷᠢᠲᠠᠨ ᠤ᠋ ᠳᠠᠪᠠᠭᠤᠯᠢᠭ ᠢ᠋ ᠤᠨᠤᠴᠠᠲᠠᠢ ᠵᠣᠬᠢᠴᠠᠭᠤᠯᠵᠤ《ᠤᠨᠳᠤᠤ ᠭᠠᠵᠠᠷ ᠲᠦ᠍ ᠰᠤᠳᠤᠯᠤᠨ ᠨᠡᠬᠡᠬᠡᠯᠳᠡ ᠬᠢᠯᠬᠡᠵᠤ ᠤᠷᠳᠤᠰ ᠬᠤᠳᠠ ᠳ᠋ᠤ ᠦᠷ᠎ᠠ ᠪᠦᠳᠦᠬᠡᠯ ᠢ᠋ ᠨᠢ ᠤᠨᠳᠤᠤᠰᠢᠭᠤᠯᠬᠤ》 ᠵᠢ ᠪᠤᠳᠠᠳᠤ ᠠᠬᠤᠢ ᠪᠤᠯᠭᠠᠪᠠ᠃
ᠪᠡᠭᠡᠵᠢᠩ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠪᠡᠭᠡᠵᠢᠩ ᠲᠢᠶᠠᠨᠵᠢᠨ ᠾᠧᠪᠧᠶ ᠵᠢ ᠬᠣᠯᠪᠣᠭ᠍ᠰᠠᠨ 《ᠬᠤᠯᠪᠤᠭᠠᠰᠤ》 ᠪᠣᠯᠤᠭ᠍ᠰᠠᠨ ᠤ᠋ ᠬᠤᠪᠢ ᠳ᠋ᠤ ᠵᠥᠩ ᠭᠤᠸᠠᠨ ᠼᠦᠨ ᠤ᠋ ᠪᠡᠭᠡᠵᠢᠩ ᠥᠪᠥᠷ ᠮᠣᠩᠭᠣᠯ ᠤ᠋ᠨ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠠᠬᠤᠢᠯᠠᠯ ᠤ᠋ᠨ ᠨᠡᠪᠴᠢᠭᠦᠯᠦᠭᠦᠷ ᠲᠠᠢ ᠭᠦᠨᠵᠡᠭᠡᠶ ᠬᠠᠮᠲᠤᠷᠠᠯᠴᠠᠨ᠂ 4 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠣᠷᠣᠵᠤ ᠰᠠᠭᠤᠵᠤ᠂ ᠣᠷᠣᠢᠯᠠᠭ᠍ᠰᠠᠨ ᠶᠡᠬᠡ ᠳᠡᠭᠡᠳᠦ ᠰᠤᠷᠭᠠᠭᠤᠯᠢ ᠶ᠋ᠢᠨ 36 ᠵᠦᠶ᠋ᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠨᠡᠢᠲᠡᠯᠡᠵᠦ᠍᠂ ᠱᠢᠨ᠎ᠡ ᠡᠨᠧᠷᠭᠢ ᠪᠠ ᠠᠮᠢᠳᠤ ᠪᠣᠳᠠᠰ ᠤ᠋ᠨ ᠡᠮ ᠡᠮᠨᠡᠯᠭᠡ ᠶ᠋ᠢᠨ ᠬᠦᠷᠢᠶᠡᠨ ᠤ᠋ ᠱᠢᠨ᠎ᠡ ᠵᠢ ᠡᠭᠦᠳᠬᠦ᠌ ᠬᠦᠴᠦᠨ ᠢ᠋ ᠣᠷᠳᠣᠰ ᠤ᠋ᠨ ᠠᠵᠤ ᠦᠶ᠋ᠯᠡᠰ ᠤ᠋ᠨ ᠨᠢᠭᠡᠳᠦᠭᠡᠷ ᠹᠷᠣᠨᠲ ᠲᠦ᠍ ᠱᠢᠭᠤᠳ ᠬᠦᠷᠭᠡᠪᠡ; ᠱᠧᠨᠵᠧᠨ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠤ᠋ ᠡᠬᠢ ᠪᠠᠶᠠᠯᠢᠭ ᠤ᠋ᠨ ᠵᠠᠮ ᠢ᠋ ᠨᠡᠪᠲᠡᠷᠡᠭᠦᠯᠵᠦ᠂ ᠤᠷᠤᠵᠤ ᠰᠠᠭᠤᠭᠰᠠᠨ 44 ᠠᠵᠤ ᠠᠬᠤᠢᠯᠠᠯ ᠤ᠋ᠨ ᠲᠤᠲᠤᠷᠠᠬᠢ 33 ᠠᠵᠤ ᠠᠬᠤᠢᠯᠠᠯ ᠨᠢ ᠨᠤᠲᠤᠭᠰᠢᠨ᠂ ᠣᠶᠤᠨᠴᠢ ᠡᠮᠴᠢᠯᠡᠭᠡᠨ ᠤ᠋ ᠬᠠᠮᠲᠤᠷᠠᠯᠴᠠᠭ᠎ᠠ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠠᠮᠲᠤᠷᠠᠭ᠍ᠰᠠᠨ ᠲᠤᠷᠱᠢᠯᠲᠠ ᠶ᠋ᠢᠨ ᠲᠠᠰᠤᠭ ᠢ᠋ ᠪᠠᠢᠭᠤᠯᠬᠤ ᠵᠢ ᠠᠬᠢᠭᠤᠯᠵᠤ᠂ ᠣᠶᠤᠨᠴᠢ ᠦᠶ᠋ᠯᠡᠳᠬᠦ᠌ ᠦᠶ᠋ᠯᠡᠰ ᠤ᠋ᠨ ᠴᠢᠳᠠᠪᠤᠷᠢᠲᠠᠨ ᠤ᠋ ᠥᠷᠲᠡᠭ ᠢ᠋ ᠭᠦᠶ᠋ᠴᠡᠳ ᠪᠠᠳᠠᠷᠠᠭᠤᠯᠪᠠ; ᠱᠠᠩᠬᠠᠢ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠬᠥᠬᠡᠮᠥ᠋ᠷᠡᠨ ᠤ᠋ ᠭᠤᠷᠪᠠᠯᠵᠢᠨ ᠬᠣᠢᠭ ᠤ᠋ᠨ ᠳᠡᠭᠡᠳᠦ ᠲᠡᠰ ᠤ᠋ᠨ ᠤᠶᠤᠨᠴᠢ ᠴᠢᠳᠠᠪᠤᠷᠢ ᠲᠠᠢ ᠬᠤᠯᠪᠤᠭ᠎ᠠ ᠪᠠᠢᠭᠤᠯᠵᠤ᠂ ᠪᠣᠬᠢᠷᠲᠤᠯ ᠦᠭᠡᠢ ᠮᠧᠲ᠋ᠢᠯ ᠠᠯᠺᠣᠣᠯ᠂ ᠭᠠᠱᠢᠭᠤᠨ ᠱᠣᠷᠪᠣᠭ ᠤᠰᠤ ᠵᠢ ᠵᠠᠰᠠᠬᠤ ᠵᠡᠷᠭᠡ ᠲᠦᠷᠦᠯ ᠵᠦᠢᠯ ᠢ᠋ ᠠᠮᠵᠢᠯᠲᠠ ᠲᠠᠶ ᠣᠨᠳᠣᠣᠱᠢᠭᠤᠯᠪᠠ; ᠱᠢᠶᠦᠢ᠍ᠩ ᠠᠨ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠪᠡᠭᠡᠵᠢᠩ ᠲᠢᠶᠠᠨᠵᠢᠨ ᠾᠸᠪᠸᠢ ᠵᠢᠨ ᠶᠡᠬᠡ ᠳᠡᠭᠡᠳᠦ ᠰᠤᠷᠭᠠᠭᠤᠯᠢ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠦᠯᠬᠦᠮ ᠲᠡᠶ ᠬᠣᠯᠪᠣᠭᠠᠯᠠᠨ ᠬᠦᠳᠡᠯᠦᠯᠴᠡᠵᠦ᠂ 140 ᠭᠠᠷᠤᠢ ᠠᠵᠤ ᠠᠬᠤᠢᠯᠠᠯ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭ᠎ᠠ ᠳ᠋ᠤ ᠣᠷᠣᠯᠴᠠᠵᠤ᠂ ᠱᠢᠨ᠎ᠡ ᠨᠢᠭᠡ ᠦᠶ᠎ᠡ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ᠂ ᠤᠶᠤᠨᠴᠢ ᠬᠥᠳᠡᠭᠡ ᠠᠵᠤ ᠠᠬᠤᠢ ᠶ᠋ᠢᠨ ᠴᠢᠳᠠᠪᠤᠷᠢᠲᠠᠨ ᠤ᠋ ᠲᠠᠯ᠎ᠠ ᠪᠡᠷ ᠬᠢ ᠥᠷᠭᠡᠨ ᠳᠡᠯᠭᠡᠷ ᠬᠡᠷᠡᠭ᠌ᠯᠡᠭᠡᠨ ᠤ᠋ ᠤᠷᠤᠨ ᠵᠠᠢ ᠵᠢ ᠪᠤᠢ ᠪᠤᠯᠭᠠᠪᠠ; ᠰᠢ ᠠᠨ ᠤ᠋ 《ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠡᠭᠦᠯᠡᠨ ᠰᠠᠭᠤᠷᠢᠨ ᠭᠠᠵᠡᠷ》 ᠨᠢ ᠨᠡᠩ ᠴᠤ᠌ ᠣᠷᠣᠨ ᠵᠠᠢ ᠶ᠋ᠢᠨ ᠬᠢᠵᠠᠭᠠᠷᠯᠠᠯ ᠢ᠋ ᠡᠪᠳᠡᠵᠦ᠂ 12 ᠶᠡᠬᠡ ᠳᠡᠭᠡᠳᠦ ᠰᠤᠷᠭᠠᠭᠤᠯᠢ ᠶ᠋ᠢᠨ ᠪᠦᠯᠬᠦᠮ ᠨᠡᠢᠲᠡ᠂ 100 ᠭᠠᠷᠤᠢ ᠶᠡᠬᠡ ᠳᠡᠭᠡᠳᠦ ᠰᠤᠷᠭᠠᠭᠤᠯᠢ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠨᠠᠢᠳᠠᠪᠤᠷᠢᠵᠢᠭᠤᠯᠵᠤ᠂ ᠪᠠᠷᠠᠭᠤᠨ ᠬᠣᠢᠲᠤ ᠶ᠋ᠢᠨ ᠱᠢᠨ᠎ᠡ ᠵᠢ ᠡᠭᠦᠳᠬᠦ᠌ ᠡᠬᠢ ᠪᠠᠶᠠᠯᠢᠭ ᠪᠣᠯᠤᠨ ᠤᠷᠳᠤᠰ ᠤ᠋ᠨ ᠠᠵᠤ ᠦᠢᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠶ᠋ᠢᠨ ᠬᠤᠭᠤᠷᠤᠨᠳᠤᠬᠢ 《ᠬᠣᠯᠪᠣᠭᠠᠰᠤ》 ᠪᠣᠯᠵᠠᠢ᠃
