ᠬᠠᠪᠤᠷ᠎ᠤᠨ ᠡᠬᠢ᠎ᠪᠡᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ ᠬᠣᠷᠴᠢᠨ ᠪᠠᠯᠭᠠᠰᠤᠨ᠎ᠤ ᠳᠠᠪᠠᠭ᠎ᠠ᠎ᠶ᠋ᠢᠨ ᠭᠤᠤ ᠲᠣᠰᠭᠣᠨ᠎ᠤ ᠲᠠᠷᠢᠶᠠᠨ ᠭᠠᠵᠠᠷ ᠲᠠᠷᠢᠶᠠᠯᠠᠬᠤ ᠪᠠᠨ ᠵᠣᠭ᠍ᠰᠣᠬᠤ ᠬᠤᠭᠤᠴᠠᠭᠠᠨ᠎ᠳᠦ ᠪᠠᠢᠭᠰᠠᠭᠠᠷ᠃ ᠲᠣᠰᠭᠣᠨ᠎ᠤ ᠠᠷᠠᠳ ᠵᠠᠩ ᠣᠪᠣᠭ᠍ᠲᠤ ᠲᠠᠷᠢᠶᠠᠨ ᠵᠠᠬ᠎ᠠ᠎ᠳᠤ ᠵᠣᠭ᠍ᠰᠣᠵᠤ᠂ ᠱᠢᠨ᠎ᠡ᠎ᠪᠡᠷ ᠲᠤᠬᠳᠠᠭᠠᠬᠰᠠᠨ ᠭᠠᠵᠠᠷ᠎ᠤᠨ ᠵᠠᠭᠠᠭ᠎ᠤᠨ ᠲᠡᠮᠳᠡᠭ᠎ᠢ ᠬᠠᠷᠠᠵᠦ ᠢᠨᠢᠶᠡᠮᠰᠦᠭᠯᠡᠨ᠎ᠡ᠃ ᠬᠡᠳᠦᠨ ᠰᠠᠷ᠎ᠠ᠎ᠶ᠋ᠢᠨ ᠡᠮᠦᠨ᠎ᠡ᠂ ᠲᠡᠷᠡ ᠭᠠᠵᠠᠷ ᠱᠢᠷᠣᠶ᠎ᠶ᠋ᠢᠨ ᠵᠠᠭᠠᠭ᠎ᠤᠨ ᠤᠴᠢᠷ ᠲᠸ᠋ ᠬᠥᠷᠰᠢ ᠵᠡᠷᠭᠡᠯᠡᠳᠡᠭᠡᠲᠡᠶᠪᠡᠨ ᠵᠥᠷᠢᠴᠡᠯ ᠡᠭᠦᠰᠪᠠ᠃
ᠵᠠᠡᠭᠭᠢᠯᠠᠭ᠎ᠠ ᠶ᠋ᠢᠨ ᠦᠶ᠎ᠡ ᠳᠦ᠂ ᠬᠣᠷᠴᠢᠨ ᠪᠠᠯᠭᠠᠰᠤᠨ ᠤ ᠨᠡᠢᠭᠡᠮ ᠦᠨ ᠠᠮᠤᠷ ᠲᠦᠪᠱᠢᠨ ᠢ ᠶᠡᠷᠦᠩᠬᠡᠢᠯᠡᠨ ᠵᠠᠰᠠᠬᠤ ᠲᠥᠪ ᠤᠨ ᠬᠢᠨ ᠡᠷᠬᠢᠨ ᠲᠣᠭᠣᠷᠢᠨ ᠤ ᠠᠢᠯ ᠲᠣᠰᠭᠣᠨ᠎ᠡᠴᠡ ᠲᠥᠷᠥ ᠶ᠋ᠢᠨ ᠪᠣᠳᠣᠯᠭ᠎ᠠ ᠶ᠋ᠢ ᠰᠠᠢᠨ ᠤᠢᠯᠠᠭᠠᠬᠤ᠂ ᠨᠡᠷ᠎ᠡ ᠬᠦᠨᠳᠦᠲᠡᠶ ᠲᠣᠰᠭᠣᠨ᠎ᠤ ᠺᠠᠳ᠋ᠷ ᠪᠠ ᠨᠤᠲᠤᠭ ᠤᠨ ᠲᠤᠮᠤᠭᠠᠲᠠᠨ᠎ᠢᠶᠠᠷ ᠪᠦᠷᠢᠯᠳᠦᠭ᠌ᠰᠡᠨ ᠡᠶᠡᠳᠡᠭᠦᠯᠬᠦ᠌ ᠲᠤᠰᠭᠠᠶ ᠠᠩᠭᠢ᠎ᠶ᠋ᠢ ᠱᠢᠯᠵᠢᠭᠦᠯᠦᠨ ᠠᠪᠴᠢᠷᠠᠵᠤ᠂ ᠲᠤᠬᠠᠶ᠎ᠶ᠋ᠢᠨ ᠲᠠᠯᠠᠪᠠᠶ᠎ᠳᠤ ᠬᠠᠢᠨ ᠬᠡᠮᠵᠢᠬᠦ᠌᠂ ᠬᠦᠰᠡᠯ ᠪᠤᠳᠤᠯ᠎ᠢ ᠨᠢ ᠰᠣᠨᠣᠰᠭᠤ᠂ ᠶᠣᠰᠣ ᠤᠴᠢᠷ᠎ᠢ ᠲᠠᠢᠯᠪᠤᠷᠢᠯᠠᠬᠤ ᠵᠡᠷᠭᠡ ᠠᠷᠭ᠎ᠠ᠎ᠪᠠᠷ ᠵᠠᠭᠤᠷᠠᠯᠳᠤᠭᠠᠨ᠎ᠢ ᠱᠢᠶ᠋ᠳᠪᠦᠷᠢᠯᠡᠵᠦ ᠦᠭᠪᠡ᠃ ᠡᠨᠡ ᠪᠤᠯ ᠬᠢᠩᠭᠠᠨ ᠠᠢᠮᠠᠭ᠎ᠤᠨ 《ᠲᠠᠲᠠᠨ ᠠᠪᠴᠢᠷᠠᠬᠤ᠂ ᠬᠥᠲᠥᠯᠥᠨ ᠵᠢᠯᠣᠭᠣᠳᠭᠤ᠂ ᠲᠠᠨᠢᠯᠲᠠ᠎ᠪᠠᠨ ᠳᠡᠭᠡᠭ᠌ᠰᠢᠯᠡᠭᠦᠯᠬᠦ᠌᠂ ᠵᠦᠪᠰᠢᠶᠡᠷᠡᠯ ᠢ ᠤᠯᠬᠤ》 ᠠᠵᠢᠯ᠎ᠤᠨ ᠠᠷᠭ᠎ᠠ ᠪᠡᠷ ᠶᠡᠷᠦᠩᠬᠡᠢᠯᠡᠨ ᠵᠠᠰᠠᠬᠤ ᠲᠥᠪ᠎ᠦᠨ ᠪᠣᠳᠠᠲᠤ ᠠᠵᠢᠯᠯᠠᠭ᠎ᠠ ᠵᠢ ᠠᠬᠢᠭᠤᠯᠵᠤ᠂ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠠᠲᠤ ᠴᠣᠭ᠍ᠴᠠᠯᠠᠵᠤ ᠪᠠᠢᠭ᠎ᠠ ᠪᠣᠳᠠᠲᠤ ᠵᠢᠱ᠌ᠢᠢ᠎ᠡ ᠪᠣᠯᠤᠨ᠎ᠠ᠃
2025 ᠣᠨ᠎ᠡᠴᠡ ᠨᠠᠭᠠᠰᠢ᠂ ᠬᠢᠩᠭᠠᠨ ᠠᠢᠮᠠᠭ ᠦᠨᠳᠦᠰᠦᠨ ᠱᠠᠲᠤᠨ᠎ᠤ ᠵᠠᠰᠠᠯᠲᠠ᠎ᠶ᠋ᠢ ᠭᠦᠨᠵᠡᠭᠡᠶ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ《ᠹᠧᠩ ᠴᠢᠶᠣᠤ᠎ᠶ᠋ᠢᠨ ᠲᠤᠷᠱᠢᠯᠭ᠎ᠠ》 ᠶ᠋ᠢ ᠦᠶ᠋ᠯᠡᠳᠦᠯᠭᠡᠵᠢᠭᠦᠯᠵᠦ᠍᠂ 《ᠲᠠᠲᠠᠨ ᠠᠪᠴᠢᠷᠠᠬᠤ᠂ ᠬᠥᠲᠥᠯᠥᠨ ᠵᠢᠯᠣᠭᠣᠳᠭᠤ᠂ ᠲᠠᠨᠢᠯᠲᠠ᠎ᠪᠠᠨ ᠳᠡᠭᠡᠭ᠌ᠰᠢᠯᠡᠭᠦᠯᠬᠦ᠌᠂ ᠵᠦᠪᠰᠢᠶᠡᠷᠡᠯ ᠢ ᠤᠯᠬᠤ》 ᠠᠵᠢᠯ ᠤᠨ ᠠᠷᠭ᠎ᠠ᠎ᠶ᠋ᠢ ᠬᠠᠢᠨ ᠰᠦᠪᠡᠭ᠌ᠴᠢᠯᠡᠵᠦ᠍᠂ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠦᠨ《ᠪᠠᠢᠭᠤᠯᠬᠤ》 