ᠱᠢᠯᠢ᠎ᠶ᠋ᠢᠨ ᠭᠤᠤᠯ ᠠᠢᠮᠠᠭ ᠄ ᠲᠦᠬᠦᠭᠡᠷᠦᠮᠵᠢᠲᠦ ᠲᠠᠷᠢᠶᠠᠯᠠᠨᠭ᠌᠎ᠤᠨ ᠦᠷ᠎ᠠ ᠠᠰᠢᠬ᠎ᠢ ᠲᠦᠮᠡᠨ ᠤᠯᠠᠨ᠎ᠳᠤ ᠬᠦᠷᠳᠡᠭᠡᠨ᠎ᠡ
2026-03-30 09:46:21
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠬᠠᠪᠤᠷ ᠎ᠤᠨ ᠤᠷᠢᠨ ᠠᠢᠰᠤᠢ ᠬᠢᠷᠢ ᠨᠢ ᠲᠠᠯ᠎ᠠ ᠨᠤᠲᠤᠭ᠎ᠲᠦ ᠮᠦᠨ ᠯᠡ ᠬᠦᠢᠳᠡᠨ᠎ᠤ ᠡᠷᠴᠢ ᠰᠤᠯᠠᠷᠠᠭ᠎ᠠ ᠦᠭᠡᠢ ᠪᠠᠢᠭᠰᠠᠭᠠᠷ ᠎ᠢ ᠠᠭᠠᠷ᠎ᠤᠨ ᠲᠤᠯᠠᠭᠠᠨ ᠬᠠᠷᠠᠭᠤᠯᠤᠨ᠎ᠠ᠃ ᠭᠡᠪᠡᠴᠦ ᠲᠠᠢᠹᠤᠰᠧ ᠬᠣᠱᠢᠭᠤᠨ ᠎ᠤ ᠣᠳᠣ ᠦᠶ᠎ᠡ᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ ᠎ᠦᠨ ᠬᠦᠷᠢᠶᠡᠯᠡᠩ ᠎ᠦᠨ ᠲᠤᠯᠠᠭᠠᠨ ᠬᠦᠯᠡᠮᠵᠢ᠎ᠳᠦ ᠬᠠᠷᠢᠨ ᠬᠠᠪᠤᠷ᠎ᠤᠨ ᠳᠤᠯᠠᠭᠠᠨ ᠰᠠᠭᠠᠳᠠᠵᠤ᠂ ᠠᠮᠢᠵᠢᠷᠠᠯ ᠎ᠤᠨ ᠨᠤᠭᠤᠭᠠᠨ ᠦᠡᠭᠭᠡ ᠤᠢᠯᠤᠨ ᠪᠠᠢᠯ᠎ᠠ᠃ 3 ᠰᠠᠷ᠎ᠠ᠎ᠶ᠋ᠢᠨ 20᠎ᠤ ᠡᠳᠦᠷ᠂ ᠰᠤᠷᠪᠤᠯᠵᠢᠯᠠᠭ᠍ᠴᠢ ᠪᠣᠤᠴᠠᠩ ᠪᠠᠯᠭᠠᠰᠤᠨ᠎ᠤ ᠬᠡᠷᠡᠮᠳᠤ ᠲᠣᠰᠭᠣᠨ᠎ᠤ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦ᠌᠎ᠳᠦ᠂ ᠪᠤᠯᠪᠠᠷᠠᠢ ᠵᠦᠭᠡᠯᠡᠨ ᠴᠤᠭᠤᠷ ᠨᠤᠭᠤᠭ᠎ᠠ ᠢᠳᠡᠷᠠᠭᠦᠨ ᠰᠠᠢᠬᠠᠨ ᠤᠷᠭᠤᠵᠦ᠂ ᠲᠦᠪᠡᠳ ᠬᠠᠰᠢ᠂ ᠵᠢᠮᠢᠰ ᠎ᠤᠨ ᠠᠮᠳᠠᠳᠤ ᠡᠯᠳᠡᠪ ᠦᠡᠭᠭᠡ ᠵᠢᠨ ᠬᠠᠯᠠᠭᠤᠨ ᠨᠤᠭᠤᠭ᠎ᠠ ᠮᠦᠴᠢᠷ ᠲᠠᠷᠤᠯᠠᠨ ᠤᠨᠵᠢᠬᠢᠨᠠᠨ ᠪᠠᠢᠬᠤ ᠨᠢ ᠡᠯᠪᠡᠭ ᠬᠤᠷᠢᠶᠠᠯᠳᠠ ᠵᠢᠨ ᠰᠢᠨᠵᠢ ᠠᠵᠢ᠃ ᠬᠦᠯᠡᠮᠵᠢ ᠵᠢᠨ ᠲᠤᠳᠤᠷᠠᠬᠢ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ᠎ᠶ᠋ᠢᠨ ᠲᠣᠭ᠎ᠠ ᠪᠠᠷᠢᠮᠲᠠ ᠴᠠᠭ ᠢᠮᠠᠭᠳᠠ ᠲᠡᠯᠭᠡᠴᠡᠨ᠎ᠡ ᠲᠤᠳᠤᠷᠠᠵᠦ᠂ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠵᠡᠪᠰᠡᠭᠯᠡᠭᠰᠡᠨ ᠣᠲᠣ ᠦᠶ᠎ᠡ᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠲᠠᠪᠠᠭᠤᠯᠢᠭ ᠎ᠢ ᠦᠭᠦᠯᠡᠨ᠎ᠡ᠃

《ᠡᠨᠳᠡᠬᠢ ᠬᠡᠷᠡᠯ᠎ᠦᠨ ᠲᠤᠰᠤᠯᠲᠠ ᠪᠠ ᠡᠳᠦᠷ ᠰᠦᠨᠢ ᠵᠢᠨ ᠠᠭᠠᠷ᠎ᠤᠨ ᠳᠤᠯᠠᠭᠠᠨ᠎ᠤ ᠵᠥᠷᠢᠶ᠎ᠡ ᠨᠢ ᠠᠮᠲᠠᠯᠢᠭ ᠰᠠᠢᠬᠠᠨ ᠢᠳᠡᠱᠢᠨ ᠨᠣᠭᠣᠭ᠎ᠠ ᠳᠠᠷᠢᠬᠤ᠎ᠳᠤ ᠣᠨᠴᠠᠭᠠᠶ ᠳᠣᠭᠢᠷᠠᠨ᠎ᠠ》 ᠭᠡᠵᠦ ᠲᠠᠢᠹᠤᠰᠧ ᠬᠣᠱᠢᠭᠤᠨ ᠎ᠤ ᠵᠢᠤᠢ ᠬᠣᠩ ᠲᠠᠷᠢᠶᠠᠯᠠᠩ ᠎ᠤᠨ ᠦᠢᠯᠡᠰ᠎ᠤᠨ ᠬᠠᠷᠢᠭᠤᠴᠠᠯᠭᠠᠲᠠᠨ ᠸᠠᠩ ᠸᠸᠨ ᡁᠢ ᠲᠠᠨᠢᠯᠴᠠᠭᠤᠯᠤᠨ᠎ᠠ᠃ ᠲᠡᠷᠡ ᠪᠠᠰᠠ᠂ ᠠᠳᠠᠯᠢᠬᠠᠨ ᠡᠭᠦᠯᠳᠡᠷ᠎ᠦᠨ ᠲᠥᠪᠡᠳ ᠬᠠᠰᠢ᠂ ᠥᠷᠭᠡᠰᠦᠲᠦ ᠬᠡᠮᠬᠡ᠎ᠶ᠋ᠢ ᠲᠤᠬᠠᠶ᠎ᠶ᠋ᠢᠨ ᠭᠠᠵᠠᠷ᠎ᠲᠤ ᠳᠠᠷᠢᠪᠠᠯ  ᠨᠠᠩ ᠠᠮᠲᠠᠲᠠᠶ ᠲᠤᠯᠠ᠂ ᠪᠢᠳᠡ ᠡᠨᠡ᠎ᠬᠦ ᠴᠢᠨᠠᠷ ᠰᠠᠢᠲᠠᠶ ᠪᠦᠲᠦᠭᠡᠭ᠌ᠳᠡᠬᠦᠨ᠎ᠳᠡᠭᠡᠨ ᠲᠦᠰᠢᠭᠯᠡᠨ ᠳᠡᠭᠡᠳᠦ ᠲᠠᠰ᠎ᠤᠨ ᠵᠠᠬ᠎ᠠ ᠳᠡᠯᠭᠡᠭᠦᠷ᠎ᠲᠦ ᠬᠥᠯ ᠲᠣᠭ᠍ᠲᠠᠵᠤ ᠴᠢᠳᠠᠭ᠍ᠰᠠᠨ ᠪᠠᠢᠨ᠎ᠠ ᠭᠡᠯ᠎ᠠ᠃