ᠣᠷᠳᠣᠰ ᠤ᠋ᠨ ᠴᠠᠬᠢᠯᠭᠠᠨ ᠬᠦᠴᠦᠨ ᠤ᠋ ᠲᠡᠮᠦᠷᠯᠢᠭ ᠬᠠᠢᠯᠤᠭᠤᠯᠬᠤ ᠪᠦᠯᠦᠭ᠌ᠯᠡᠯ ᠺᠤᠮᠫᠠᠨᠢ ᠶ᠋ᠢᠨ ᠦᠶ᠋ᠯᠡᠳᠦᠯᠭᠡ ᠨᠢ《ᠬᠤᠯᠪᠤᠭᠠᠰᠤ》 ᠵᠢᠨ ᠥᠷᠲᠡᠭ ᠢ᠋ ᠠᠮᠢᠳᠤᠯᠢᠭ ᠶ᠋ᠢᠡᠷ ᠲᠠᠢᠯᠪᠤᠷᠢᠯᠠᠪᠠ᠃ ᠣᠷᠳᠣᠰ ᠤ᠋ᠨ ᠴᠠᠬᠢᠯᠭᠠᠨ ᠬᠦᠴᠦᠨ ᠤ᠋ ᠲᠡᠮᠦᠷᠯᠢᠭ ᠬᠠᠢᠯᠤᠭᠤᠯᠬᠤ ᠪᠦᠯᠦᠭ᠌ᠯᠡᠯ ᠺᠤᠮᠫᠠᠨᠢ ᠨᠢ ᠤᠷᠳᠤᠰ ᠤ᠋ᠨ ᠲᠤᠬᠠᠢ ᠶ᠋ᠢᠨ ᠭᠠᠵᠠᠷ ᠤ᠋ᠨ ᠲᠠᠭᠠᠭᠤᠯᠤᠬ᠍ᠴᠢ ᠠᠵᠤ ᠠᠬᠤᠢᠯᠠᠯ ᠪᠣᠯᠤᠭ᠍ᠰᠠᠨ ᠤ᠋ ᠬᠤᠪᠢ ᠳ᠋ᠤ ᠡᠩ ᠲᠡᠷᠢᠭᠦᠨ ᠳ᠋ᠦ ᠱᠠᠩᠬᠠᠢ ᠬᠤᠲᠠ ᠳ᠋ᠤ ᠰᠤᠳᠤᠯᠤᠨ ᠨᠡᠭᠡᠭᠡᠬᠦ᠌ ᠲᠥᠪ ᠪᠠᠢᠭᠤᠯᠵᠤ᠂ 《ᠱᠠᠩᠬᠠᠢ ᠳ᠋ᠤ ᠨᠡᠪᠴᠢᠭᠦᠯᠵᠦ᠍ ᠤᠷᠳᠤᠰ ᠲᠦ᠍ ᠣᠨᠳᠣᠣᠱᠢᠭᠤᠯᠬᠤ》 ᠴᠢᠳᠠᠪᠤᠷᠢᠲᠠᠨ ᠤ᠋ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠤ᠋ᠨ ᠵᠠᠭ᠍ᠪᠤᠷ ᠢ᠋ ᠡᠭᠦᠳᠤᠨ᠂ ᠤᠷᠳᠤᠰ ᠤ᠋ᠨ ᠠᠵᠤ ᠠᠬᠤᠢᠯᠠᠯ ᠤ᠋ᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ᠂ ᠴᠢᠳᠠᠪᠤᠷᠢᠲᠠᠨ ᠤᠷᠢᠵᠤ ᠮᠡᠳᠡᠯᠭᠡ ᠮᠡᠷᠭᠡᠵᠢᠯ ᠤᠷᠤᠭᠤᠯᠤᠨ ᠠᠪᠴᠢᠷᠠᠬᠤ᠂ ᠱᠠᠡᠭᠬᠠᠢ ᠤᠷᠳᠤᠰ ᠤ᠋ᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠢ᠋ ᠬᠠᠮᠲᠤᠳᠤ ᠨᠢ ᠬᠦᠭᠵᠢᠭᠦᠯᠬᠦ ᠰᠦᠪᠡᠭᠴᠢᠯᠡᠯᠲᠡ ᠶ᠋ᠢᠨ ᠬᠣᠱᠢᠭᠤᠴᠢ ᠪᠤᠯᠭᠠᠪᠠ᠃ ᠱᠠᠩᠬᠠᠢ ᠳ᠋ᠡᠬᠢ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠨᠢ ᠬᠥᠬᠡᠮᠥ᠋ᠷᠡᠨ ᠤ᠋ ᠭᠤᠷᠪᠠᠯᠵᠢᠨ ᠬᠣᠢᠭ ᠤ᠋ᠨ ᠱᠢᠨ᠎ᠡ ᠵᠢ ᠡᠭᠦᠳᠬᠦ᠌ ᠡᠬᠢ ᠪᠠᠶᠠᠯᠢᠭ ᠲᠦ᠍ ᠲᠦᠱᠢᠭ᠌ᠯᠡᠨ 1151 ᠥᠨᠳᠥᠷ ᠲᠦᠪᠱᠢᠨ ᠪᠦᠬᠦᠢ ᠰᠤᠳᠤᠯᠤᠨ ᠨᠡᠭᠡᠭᠡᠬᠦ᠌ ᠴᠢᠳᠠᠪᠤᠷᠢᠲᠠᠨ ᠢ᠋ ᠴᠤᠭ᠍ᠯᠠᠭᠤᠯᠵᠤ᠂ ᠮᠥᠩᠭᠥᠨ ᠤᠰᠤ ᠦᠯᠦ ᠠᠭᠤᠯᠬᠤ ᠲᠦᠷᠭᠡᠳᠭᠡᠭᠦᠷ ᠦᠢᠯᠡᠳᠪᠦᠷᠢᠯᠡᠬᠦ᠌᠂ ᠠᠵᠤ ᠦᠢᠯᠡᠳᠪᠦᠷᠢ ᠶ᠋ᠢᠨ ᠬᠠᠶᠠᠭ᠍ᠳᠠᠮᠠᠯ ᠬᠡᠢ ᠵᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠵᠡᠷᠭᠡ ᠬᠦᠷᠢᠶᠡᠨ ᠳ᠋ᠦ ᠠᠵᠢᠯ ᠲᠦᠷᠦᠯ ᠤ᠋ᠨ ᠬᠦᠴᠢᠷ ᠠᠰᠠᠭᠤᠳᠠᠯ ᠢ᠋ ᠱᠢᠢᠳᠪᠦᠷᠢᠯᠡᠵᠦ᠍᠂ ᠪᠦᠬᠦ᠌ ᠪᠥᠮᠪᠥᠷᠴᠡᠭ ᠤ᠋ᠨ ᠠᠩᠬᠠᠳᠠᠭ᠍ᠴᠢ ᠬᠣᠯᠪᠣᠭ᠍ᠳᠠᠯ ᠪᠦᠬᠦᠢ ᠦᠢᠯᠡᠳᠪᠦᠷᠢᠯᠡᠯ ᠤ᠋ᠨ ᠱᠤᠭᠤᠮ ᠢ᠋ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠠᠪᠱᠢᠯᠳᠠ ᠶ᠋ᠢᠨ ᠨᠢᠭᠡᠳᠦᠭᠡᠷ ᠳᠡᠰ ᠤ᠋ᠨ ᠱᠠᠩᠨᠠᠯ ᠢ᠋ ᠬᠦᠷᠳᠡᠪᠡ᠃ ᠣᠷᠳᠣᠰ ᠬᠤᠳᠠ ᠵᠢᠨ ᠴᠢᠳᠠᠪᠤᠷᠢᠲᠠᠨ ᠤ᠋ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠳᠤᠤᠷ᠎ᠠ ᠴᠢᠳᠠᠪᠤᠷᠢᠲᠠᠨ ᠤ᠋ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠬᠡᠮᠡᠬᠦ 《ᠬᠤᠯᠪᠤᠭᠠᠰᠤ》 ᠨᠢ ᠴᠢᠳᠠᠪᠤᠷᠢᠲᠠᠨ ᠣᠷᠣᠭᠤᠯᠤᠨ ᠠᠪᠴᠢᠷᠠᠵᠤ ᠴᠢᠳᠠᠬᠤ ᠪᠠᠷ ᠪᠠᠷᠠᠬᠤ ᠥᠬᠡᠶ ᠨᠠᠩ ᠴᠤ᠌ ᠴᠢᠳᠠᠪᠤᠷᠢᠲᠠᠨ᠂ ᠮᠡᠷᠭᠡᠵᠢᠯ ᠬᠢᠭᠡᠳ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠪᠠ᠃