ᠡᠴᠡ《ᠬᠡᠷᠡᠭ᠌ᠯᠡᠬᠦ》᠂《ᠬᠦᠴᠦᠷᠬᠡᠭ᠌ᠵᠢᠭᠦ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠲᠣᠭ᠍ᠲᠠᠭᠤᠨ᠎ᠢ ᠬᠠᠮᠠᠭᠠᠯᠠᠬᠤ᠂ ᠵᠥᠷᠢᠴᠡᠯ᠎ᠢ ᠱᠢᠶ᠋ᠳᠪᠦᠷᠢᠯᠡᠬᠦ᠌᠂ ᠣᠯᠠᠨ ᠲᠦᠮᠡᠨ᠎ᠳᠦ ᠦᠶ᠋ᠯᠡᠴᠢᠯᠡᠬᠦ᠌ ᠳᠤᠮᠳᠠ ᠭᠤᠤᠯᠯᠠᠭ᠍ᠴᠢ ᠬᠦᠶ᠋ᠰᠦ᠎ᠶ᠋ᠢᠨ ᠦᠶ᠋ᠯᠡᠳᠦᠯ᠎ᠢ ᠪᠠᠳᠠᠷᠠᠭᠤᠯᠪᠠ᠃
ᠲᠦᠴᠢᠦᠸᠠᠨ ᠱᠢᠶᠠᠨ᠎ᠤ ᠰᠠᠭᠤᠭᠠᠯᠢ ᠠᠷᠠᠳ ᠵᠠᠩ ᠣᠪᠣᠭ᠍ᠲᠤ ᠵᠢᠨ ᠬᠠᠮᠲᠤ ᠠᠵᠢᠯᠯᠠᠭ᠍ᠴᠢ ᠨᠢ ᠸᠠᠩ ᠣᠪᠣᠭ᠍ᠲᠤ 5 ᠲᠦᠮᠡᠨ ᠲᠥᠭᠥᠷᠢᠭ᠎ᠦᠨ ᠵᠢᠭᠡᠯᠡᠯᠭᠡ ᠪᠠᠨ ᠤᠲᠠᠲᠠᠯ᠎ᠠ ᠪᠤᠴᠠᠭᠠᠬᠤ ᠥᠬᠡᠶ ᠲᠤᠯᠠ ᠲᠡᠷᠡ ᠶᠡᠷᠦᠩᠬᠡᠢᠯᠡᠨ ᠵᠠᠰᠠᠬᠤ ᠲᠥᠪ᠎ᠲᠦ ᠬᠦᠷᠴᠦ᠍ ᠲᠤᠰᠠᠯᠠᠮᠵᠢ ᠭᠤᠶᠤᠴᠢᠯᠠᠪᠠ᠃ ᠬᠠᠤᠯᠢ ᠴᠠᠭᠠᠵᠠ᠂ ᠬᠠᠤᠯᠢ᠎ᠶ᠋ᠢᠨ ᠤᠬᠠᠭᠠᠨ᠎ᠤ ᠠᠵᠢᠯᠳᠠᠨ ᠬᠤᠶᠠᠷ ᠡᠳᠡᠭᠡᠳ᠎ᠤᠨ ᠵᠢᠭᠡᠯᠡᠯᠭᠡ ᠵᠢᠨ ᠪᠠᠷᠢᠮᠲᠠ᠂ ᠲᠠᠨᠭᠰᠠ ᠱᠢᠯᠵᠢᠭᠦᠯᠦᠭ᠌ᠰᠡᠨ ᠲᠡᠮᠳᠡᠭ᠌ᠯᠡᠯ ᠢ ᠨᠢ ᠦᠨᠳᠦᠰᠦᠯᠡᠨ ᠬᠠᠤᠯᠢ ᠶᠤᠰᠤ᠎ᠶ᠋ᠢ ᠲᠠᠢᠯᠪᠤᠷᠢᠯᠠᠵᠤ᠂ ᠵᠠᠷᠭᠤ ᠵᠠᠭᠠᠯᠳᠤᠯᠭ᠎ᠠ᠎ᠶ᠋ᠢᠨ《ᠴᠠᠭ ᠤᠨ ᠲᠠᠨᠭᠰᠠ》᠎ᠶ᠋ᠢ ᠪᠤᠳᠤᠵᠦ ᠦᠭᠪᠡ; ᠡᠶᠡᠳᠡᠭᠦᠯᠦᠭ᠌ᠴᠢ ᠡᠴᠡ ᠪᠣᠳᠠᠲᠤ ᠬᠡᠷᠡᠭ᠎ᠢ ᠳᠡᠯᠭᠡᠨ᠂ ᠶᠣᠰᠣ ᠤᠴᠢᠷ᠎ᠢ ᠶᠠᠷᠢᠵᠤ᠂ ᠬᠠᠤᠯᠢ ᠶᠤᠰᠤ ᠬᠠᠢᠷ᠎ᠠ ᠰᠡᠳᠭᠢᠯᠭᠡ ᠪᠡᠷ ᠬᠤᠶᠠᠷ ᠡᠳᠡᠭᠡᠳ᠎ᠢ ᠢᠳᠭᠠᠵᠦ᠂ ᠡᠶᠡᠳᠡᠭᠦᠯᠭᠡ᠎ᠶ᠋ᠢᠨ ᠬᠡᠯᠡᠯᠴᠡᠭᠡᠷ ᠲᠤᠬᠳᠠᠭᠠᠬᠤ ᠵᠢ ᠠᠭᠢᠭᠤᠯᠪᠠ᠃
ᠣᠯᠠᠨ ᠲᠦᠮᠡᠨ ᠢ 《ᠳᠤᠷᠠᠲᠠᠶ᠎ᠠ ᠢᠷᠡᠬᠦ᠂ ᠵᠣᠷᠢᠭ᠍ᠲᠠᠶᠢᠷᠡᠬᠦ》 ᠪᠤᠯᠭᠠᠬᠤ᠎ᠶ᠋ᠢᠨ ᠲᠥᠯᠥᠭᠡ᠂ ᠬᠢᠩᠭᠠᠨ ᠠᠢᠮᠠᠭ 《ᠲᠠᠯᠠᠪᠤᠷ ᠪᠠᠢᠭᠤᠯᠬᠤ᠂ ᠡᠬᠢ ᠪᠠᠶᠠᠯᠢᠭ᠎ᠢ ᠬᠤᠷᠠᠮᠳᠤᠭᠤᠯᠬᠤ᠂ ᠬᠠᠮᠢᠶᠠᠷᠤᠯᠲᠠ᠎ᠶ᠋ᠢ ᠴᠢᠩᠭᠠᠳᠭᠠᠬᠤ》 ᠪᠠᠷ ᠭᠠᠷᠳᠡᠴᠡ ᠪᠣᠯᠭᠠᠵᠤ᠂ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠶᠡᠷᠦᠩᠬᠡᠢᠯᠡᠨ ᠵᠠᠰᠠᠬᠤ ᠠᠵᠢᠯ᠎ᠤᠨ ᠪᠠᠢᠷᠢᠱᠢᠯ᠎ᠢ ᠪᠠᠢᠭᠤᠯᠪᠠ᠃ 《ᠪᠢᠳᠡ ᠪᠠᠷᠢᠮᠵᠢᠶᠠᠵᠢᠭᠤᠯᠤᠨ ᠲᠠᠯᠠᠪᠤᠷ ᠪᠠᠢᠭᠤᠯᠬᠤ᠎ᠪᠠᠷ ᠳᠠᠮᠵᠢᠵᠦ᠂ ᠡᠬᠢ ᠪᠠᠶᠠᠯᠢᠭ᠎ᠢ ᠡᠷᠴᠢᠮᠵᠢᠭᠦᠯᠦᠨ ᠬᠤᠷᠠᠮᠳᠤᠭᠤᠯᠵᠤ᠂ ᠬᠠᠮᠢᠶᠠᠷᠤᠯᠲᠠ ᠪᠠᠨ ᠵᠢᠷᠤᠮᠵᠢᠭᠤᠯᠤᠨ ᠴᠢᠩᠭᠠᠳᠭᠠᠵᠤ᠂ ᠵᠥᠷᠢᠴᠡᠯ ᠵᠠᠭᠤᠷᠠᠯᠳᠤᠭᠠᠨ᠎ᠢ 〈ᠨᠢᠭᠡ ᠥᠷᠲᠡᠭᠡᠴᠢᠯᠡᠭᠰᠡᠨ ᠮᠠᠶᠢᠭ〉 ᠵᠢᠡᠷ ᠰᠢᠢᠳᠪᠦᠷᠢᠯᠡᠬᠦ ᠲᠠᠪᠴᠠᠩ᠎ᠢ ᠪᠠᠢᠭᠤᠯᠵᠤ᠂ ᠳᠥᠭᠥᠮ ᠳᠥᠲᠡ ᠦᠶ᠋ᠯᠡᠴᠢᠯᠡᠭᠡ᠎ᠪᠡᠷ ᠣᠯᠠᠨ ᠲᠦᠮᠡᠨ ᠢ ᠲᠠᠲᠠᠵᠤ ᠪᠤᠢ》 ᠭᠡᠵᠦ᠍ ᠬᠢᠩᠭᠠᠨ ᠠᠢᠮᠠᠭ᠎ᠤᠨ ᠶᠡᠷᠦᠩᠬᠡᠢᠯᠡᠨ ᠵᠠᠰᠠᠬᠤ ᠲᠥᠪ᠎ᠦᠨ ᠡᠷᠬᠢᠯᠡᠭ᠌ᠴᠢ ᠯᠢᠨ ᠱᠢᠤ ᠼᠶ ᠲᠠᠨᠢᠯᠴᠠᠭᠤᠯᠪᠠ᠃