ᠲᠣᠰ ᠠᠵᠤ ᠦᠶ᠋ᠯᠡᠰ᠎ᠦᠨ ᠬᠦᠷᠢᠶᠡᠯᠡᠩ᠎ᠦᠨ ᠨᠢᠭᠡᠳᠦᠭᠡᠷ ᠬᠤᠭᠤᠴᠠᠭᠠᠨ᠎ᠤ ᠲᠥᠷᠥᠯ ᠵᠦᠶ᠋ᠯ᠎ᠨᠢ 450 ᠮᠥ᠍ ᠭᠠᠵᠠᠷ ᠡᠵᠡᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 5800 ᠲᠦᠮᠡᠨ ᠲᠥᠭᠥᠷᠢᠭ ᠪᠠᠢᠵᠤ᠂ 《EPC + O》 ᠵᠢᠨ ᠪᠥᠬᠥ᠌ ᠶᠠᠪᠤᠴᠠ᠎ᠶ᠋ᠢᠨ ᠨᠠᠢᠳᠠᠨ ᠬᠠᠮᠢᠶᠠᠷᠤᠭᠤᠯᠬᠤ ᠵᠠᠭ᠍ᠪᠤᠷ ᠵᠢᠡᠷ ᠨᠢᠭᠡᠨᠲᠡ 50 ᠰᠠᠭᠤᠷᠢ ᠢᠯᠴᠢ ᠬᠠᠳᠠᠭᠠᠯᠠᠬᠤ ᠮᠠᠶᠢᠭ᠎ᠤᠨ ᠨᠡᠷᠡᠨ᠎ᠦ ᠬᠡᠷᠡᠯ᠎ᠦᠨ ᠬᠦᠯᠡᠮᠵᠢ ᠪᠠᠢᠭᠤᠯᠵᠤ᠂ ᠣᠶᠤᠨᠴᠢ ᠤᠰᠤ ᠪᠣᠷᠲᠣᠭᠣᠷ ᠎ᠢ ᠨᠢᠭᠡ ᠴᠣᠭ᠍ᠴᠠᠵᠢᠭᠤᠯᠬᠤ᠂ ᠡᠳ᠋ ᠪᠠᠷᠠᠭᠠᠨ᠎ᠤ ᠮᠡᠳᠡᠭᠡ ᠵᠠᠩᠭᠢ᠎ᠶ᠋ᠢᠨ ᠰᠦᠯᠵᠢᠶ᠎ᠡ᠎ᠶ᠋ᠢᠨ ᠬᠠᠮᠢᠶᠠᠷᠤᠯᠲᠠ ᠵᠡᠷᠭᠡ ᠣᠲᠣ ᠦᠶ᠎ᠡ᠎ᠶ᠋ᠢᠨ ᠮᠡᠷᠭᠡᠵᠢᠯ᠎ᠢ ᠨᠡᠢᠳᠭᠡᠨ ᠬᠡᠷᠡᠭ᠌ᠯᠡᠪᠡ᠃  ᠵᠢᠱ᠌ᠢᠯᠲᠡ᠎ᠪᠡᠷ᠂ ᠲᠥᠷᠥᠯ ᠵᠦᠶ᠋ᠯ᠎ᠢ ᠪᠦᠬᠦᠨ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠵᠢᠯ᠎ᠳᠦ 300 ᠲᠦᠮᠡᠨ ᠵᠢᠩ ᠴᠢᠨᠠᠷ ᠰᠠᠢᠲᠠᠶ ᠵᠢᠮᠢᠰ ᠢᠳᠡᠱᠢᠨ ᠨᠣᠭᠣᠭ᠎ᠠ ᠬᠤᠷᠢᠶᠠᠵᠦ᠂ ᠦᠶ᠋ᠯᠡᠳᠬᠦᠨ᠎ᠦ ᠥᠷᠲᠡᠭ᠎ᠨᠢ 1800 ᠲᠦᠮᠡᠨ ᠲᠥᠭᠥᠷᠢᠭ᠎ᠲᠦ ᠬᠦᠷᠴᠦ᠍᠂ ᠲᠤᠬᠠᠶ ᠎ᠶ᠋ᠢᠨ ᠭᠠᠵᠠᠷ ᠎ᠤᠨ 40 ᠭᠠᠷᠤᠶ ᠲᠠᠷᠢᠶᠠᠴᠢᠨ᠎ᠳᠦ ᠠᠵᠢᠯ᠎ᠤᠨ ᠪᠠᠢᠷᠢ ᠬᠠᠡᠭᠭᠠᠵᠦ᠂ ᠬᠥᠮᠦᠨ ᠳᠤᠮᠳᠠᠴᠢ ᠎ᠶ᠋ᠢᠨ ᠵᠢᠯ ᠎ᠦᠨ ᠣᠷᠣᠯᠭ᠎ᠠ᠎ᠶ᠋ᠢ 5 ᠡᠴᠠ 8 ᠲᠦᠮᠡᠨ ᠲᠥᠭᠥᠷᠢᠭ ᠨᠡᠮᠡᠭ᠌ᠳᠡᠭᠦᠯᠬᠦ᠌᠎ᠶ᠋ᠢᠨ ᠬᠠᠮᠲᠤ᠂ ᠭᠠᠵᠠᠷ ᠱᠢᠷᠣᠶ᠎ᠶ᠋ᠢᠨ ᠡᠷᠭᠢᠯᠲᠡ᠂ ᠡᠳ᠋ ᠬᠥᠷᠥᠩᠭᠡ᠎ᠶ᠋ᠢᠨ ᠠᠱᠢᠭ ᠣᠯᠵᠠᠪᠤᠷᠢ ᠵᠡᠷᠭᠡ ᠠᠷᠭ᠎ᠠ ᠬᠡᠯᠪᠡᠷᠢ᠎ᠪᠡᠷ ᠲᠠᠷᠢᠶᠠᠴᠢᠳ᠎ᠤᠨ ᠣᠷᠣᠯᠭ᠎ᠠ ᠪᠠ ᠭᠠᠴᠠᠭ᠎ᠠ ᠲᠣᠰᠭᠣᠨ ᠎ᠤ ᠬᠠᠮᠲᠤ ᠎ᠶ᠋ᠢᠨ ᠠᠵᠤ ᠠᠬᠤᠶ᠎ᠶ᠋ᠢᠨ ᠣᠷᠣᠯᠭ᠎ᠠ᠎ᠶ᠋ᠢ ᠪᠦᠲᠦᠮᠵᠢᠲᠡᠶ ᠨᠡᠮᠡᠭ᠌ᠳᠡᠭᠦᠯᠬᠦ ᠪᠤᠯᠤᠨ᠎ᠠ᠃

ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠱᠢᠩ ᠶᠣᠣ ᠪᠠᠯᠭᠠᠰᠤᠨ᠎ᠤ ᠤᠳᠤᠨ ᠤᠭᠳᠠᠷᠭᠤᠢ ᠵᠢᠨ ᠲᠠᠯ᠎ᠠ ᠨᠤᠲᠤᠭ ᠎ᠤᠨ ᠬᠥᠬᠡ ᠵᠢᠮᠢᠰᠭᠡᠨ᠎ᠡ᠎ᠶ᠋ᠢᠨ ᠠᠵᠤ ᠦᠢᠯᠡᠰ᠎ᠦᠨ ᠬᠦᠷᠢᠶᠡᠯᠡᠩ᠎ᠳᠦ ᠬᠦᠷᠪᠡᠯ᠂ ᠫᠧᠩᠰᠡᠨ᠎ᠳᠦ ᠵᠠᠢᠯᠠᠭ᠍ᠰᠠᠨ ᠬᠥᠬᠡ ᠵᠢᠮᠢᠰᠭᠡᠨ᠎ᠡ ᠲᠠᠭᠠᠭ᠎ᠠ ᠶᠠᠳᠠᠳᠠᠯ᠎ᠠ ᠵᠢᠮᠢᠰ ᠰᠠᠭᠤᠭᠰᠠᠨ ᠬᠠᠷᠠᠭᠳᠠᠨ᠎ᠠ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠲᠥᠷᠥᠯ ᠵᠦᠶ᠋ᠯ᠎ᠦᠨ ᠲᠦᠷᠦᠭᠦᠦ ᠪᠦᠯᠦᠭ ᠦᠶ᠋ᠯᠡᠳᠬᠦᠨ᠎ᠨᠢ ᠤᠯᠤᠰ᠎ᠤᠨ ᠳᠣᠲᠣᠭᠠᠳᠤ ᠎ᠶ᠋ᠢᠨ ᠨᠢᠭᠡᠳᠦᠭᠡᠷ ᠳᠡᠰ᠎ᠤᠨ ᠬᠣᠲᠠ᠎ᠶ᠋ᠢᠨ ᠳᠡᠭᠡᠳᠦ ᠲᠠᠰ᠎ᠤᠨ ᠵᠠᠬ᠎ᠠ ᠳᠡᠯᠭᠡᠭᠦᠷ᠎ᠲᠦ ᠪᠣᠷᠣᠯᠠᠭᠤᠯᠭ᠎ᠠ ᠰᠠᠢᠲᠠᠶ ᠪᠠᠢᠵᠤ᠂ ᠪᠡᠯᠡᠭ᠎ᠦᠨ ᠬᠠᠢᠷᠴᠠᠭ᠎ᠲᠦ ᠰᠠᠪᠠᠯᠠᠵᠤ ᠪᠣᠷᠣᠯᠠᠭᠤᠯᠤᠬᠰᠠᠨ ᠦᠨ᠎ᠡ᠎ᠨᠢ 300 ᠭᠠᠷᠤᠢ ᠲᠦᠭᠦᠷᠢᠭ᠎ᠲᠦ ᠬᠦᠷᠴᠠᠢ᠃ ᠲᠤᠰ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠤ ᠪᠠᠯᠠ ᠣᠷᠣᠭᠤᠯᠤᠯᠲᠠ᠎ᠨᠢ 1.2 ᠳ᠋ᠦᠩᠱᠢᠭᠤᠷ ᠲᠥᠭᠥᠷᠢᠭ᠂ 27 ᠲᠦᠮᠡᠨ ᠲᠡᠭ᠌ᠰᠢ ᠳᠥᠷᠪᠡᠯᠵᠢᠨ ᠮᠧᠲ᠋ᠷ ᠭᠠᠵᠠᠷ ᠡᠵᠡᠯᠡᠵᠦ᠍᠂ ᠪᠠᠷᠢᠮᠵᠢᠶᠠᠲᠤ ᠬᠦᠯᠡᠮᠵᠢ 72 ᠎ᠶ᠋ᠢ ᠪᠠᠢᠭᠤᠯᠵᠤ᠂ ᠬᠥᠬᠡ ᠵᠢᠮᠢᠰᠭᠡᠨ᠎ᠡ᠎ᠶ᠋ᠢᠨ ᠴᠢᠬᠢ 2 ᠲᠦᠮᠡᠨ ᠰᠠᠭᠤᠷᠢ ᠰᠠᠭᠤᠯᠭᠠᠪᠠ᠃ ᠵᠠᠬ᠎ᠠ᠎ᠳᠤ ᠭᠠᠷᠤᠭ᠍ᠰᠠᠨ ᠡᠬᠢᠨ᠎ᠦ ᠬᠤᠭᠤᠴᠠᠭᠠᠨ᠎ᠤ ᠪᠣᠷᠣᠯᠠᠭᠤᠯᠭ᠎ᠠ᠎ᠶ᠋ᠢᠨ ᠬᠡᠮᠵᠢᠶ᠎ᠡ 280 ᠲᠦᠮᠡᠨ ᠲᠥᠭᠥᠷᠢᠭ᠎ᠲᠦ ᠬᠦᠷᠴᠦ᠍᠂ ᠪᠦᠬᠦᠨ᠎ᠢᠶᠡᠷ᠎ᠢᠶᠡᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠬᠥᠬᠡ ᠵᠢᠮᠢᠰᠭᠡᠨ᠎ᠡ ᠵᠢᠨ ᠵᠢᠯ᠎ᠤᠨ ᠤᠨᠠᠯᠳᠠ 150 ᠲᠣᠨ᠎ᠠᠴᠠ ᠳᠡᠭᠡᠭ᠌ᠰᠢ᠎ᠳᠤ ᠬᠦᠷᠴᠤ᠂ ᠵᠢᠯ᠎ᠦᠨ ᠦᠶ᠋ᠯᠡᠳᠬᠦᠨ᠎ᠦ ᠥᠷᠲᠡᠭ ᠨᠢ 2800 ᠲᠦᠮᠡᠨ ᠲᠥᠭᠥᠷᠢᠭ᠎ᠢ ᠳᠠᠪᠠᠬᠤ ᠪᠣᠯᠤᠨ᠎ᠠ᠃

《ᠭᠠᠵᠠᠷ ᠵᠦᠶ᠎ᠶ᠋ᠢᠨ ᠠᠭᠤᠷ ᠠᠮᠢᠰᠭᠤᠯ᠎ᠤᠨ ᠨᠥᠬᠥᠴᠡᠯ ᠳᠠᠪᠠᠭᠤᠯᠢᠭ ᠪᠦᠭᠡᠳ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠬᠦᠴᠦᠲᠡᠶ ᠲᠡᠮᠵᠢᠭᠰᠡᠨ ᠪᠤᠯᠬᠤᠷ ᠲᠥᠷᠥᠯ ᠵᠦᠶ᠋ᠯ᠎ᠤᠨ ᠪᠠᠢᠭᠤᠯᠤᠯᠳᠠ ᠮᠠᠰᠢ ᠤᠷᠤᠭ᠍ᠰᠢᠲᠠᠶ ᠪᠤᠯᠪᠠ》 ᠭᠡᠵᠦ ᠲᠥᠷᠥᠯ ᠵᠦᠶ᠋ᠯ᠎ᠦᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠭᠤᠤ ᠹᠧᠩ ᠶᠠᠷᠢᠨ᠎ᠠ᠃ ᠬᠦᠷᠢᠶᠡᠯᠡᠩ ᠲᠣᠭᠣᠷᠢᠭ᠎ᠨᠢ 《ᠡᠯᠪᠡᠭ ᠬᠤᠷᠢᠶᠠᠯᠲᠠ 1 ᠳ᠋ᠤᠭᠡᠷ》 ᠵᠡᠷᠭᠡ ᠴᠢᠨᠠᠷ ᠰᠠᠢᠲᠠᠶ ᠡᠭᠦᠯᠳᠡᠷ᠎ᠢ ᠰᠣᠩᠭᠣᠵᠤ᠂ ᠦᠷ᠎ᠡ ᠵᠢᠮᠢᠰ᠎ᠦᠨ ᠳ᠋ᠢᠶᠠᠮᠧᠲ᠋ᠷ᠎ᠨᠢ 22 ᠡᠴᠡ 30 ᠮᠢᠯᠢᠮᠧᠲ᠋ᠷ᠎ᠲᠦ ᠬᠦᠷᠴᠦ᠍᠂ ᠬᠥᠷᠥᠰᠥ᠍ ᠱᠢᠷᠣᠶ ᠥᠬᠡᠶ᠎ᠪᠡᠷ ᠳᠠᠷᠢᠬᠤ ᠪᠠ ᠤᠯᠠᠷᠢᠯ ᠰᠥᠷᠴᠦ᠍ ᠳᠠᠷᠢᠬᠤ ᠮᠡᠷᠭᠡᠵᠢᠯ᠎ᠢᠶᠡᠷ ᠳᠡᠮᠵᠢᠨ᠂ ᠵᠢᠵᠢᠭ ᠬᠥᠬᠡ ᠵᠢᠮᠢᠰᠭᠡᠨ᠎ᠡ᠎ᠨᠢ ᠨᠢᠭᠡᠨᠲᠡ ᠣᠯᠠᠨ ᠲᠦᠮᠡᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌《ᠠᠯᠲᠠᠨ ᠵᠢᠮᠢᠰ》 ᠪᠣᠯᠵᠠᠶ᠃

ᠡᠨᠡ ᠬᠤᠶᠠᠷ ᠭᠠᠵᠠᠷ ᠎ᠤᠨ ᠲᠦᠬᠦᠭᠡᠷᠤᠮᠵᠢᠳᠤ ᠲᠠᠷᠢᠶᠠᠯᠠᠩ᠎ᠤᠨ ᠲᠦᠷᠦᠯ ᠵᠦᠢᠯ ᠪᠣᠯ ᠱᠢᠯᠢ᠎ᠶ᠋ᠢᠨ ᠭᠣᠣᠯ ᠠᠢᠮᠠᠭ ᠎ᠤᠨ ᠲᠦᠬᠦᠭᠡᠷᠤᠮᠵᠢᠳᠤ ᠲᠠᠷᠢᠶᠠᠯᠠᠩ᠎ᠤᠨ ᠦᠷᠨᠢᠨ ᠬᠦᠭᠵᠢᠵᠦ ᠪᠤᠢ᠎ᠠᠮᠢᠳᠤᠯᠢᠭ  ᠪᠤᠳᠠᠳᠠᠢ ᠳᠦᠷᠢ ᠵᠢᠷᠤᠭ ᠪᠣᠯᠤᠨ᠎ᠠ᠃ ᠣᠢᠷ᠎ᠠ᠎ᠶ᠋ᠢᠨ ᠵᠢᠯ ᠎ᠦᠨ ᠲᠤᠷᠰᠢ᠂ ᠱᠢᠯᠢ᠎ᠶ᠋ᠢᠨ ᠭᠤᠤᠯ ᠠᠢᠮᠠᠭ ᠡᠬᠢ ᠪᠠᠶᠠᠯᠢᠭ᠎ᠤᠨ ᠳᠠᠪᠠᠭᠤᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ ᠪᠠ ᠰᠢᠨ᠎ᠡ ᠵᠠᠭ᠍ᠪᠤᠷ᠎ᠤᠨ ᠬᠦᠭᠵᠢᠭᠦᠯᠦᠯᠳᠡ᠎ᠳᠦ ᠰᠠᠭᠤᠷᠢᠯᠠᠨ᠂ ᠲᠦᠬᠦᠭᠡᠷᠤᠮᠵᠢᠳᠤ ᠲᠠᠷᠢᠶᠠᠯᠠᠩ ᠎ᠢ ᠬᠡᠪᠴᠢᠶᠡᠵᠢᠭᠦᠯᠬᠦ᠌᠂ ᠪᠠᠷᠢᠮᠵᠢᠶᠠᠵᠢᠭᠤᠯᠬᠤ᠂ ᠤᠶᠤᠨᠴᠢᠯᠠᠬᠤ ᠲᠡᠢᠰᠢ ᠬᠤᠪᠢᠷᠠᠭᠤᠯᠬᠤ ᠎ᠶ᠋ᠢ ᠠᠬᠢᠭᠤᠯᠤᠨ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠠᠵᠤ ᠠᠬᠤᠢᠯᠠᠯ ᠭᠤᠤᠯᠯᠠᠨ ᠤᠳᠤᠷᠢᠳᠬᠤ᠂ ᠣᠯᠠᠨ ᠲᠦᠮᠡᠨ ᠣᠷᠣᠯᠴᠠᠬᠤ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ 《ᠲᠠᠷᠢᠶᠠᠯᠠᠩ +》 ᠣᠯᠠᠨ ᠡᠱᠢᠲᠦ ᠠᠭᠤᠰᠤᠯᠴᠠᠯ᠎ᠢ ᠭᠠᠷᠳᠠᠨ ᠬᠢᠵᠦ᠂ ᠲᠦᠬᠦᠭᠡᠷᠤᠮᠵᠢᠳᠤ ᠲᠠᠷᠢᠶᠠᠯᠠᠩ᠎ᠢ ᠮᠠᠯᠴᠢᠨ ᠲᠠᠷᠢᠶᠠᠴᠢᠨ ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ ᠴᠢᠬᠤᠯᠠ ᠬᠥᠳᠡᠯᠭᠡᠭᠦᠷ ᠪᠣᠯᠭᠠᠪᠠ᠃

《2025 ᠣᠨ ᠪᠣᠯᠲᠠᠯ᠎ᠠ᠂ ᠪᠥᠬᠥ᠌ ᠠᠢᠮᠠᠭ᠎ᠤᠨ ᠪᠠᠢᠭᠤᠯᠤᠭ᠍ᠰᠠᠨ ᠲᠥᠬᠥᠭᠡᠷᠦᠮᠵᠢᠲᠦ ᠲᠠᠷᠢᠮᠠᠯ᠎ᠤᠨ ᠲᠠᠯᠠᠪᠠᠶ ᠨᠡᠢᠲᠡ 1.28 ᠲᠦᠮᠡᠨ ᠮᠥ᠍᠎ᠳᠤ ᠬᠦᠷᠴᠠᠢ᠃ ᠬᠡᠳᠦᠢᠪᠡᠷ ᠪᠥᠬᠥ᠌ ᠣᠷᠣᠨ᠎ᠳᠡᠬᠢ ᠡᠵᠡᠯᠡᠬᠦ᠌ ᠬᠠᠷᠢᠴᠠᠯ ᠨᠢ ᠶᠡᠬᠡ ᠪᠢᠰᠢ ᠪᠣᠯᠪᠠᠴᠤ᠌᠂ ᠮᠠᠯ ᠠᠵᠤ ᠠᠬᠤᠶ᠎ᠪᠠᠷ ᠭᠤᠤᠯ ᠪᠣᠯᠭᠠᠭ᠍ᠰᠠᠨ ᠱᠢᠯᠢ᠎ᠶ᠋ᠢᠨ ᠭᠤᠤᠯ ᠠᠢᠮᠠᠭ᠎ᠲᠤ ᠠᠪᠴᠤ᠌ ᠬᠡᠯᠡᠪᠡᠯ ᠨᠢᠭᠡᠨᠲᠡ〈ᠢᠳᠡᠱᠢᠨ ᠨᠣᠭᠣᠭ᠎ᠠ᠎ᠪᠠᠷ ᠭᠤᠤᠯ ᠪᠣᠯᠭᠠᠵᠤ᠂ ᠥᠪᠡᠷᠮᠢᠴᠡ ᠣᠨᠴᠠᠯᠢᠭ᠎ᠲᠠᠶ ᠦᠷ᠎ᠡ ᠠᠱᠢᠭ᠎ᠢ ᠨᠡᠮᠡᠭ᠌ᠳᠡᠭᠦᠯᠬᠦ᠌〉ᠦᠶ᠋ᠯᠡᠳᠪᠦᠷᠢᠯᠡᠯ᠎ᠦᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ》 ᠭᠡᠵᠦ ᠱᠢᠯᠢ᠎ᠶ᠋ᠢᠨ ᠭᠤᠤᠯ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠳᠠᠷᠤᠭ᠎ᠠ ᠨᠠᠨᠳᠢᠨ ᠶᠠᠷᠢᠨ᠎ᠠ᠃ ᠲᠡᠷᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ᠌ ᠠᠢᠮᠠᠭ ᠨᠢ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠭᠠᠷᠤᠯᠳᠠ ᠵᠢᠨ ᠴᠢᠬᠤᠯᠠ ᠰᠠᠭᠤᠷᠢᠨ ᠭᠠᠵᠠᠷ᠎ᠢ ᠪᠥᠲᠥᠭᠡᠨ ᠪᠠᠢᠭᠤᠯᠬᠤ ᠬᠠᠷᠠᠯᠲᠠ᠎ᠶ᠋ᠢᠨ ᠲᠣᠭᠣᠷᠢᠨ᠎ᠳᠤ᠂ ᠲᠦᠬᠦᠭᠡᠷᠦᠮᠵᠢᠲᠦ ᠲᠠᠷᠢᠶᠠᠯᠠᠩ᠎ᠢ ᠶᠡᠬᠡᠪᠡᠷ ᠬᠥᠭ᠌ᠵᠢᠭᠦᠯᠵᠦ᠍᠂ 2030 ᠣᠨ ᠪᠣᠯᠬᠤ᠎ᠳᠤ ᠢᠳᠡᠱᠢᠨ ᠨᠣᠭᠣᠭ᠎ᠠ ᠳᠠᠷᠢᠬᠤ ᠲᠠᠯᠠᠪᠠᠶ᠎ᠶ᠋ᠢ 25 ᠲᠦᠮᠡᠨ᠎ᠮᠦ᠍᠎ᠡᠴᠡ ᠳᠡᠭᠡᠭ᠌ᠰᠢ ᠲᠣᠭ᠍ᠲᠠᠪᠤᠷᠢᠵᠢᠭᠤᠯᠵᠤ᠂ ᠤᠨᠠᠯᠲᠠ᠎ᠶ᠋ᠢ 80 ᠲᠦᠮᠡᠨ ᠲᠣᠨ᠎ᠠᠴᠠ ᠳᠡᠭᠡᠭ᠌ᠰᠢ᠎ᠳᠦ ᠬᠦᠷᠭᠡᠵᠦ᠍᠂ ᠲᠦᠭᠦᠭᠡᠷᠦᠮᠵᠢᠲᠦ ᠲᠠᠷᠢᠮᠠᠯ ᠎ᠤᠨ ᠲᠠᠯᠠᠪᠠᠶ ᠎ᠶ᠋ᠢ 10 ᠲᠦᠮᠡᠨ ᠮᠦ᠍᠎ᠡᠴᠡ ᠳᠠᠪᠠᠭᠤᠯᠬᠤ᠎ᠪᠠᠷ ᠴᠢᠷᠮᠠᠢᠨ᠎ᠠ ᠭᠡᠵᠡᠶ᠃

ᠬᠤᠢᠰᠢᠳᠠ᠂ ᠱᠢᠯᠢ᠎ᠶ᠋ᠢᠨ ᠭᠤᠤᠯ ᠠᠢᠮᠠᠭ ᠠᠮᠵᠢᠯᠳᠠ ᠲᠠᠢ ᠲᠤᠷᠱᠢᠯᠭ᠎ᠠ ᠪᠡᠨ ᠪᠦᠲᠦᠭᠡᠯᠴᠢ ᠪᠡᠷ ᠲᠦᠭᠡᠮᠡᠯᠵᠢᠭᠦᠯᠵᠦ᠂ ᠲᠥᠷᠥ᠎ᠶ᠋ᠢᠨ ᠪᠣᠳᠣᠯᠭ᠎ᠠ᠂ ᠪᠠᠯᠠ ᠮᠥᠩᠭᠥ᠌᠂ ᠮᠡᠷᠭᠡᠵᠢᠯ᠎ᠢᠶᠡᠷ ᠲᠡᠳᠬᠦᠬᠦ᠌ ᠡᠷᠴᠢᠮ᠎ᠢᠶᠡᠨ ᠴᠢᠩᠭᠠᠷᠠᠭᠤᠯᠵᠤ᠂ ᠲᠥᠬᠦᠭᠡᠷᠦᠮᠵᠢᠲᠦ ᠲᠠᠷᠢᠶᠠᠯᠠᠩ᠎ᠤᠨ ᠬᠡᠪᠴᠢᠶ᠎ᠡ᠎ᠶ᠋ᠢ ᠥᠷᠭᠡᠳᠭᠡᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠎ᠳᠤ ᠠᠵᠤ ᠦᠶ᠋ᠯᠡᠰ ᠎ᠦᠨ ᠬᠥᠭ᠌ᠵᠢᠯᠲᠡ᠎ᠶ᠋ᠢᠨ ᠠᠱᠢᠭ᠎ᠢ ᠡᠳ᠋ᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号