ᠴᠢᠳᠠᠪᠤᠷᠢᠲᠠᠨ ᠪᠠ ᠠᠵᠤ ᠠᠬᠤᠢᠯᠠᠯ ᠳ᠋ᠤ 《ᠡᠨ᠋ᠸᠷᠬᠢ ᠣᠯᠭᠣᠬᠤ ᠮᠠᠶᠢᠭ》 ᠤ᠋ᠨ ᠪᠠᠲᠤᠯᠠᠭ᠎ᠠ ᠬᠠᠩᠭᠠᠨ᠎ᠠ
ᠴᠢᠳᠠᠪᠤᠷᠢᠲᠠᠨ ᠢ᠋ ᠣᠷᠣᠭᠤᠯᠵᠤ ᠠᠪᠴᠢᠷᠠᠬᠤ ᠪᠣᠯ ᠰᠠᠭᠤᠷᠢ᠂ ᠴᠢᠳᠠᠪᠤᠷᠢᠲᠠᠨ ᠢ᠋ ᠦᠯᠡᠳᠡᠭᠡᠬᠦ᠌ ᠪᠣᠯ ᠵᠠᠩᠭᠢᠯᠠᠭ᠎ᠠ ᠪᠠᠢᠵᠤ᠂ ᠡᠨ᠋ᠸᠷᠬᠢ ᠣᠯᠭᠣᠬᠤ ᠪᠣᠯ ᠴᠢᠳᠠᠪᠤᠷᠢᠲᠠᠨ ᠤ᠋ ᠠᠵᠢᠯ ᠤ᠋ᠨ ᠭᠣᠣᠯᠳᠠᠯᠭ᠎ᠠ ᠮᠥᠨ᠃ ᠤᠷᠳᠤᠰ ᠬᠤᠳᠠ ᠱᠢᠯᠢᠳᠡᠭ ᠦᠢᠯᠡᠴᠢᠯᠡᠭᠡ ᠪᠣᠯ ᠳᠥᠭᠥᠮᠬᠡᠨ 《ᠪᠠᠷ᠎ᠠ ᠪᠤᠯᠬᠤ ᠮᠠᠶᠢᠭ》 ᠤ᠋ᠨ ᠬᠠᠯᠠᠮᠵᠢᠯᠠᠯ ᠪᠢᠰᠢ᠂ ᠬᠠᠷᠢᠨ ᠴᠢᠳᠠᠪᠤᠷᠢᠲᠠᠨ ᠳ᠋ᠤ ᠲᠠᠪᠴᠠᠩ ᠪᠠᠢᠭᠤᠯᠤᠨ ᠥᠭ᠌ᠬᠦ᠂ ᠠᠵᠤ ᠠᠬᠤᠢᠯᠠᠯ ᠤ᠋ᠨ ᠬᠥᠭ᠌ᠵᠢᠯᠲᠡ ᠶ᠋ᠢᠨ ᠬᠠᠷᠰᠢ ᠰᠠᠭᠠᠳ ᠢ᠋ ᠠᠷᠢᠯᠭᠠᠬᠤ 《ᠡᠨ᠋ᠸᠷᠬᠢ ᠣᠯᠭᠣᠬᠤ ᠮᠠᠶᠢᠭ》 ᠤ᠋ᠨ ᠪᠠᠲᠤᠯᠠᠭ᠎ᠠ ᠬᠠᠩᠭᠠᠵᠤ᠂ ᠴᠢᠳᠠᠪᠤᠷᠢᠲᠠᠳ ᠢ᠋ ᠤᠷᠳᠤᠰ ᠬᠤᠳᠠ ᠳ᠋ᠤ ᠣᠷᠣᠱᠢᠨ ᠲᠣᠭ᠍ᠲᠠᠨᠢᠵᠤ ᠳᠡᠢᠯᠬᠦ᠌ ᠮᠥᠷᠲᠡᠭᠡᠨ ᠨᠡᠩ ᠴᠤ᠌ ᠦᠢᠯᠡᠰ ᠪᠤᠰᠭᠠᠵᠦ᠍ ᠳᠡᠢᠯᠬᠦ᠌ ᠪᠣᠯᠭᠠᠬᠤ ᠶ᠋ᠢᠨ ᠲᠥᠯᠥᠭᠡ ᠶᠤᠮ ᠭᠡᠳᠡᠭ ᠢ᠋ ᠭᠦᠨᠵᠡᠭᠡᠢ ᠦᠢᠯᠡᠳᠦᠯᠬᠡᠵᠢᠬᠦᠯᠵᠤ ᠪᠠᠢᠨ᠎ᠠ᠃