ᠣᠳᠣᠬᠠᠨ᠎ᠳᠤ᠂ ᠬᠢᠩᠭᠠᠨ ᠠᠢᠮᠠᠭ᠎ᠤᠨ ᠡᠯ᠎ᠡ ᠭᠠᠵᠠᠷ ᠤᠨ ᠶᠡᠷᠦᠩᠬᠡᠢᠯᠡᠨ ᠵᠠᠰᠠᠬᠤ ᠲᠥᠪ 《 ᠪᠠᠢᠩᠭᠤ ᠰᠠᠭᠤᠬᠤ + ᠡᠭᠡᠯᠵᠢᠯᠡᠨ ᠰᠠᠭᠤᠬᠤ + ᠳᠠᠭᠠᠵᠤ ᠰᠠᠭᠤᠬᠤ》 ᠵᠠᠭ᠍ᠪᠤᠷ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠲᠤᠪᠴᠢᠶ᠎ᠠ ᠪᠠᠢᠴᠠᠭᠠᠬᠤ ᠬᠤᠷᠢᠶ᠎ᠠ ᠱᠢᠭᠦᠬᠦ᠌ ᠬᠤᠷᠢᠶ᠎ᠠ ᠬᠠᠤᠯᠢ ᠴᠠᠭᠠᠵᠠ ᠵᠢᠨ ᠲᠤᠪᠴᠢᠶ᠎ᠠ᠂ ᠵᠠᠬᠢᠳᠠᠯ ᠰᠤᠷᠪᠤᠯᠵᠢᠯᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠪᠠᠢᠩᠭᠤ ᠰᠠᠭᠤᠬᠤ᠂ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠭᠡᠯᠵᠢᠯᠡᠨ ᠰᠠᠭᠤᠬᠤ᠂ ᠨᠡᠢᠭᠡᠮ᠎ᠦᠨ ᠬᠦᠴᠦᠨ ᠠᠮᠢᠳᠤᠯᠢᠭ᠎ᠢᠶᠠᠷ ᠲᠠᠭᠠᠵᠦ ᠰᠠᠭᠤᠬᠤ ᠠᠵᠢᠯ᠎ᠤᠨ ᠪᠠᠢᠷᠢᠱᠢᠯ᠎ᠢ ᠪᠣᠶ ᠪᠣᠯᠭᠠᠪᠠ᠃ ᠵᠠᠯᠠᠢᠳ ᠬᠣᠱᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠵᠡᠷᠭᠡ ᠭᠠᠵᠠᠷ᠎ᠤᠨ ᠬᠢᠨ ᠪᠠᠰᠠ ᠱᠢᠭᠦᠬᠦ᠌ ᠬᠣᠷᠢᠶᠠᠨ᠎ᠤ ᠱᠢᠭᠦᠨ ᠲᠠᠰᠤᠯᠬᠤ ᠲᠢᠩᠬᠢᠮ᠂ ᠠᠯᠪᠠᠨ ᠭᠡᠷᠡᠴᠢᠯᠡᠭᠡ᠎ᠪᠡᠷ ᠬᠦᠯᠢᠶᠡᠨ ᠠᠪᠬᠤ ᠵᠡᠷᠭᠡ ᠡᠭᠦᠷᠭᠡ ᠴᠢᠳᠠᠪᠤᠷᠢ᠎ᠶ᠋ᠢ ᠶᠠᠷᠦᠡᠭᠭᠡᠢᠯᠡᠨ ᠵᠠᠰᠠᠬᠤ ᠲᠥᠪ ᠲᠡᠭᠡᠨ ᠣᠷᠣᠭᠤᠯᠵᠤ᠂ 《ᠨᠢᠭᠡ ᠡᠭᠦᠳᠡ᠎ᠪᠡᠷ ᠣᠷᠣᠵᠤ᠂ ᠠᠯᠢᠪᠠ ᠶᠠᠪᠤᠳᠠᠯ ᠢ ᠱᠢᠢᠳᠪᠦᠷᠢᠯᠡᠬᠦ᠌》 ᠶ᠋ᠢ ᠦᠨᠡᠨ ᠬᠦ᠌ ᠪᠡᠶᠡᠯᠡᠭᠦᠯᠪᠡ᠃
ᠡᠭᠦᠨ᠎ᠦ ᠬᠠᠮᠲᠤ᠂ ᠬᠢᠩᠭᠠᠨ ᠠᠢᠮᠠᠭ《ᠭᠥᠯᠢᠶᠡᠨ ᠠᠪᠴᠤ᠌ ᠱᠢᠶ᠋ᠳᠪᠦᠷᠢᠯᠡᠬᠦ᠌ — ᠬᠤᠪᠢᠶᠠᠷᠢᠯᠠᠬᠤ — ᠡᠶᠡᠳᠡᠭᠦᠯᠬᠦ᠌ — ᠬᠠᠷᠢᠭᠤ ᠰᠤᠷᠪᠤᠯᠵᠢᠯᠠᠬᠤ》 ᠪᠠᠷᠢᠮᠵᠢᠶᠠᠵᠢᠭᠰᠠᠨ ᠠᠵᠢᠯ᠎ᠤᠨ ᠶᠠᠪᠤᠴᠠ ᠵᠢ ᠪᠠᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠪᠥᠬᠥ᠌ ᠬᠡᠮᠵᠢᠶ᠎ᠡ᠎ᠪᠡᠷ ᠭᠥᠯᠢᠶᠡᠨ ᠠᠪᠬᠤ᠂ ᠲᠥᠷᠥᠯ ᠬᠤᠪᠢᠶᠠᠨ ᠬᠠᠭᠤᠳᠠᠰᠤ ᠶᠠᠪᠤᠭᠤᠯᠬᠤ᠂ ᠪᠢᠲᠡᠭᠦᠦ ᠴᠠᠭᠠᠷᠢᠭᠵᠢᠡᠷ ᠱᠢᠶ᠋ᠳᠪᠦᠷᠢᠯᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠬᠠᠮᠲᠤ᠂ ᠠᠩᠬ᠎ᠠ ᠬᠦᠯᠢᠶᠡᠨ ᠠᠪᠤᠭᠰᠠᠨ᠎ᠨᠢ ᠬᠠᠷᠢᠭᠤᠴᠠᠬᠤ᠂ AB ᠠᠵᠢᠯ᠎ᠤᠨ ᠪᠠᠢᠷᠢ᠎ᠳᠤ ᠬᠠᠷᠢᠯᠴᠠᠨ ᠨᠥᠬᠥᠪᠥᠷᠢᠯᠡᠬᠦ᠌ ᠵᠡᠷᠭᠡ ᠲᠦᠷᠢᠮ᠎ᠢ ᠨᠠᠢᠳᠠᠪᠤᠷᠢᠵᠢᠭᠤᠯᠵᠤ᠂ 《ᠶᠠᠪᠤᠳᠠᠯ ᠪᠦᠬᠦᠨ᠎ᠳᠦ ᠬᠠᠷᠢᠭᠤ ᠥᠭ᠌ᠬᠦ》 ᠶ᠋ᠢ ᠪᠡᠶᠡᠯᠡᠭᠦᠯᠪᠡ᠃ ᠵᠢᠯ᠎ᠦᠨ ᠡᠬᠢᠨ᠎ᠡᠴᠡ ᠨᠠᠭᠠᠰᠢ᠂ 《ᠠᠵᠢᠯ ᠤᠨ ᠰᠠᠨᠠᠭᠤᠯᠤᠮᠵᠢ᠎ᠶ᠋ᠢᠨ ᠵᠠᠬᠢᠳᠠᠯ》᠂ 《ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠵᠠᠬᠢᠳᠠᠯ》 ᠢ᠋ 135 ᠬᠤᠪᠢ ᠲᠣᠭ᠍ᠲᠠᠭᠠᠨ ᠨᠡᠢᠲᠡᠯᠡᠵᠦ᠍᠂ ᠵᠥᠷᠢᠴᠡᠯ᠎ᠦᠨ ᠳᠡᠰ ᠳᠡᠪᠱᠢᠬᠦ᠌᠎ᠶ᠋ᠢ ᠪᠦᠲᠦᠮᠵᠢᠲᠡᠢ ᠰᠡᠷᠭᠡᠢᠯᠡᠪᠡ᠃