ᠤᠷᠳᠤᠰ ᠬᠤᠳᠠ ᠴᠢᠳᠠᠪᠤᠷᠢᠲᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠠᠷ ᠲᠠᠭᠠᠨ ᠲᠤᠰᠭᠠᠢᠵᠢᠭ᠍ᠰᠠᠨ ᠡᠨ᠋ᠸᠷᠬᠢ ᠣᠯᠭᠣᠬᠤ ᠦᠶ᠋ᠯᠡᠴᠢᠯᠡᠭᠡ ᠵᠢ ᠢᠮᠠᠭ᠍ᠲᠠ ᠲᠤᠭᠤᠰᠢᠯᠠᠭᠤᠯᠵᠤ ᠪᠠᠢᠨ᠎ᠠ᠄ ᠲᠤᠰᠭᠠᠶ ᠮᠡᠷᠭᠡᠵᠢᠯ ᠤ᠋ᠨ ᠯᠠᠪᠯᠠᠭ᠎ᠠ ᠶ᠋ᠢᠨ ᠺᠣᠮᠫᠠᠨᠢ ᠵᠢ ᠤᠷᠢᠵᠤ ᠠᠵᠤ ᠠᠬᠤᠢᠯᠠᠯ ᠤ᠋ᠨ ᠣᠷᠣᠵᠤ ᠰᠠᠭᠤᠬᠤ ᠳ᠋ᠤ ᠪᠠᠢᠯᠳᠤᠬᠤ ᠪᠣᠳᠣᠯᠭ᠎ᠠ ᠶ᠋ᠢᠨ ᠬᠠᠪᠰᠤᠷᠤᠨ ᠵᠢᠯᠣᠭᠣᠳᠣᠯᠭ᠎ᠠ ᠬᠠᠩᠭᠠᠵᠤ᠂ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠶ᠋ᠢᠨ ᠪᠤᠯᠪᠠᠰᠤᠷᠠᠯ ᠥᠷᠨᠢᠭᠦᠯᠤᠨ᠂ ᠠᠵᠤ ᠠᠬᠤᠢᠯᠠᠯ ᠤ᠋ᠨ ᠲᠤᠬᠠᠢ ᠶ᠋ᠢᠨ ᠭᠠᠵᠠᠷ ᠤ᠋ᠨ ᠵᠠᠬ᠎ᠠ ᠳᠡᠯᠭᠡᠭᠦᠷ ᠲᠦ᠍ ᠲᠦᠷᠭᠡᠨ ᠵᠢᠡᠷ ᠠᠭᠤᠰᠤᠯᠴᠠᠬᠤ ᠳ᠋ᠤ ᠬᠦᠴᠦᠨ ᠨᠡᠮᠡᠷᠢᠯᠡᠵᠤ ᠪᠠᠢᠨ᠎ᠠ; ᠣᠷᠣᠵᠤ ᠰᠠᠭᠤᠬᠤ ᠪᠦᠯᠬᠦᠮ ᠨᠡᠢᠲᠡ ᠶ᠋ᠢᠨ ᠳᠤᠮᠳᠠ ᠣᠷᠳᠣ ᠬᠤᠭᠤᠴᠠᠭᠠᠨ ᠤ᠋ ᠲᠥᠯᠥᠪᠵᠢᠭᠦᠯᠭᠡ ᠵᠢ ᠬᠢᠨᠠᠨ ᠲᠣᠭ᠍ᠲᠠᠭᠠᠬᠤ ᠵᠢ ᠴᠢᠩᠭᠠᠳᠭᠠᠵᠤ᠂ ᠱᠢᠨ᠎ᠡ ᠵᠢ ᠡᠭᠦᠳᠴᠦ᠍ ᠦᠶ᠋ᠯᠡᠰ ᠪᠤᠰᠬᠠᠬᠤ ᠴᠢᠨᠠᠷᠯᠢᠭ ᠬᠦᠴᠦᠨ ᠢ᠋ ᠱᠢᠯᠢᠨ ᠰᠣᠩᠭᠣᠵᠤ᠂ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠤ᠋ᠨ ᠵᠢᠡᠨ ᠨᠡᠪᠴᠢᠭᠦᠯᠬᠦ᠌ ᠴᠢᠳᠠᠪᠤᠷᠢ ᠵᠢ ᠳᠡᠭᠡᠭ᠌ᠰᠢᠯᠡᠭᠦᠯᠵᠤ ᠪᠠᠢᠨ᠎ᠠ᠃ ᠪᠠᠰᠠ 《ᠤᠷᠤᠨ ᠪᠦᠰᠡ ᠠᠯᠤᠰᠯᠠᠭᠰᠠᠨ ᠭᠠᠵᠠᠷ — ᠲᠤᠬᠠᠢ ᠶ᠋ᠢᠨ ᠭᠠᠵᠠᠷ》 ᠢ᠋ ᠵᠣᠯᠭᠠᠯᠳᠤᠭᠤᠯᠬᠤ ᠲᠣᠭ᠍ᠳᠠᠴᠠ ᠵᠢ ᠱᠢᠯᠤᠭᠤᠳᠭᠠᠨ᠂ 《ᠣᠯᠠᠨ ᠰᠠᠯᠠᠭ᠎ᠠ ᠮᠥᠴᠢᠷ — ᠡᠯ᠎ᠡ ᠬᠣᠱᠢᠭᠤ ᠲᠣᠭᠣᠷᠢᠭ》 ᠤ᠋ᠨ ᠨᠠᠷᠢᠯᠢᠭ ᠤᠨᠤᠴᠠᠲᠠᠢ ᠤᠷᠢᠵᠤ ᠡᠯᠰᠡᠬᠦ᠌ ᠪᠠᠢᠷᠢᠱᠢᠯ ᠢ᠋ ᠪᠠᠢᠭᠤᠯᠵᠤ᠂ ᠲᠥᠷᠥᠯ ᠵᠦᠶ᠋ᠯ ᠢ᠋ ᠰᠠᠭᠠᠳ ᠦᠭᠡᠢ ᠨᠠᠢᠳᠠᠪᠤᠷᠢᠵᠢᠭᠤᠯᠵᠤ ᠪᠠᠢᠨ᠎ᠠ᠃
ᠤᠷᠳᠤᠰ ᠬᠤᠳᠠ ᠤᠷᠤᠢᠯᠠᠭᠰᠠᠨ ᠴᠢᠳᠠᠪᠤᠷᠢᠲᠠᠨ ᠤ᠋ ᠲᠦᠷᠦ᠍ ᠶ᠋ᠢᠨ ᠪᠤᠳᠤᠯᠭ᠎ᠠ᠂ ᠱᠢᠨ᠎ᠡ ᠵᠢ ᠡᠭᠦᠳᠦᠭᠰᠡᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠤ᠋ᠨ ᠵᠠᠭ᠍ᠪᠤᠷ᠂ ᠡᠨᠧᠷᠭᠢ ᠣᠯᠭᠣᠬᠤ ᠴᠢᠨᠠᠷ ᠰᠠᠢᠲᠠᠢ ᠦᠢᠯᠡᠴᠢᠯᠡᠭᠡ ᠪᠡᠷ ᠳᠠᠮᠵᠢᠨ ᠴᠢᠳᠠᠪᠤᠷᠢᠲᠠᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠤᠷᠤᠨ ᠪᠦᠰᠡ ᠠᠯᠤᠰᠯᠠᠭᠰᠠᠨ ᠰᠢᠨ᠎ᠠ ᠵᠢ ᠡᠬᠦᠳᠬᠦ ᠰᠠᠭᠤᠷᠢᠨ ᠭᠠᠵᠡᠷ ᠢ᠋ ᠳᠡᠭᠡᠳᠦ ᠲᠡᠰ ᠤ᠋ᠨ ᠴᠢᠳᠠᠪᠤᠷᠢᠲᠠᠨ ᠤ᠋ ᠲᠥᠪᠯᠡᠷᠡᠯ ᠤ᠋ᠨ ᠭᠠᠵᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠣᠨᠳᠣᠣᠱᠢᠭᠤᠯᠤᠭᠴᠢ᠂ ᠠᠵᠤ ᠦᠢᠯᠡᠰ ᠤ᠋ᠨ ᠲᠡᠰ ᠲᠡᠪᠱᠢᠯᠳᠡ ᠶ᠋ᠢᠨ ᠲᠦᠯᠬᠢᠭ᠌ᠴᠢ ᠬᠦᠴᠦᠨ ᠪᠣᠯᠭᠠᠵᠤ᠂ ᠡᠬᠢ ᠪᠠᠶᠠᠯᠢᠭ ᠤ᠋ᠨ ᠮᠠᠶᠢᠭ ᠤ᠋ᠨ ᠬᠤᠳᠠ ᠶ᠋ᠢᠨ ᠬᠡᠯᠪᠡᠷᠢᠪᠡᠨ ᠬᠤᠪᠢᠷᠠᠭᠤᠯᠤᠨ ᠬᠥᠭ᠌ᠵᠢᠬᠦ᠌ ᠳ᠋ᠦ ᠬᠦᠴᠦᠷᠬᠡᠭ ᠶᠡᠬᠡ ᠴᠢᠳᠠᠪᠤᠷᠢᠲᠠᠨ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠥᠳᠡᠯᠭᠡᠬᠦ᠌ ᠬᠦᠴᠦᠨ ᠨᠡᠮᠡᠷᠢᠯᠡᠵᠦ ᠪᠠᠢᠨ᠎ᠠ᠃