《 ᠬᠡᠷᠡᠮ ᠪᠠᠷᠢᠬᠤ ᠵᠠᠭᠠᠭ ᠢ ᠬᠠᠮᠢᠭᠠᠭᠤᠷ ᠲᠤᠬᠳᠠᠭᠠᠬᠤ ᠪᠤᠢ? ᠶᠠᠭᠤᠨ᠎ᠳᠤ ᠨᠠᠳᠠ᠎ᠵᠢ ᠠᠵᠢᠯ ᠡᠬᠢᠯᠡᠭᠦᠯᠬᠦ᠌ ᠥᠬᠡᠶ ᠪᠤᠢ?》 ᠭᠡᠵᠦ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠮᠲᠦ᠍ᠶ᠋ᠢᠨ ᠭᠣᠣᠯ ᠰᠤᠮᠤ᠎ᠶ᠋ᠢᠨ ᠲᠦᠯᠡᠭᠡ᠎ᠲᠦ ᠭᠠᠴᠡᠭᠠᠨ᠎ᠤ ᠠᠷᠠᠳ ᠦ᠋ ᠣᠪᠣᠭ᠍ᠲᠤ ᠬᠦᠷᠰᠢ ᠠᠢᠯ᠎ᠤᠨ ᠵᠢᠡᠨ ᠪᠦᠦ ᠣᠪᠣᠭ᠍ᠲᠤ᠎ᠲᠠᠶ ᠮᠠᠷᠭᠤᠯᠳᠤᠭᠠᠨ ᠡᠭᠦᠰᠬᠦ ᠳ᠋ᠦ᠂ ᠶᠡᠷᠦᠩᠬᠡᠢᠯᠡᠨ ᠵᠠᠰᠠᠬᠤ ᠲᠥᠪ᠎ᠤᠨ ᠬᠢᠨ ᠤᠴᠢᠷ᠎ᠢ ᠨᠢ ᠦᠳᠲᠡᠷ ᠲᠦᠷᠭᠡᠨ ᠰᠢᠢᠳᠪᠦᠷᠢᠯᠡᠵᠦ ᠦᠭᠪᠡ᠃ ᠬᠠᠤᠯᠢ ᠴᠠᠭᠠᠵᠠ᠎ᠶ᠋ᠢᠨ ᠭᠠᠵᠠᠷ ᠡᠴᠡ ᠬᠠᠤᠯᠢ ᠵᠢ ᠲᠠᠢᠯᠪᠤᠷᠢᠯᠠᠵᠤ᠂ ᠠᠷᠠᠳ᠎ᠤᠨ ᠴᠠᠭ᠍ᠳᠠᠭ᠎ᠠ ᠰᠡᠷᠡᠮᠵᠢᠯᠡᠬᠦ ᠵᠦᠢᠯ᠎ᠢ ᠰᠠᠨᠠᠭᠤᠯᠵᠦ᠂ ᠡᠶᠡᠳᠡᠭᠦᠯᠦᠭ᠌ᠴᠢ ᠬᠡᠷ ᠵᠠᠭᠤᠷ᠎ᠠ᠎ᠶ᠋ᠢᠨ ᠵᠣᠭᠣᠭ ᠳᠡᠯᠭᠡᠪᠡ ᠁ ᠣᠯᠠᠨ ᠰᠠᠯᠠᠭ᠎ᠠ ᠮᠥᠴᠢᠷ ᠬᠠᠮᠲᠤᠷᠠᠨ ᠪᠠᠢᠭᠤᠯᠤᠬᠰᠠᠨ ᠡᠶᠡᠳᠡᠭᠦᠯᠬᠦ᠌ ᠪᠠᠭ᠎ᠠ ᠠᠩᠭᠢ ᠨᠢ ᠬᠡᠳᠦᠭᠡᠨ ᠴᠠᠭ᠎ᠤᠨ ᠳᠣᠲᠣᠷ᠎ᠠ ᠬᠣᠶᠠᠷ ᠲᠠᠯ᠎ᠠ ᠵᠢ ᠡᠶᠡᠳᠡᠭᠦᠯᠪᠡ᠃ ᠡᠢᠮᠦᠷᠬᠦ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠂ ᠬᠣᠯᠪᠣᠭᠠᠯᠠᠨ ᠬᠥᠳᠡᠯᠦᠯᠴᠡᠵᠦ᠍ ᠰᠢᠢᠳᠪᠦᠷᠢᠯᠡᠬᠦ ᠵᠠᠭ᠍ᠪᠤᠷ ᠪᠣᠯ ᠶᠠᠭ《ᠰᠠᠢᠲᠤᠷ ᠬᠦᠳᠦᠯᠦᠨ ᠵᠢᠯᠣᠭᠣᠳᠭᠤ》 ᠵᠢᠨ ᠭᠣᠣᠯᠳᠠᠯᠭ᠎ᠠ ᠪᠣᠯᠤᠨ᠎ᠠ᠃
ᠠᠳᠠᠯᠢ ᠪᠤᠰᠤ ᠲᠥᠷᠥᠯ ᠬᠡᠯᠪᠡᠷᠢ᠎ᠶ᠋ᠢᠨ ᠵᠥᠷᠢᠴᠡᠯ᠎ᠳᠦ ᠴᠢᠭ᠌ᠯᠡᠭᠦᠯᠦᠨ᠂ ᠬᠢᠩᠭᠠᠨ ᠠᠢᠮᠠᠭ᠎ᠨᠢ ᠲᠠᠰ ᠬᠤᠪᠢᠶᠠᠨ ᠰᠠᠯᠭᠠᠨ ᠲᠣᠬᠢᠷᠠᠭᠤᠯᠬᠤ᠂ ᠵᠠᠭ᠍ᠪᠤᠷ ᠬᠤᠪᠢᠶᠠᠨ ᠡᠶᠡᠳᠡᠭᠦᠯᠬᠦ᠌ ᠠᠷᠭ᠎ᠠ ᠮᠠᠶᠢᠭ᠎ᠢ ᠬᠡᠷᠡᠭᠵᠢᠭᠦᠯᠪᠡ᠄ ᠡᠩ᠎ᠦᠨ ᠵᠠᠭᠤᠷᠠᠯᠳᠤᠭᠠᠨ᠎ᠢ ᠴᠠᠭ ᠲᠤᠬᠠᠶ᠎ᠳᠤᠨᠢ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ᠂ ᠬᠠᠤᠯᠢ᠎ᠶ᠋ᠢᠨ ᠤᠬᠠᠭᠠᠨ ᠬᠠᠤᠯᠢ ᠴᠠᠭᠠᠵᠠ᠎ᠶ᠋ᠢᠨ ᠠᠵᠢᠯᠲᠠᠨ ᠵᠡᠷᠭᠡ ᠲᠤᠰᠭᠠᠶ ᠮᠡᠷᠭᠡᠵᠢᠯ᠎ᠦᠨ ᠬᠥᠮᠦᠰ᠎ᠲᠦ ᠬᠤᠪᠢᠶᠠᠷᠢᠯᠠᠨ ᠦᠭᠴᠤ ᠡᠶᠡᠳᠡᠭᠦᠯᠦᠨ᠎ᠡ;ᠠᠵᠢᠯ᠎ᠤᠨ ᠡᠷᠬᠡ᠎ᠳᠦ ᠰᠠᠯᠠᠭ᠎ᠠ ᠮᠥᠴᠢᠷ᠎ᠡᠴᠡ ᠱᠢᠶ᠋ᠳᠪᠦᠷᠢᠯᠡᠬᠦ᠌ ᠴᠢᠬᠤᠯᠠᠲᠠᠶ ᠪᠤᠯ᠂ ᠴᠠᠭ ᠲᠤᠬᠠᠶ᠎ᠳᠤᠨᠢ ᠬᠤᠪᠢᠶᠠᠷᠢᠯᠠᠨ᠂ ᠬᠤᠭᠤᠴᠠᠭ᠎ᠠ ᠲᠤᠬᠳᠠᠭᠠᠨ ᠮᠥᠷᠳᠡᠨ ᠰᠢᠢᠳᠪᠤᠷᠢᠯᠡᠨ᠎ᠠ;ᠣᠯᠠᠨ ᠰᠠᠯᠠᠭ᠎ᠠ ᠮᠥᠴᠢᠷ ᠬᠠᠮᠲᠤᠷᠠᠨ ᠱᠢᠶ᠋ᠳᠪᠦᠷᠢᠯᠡᠬᠦ᠌ ᠴᠢᠬᠤᠯᠠᠲᠠᠶ ᠪᠤᠯ᠂ ᠡᠯ᠎ᠡ ᠰᠠᠯᠠᠭ᠎ᠠ ᠮᠥᠴᠢᠷ᠎ᠦᠨ ᠬᠠᠷᠢᠯᠴᠠᠨ ᠬᠦᠷᠭᠡᠬᠦ᠌᠂ ᠬᠠᠮᠵᠢᠯᠴᠠᠨ ᠰᠢᠢᠳᠪᠦᠷᠢᠯᠡᠬᠦ ᠬᠠᠷᠢᠭᠤᠴᠠᠯᠭ᠎ᠠ᠎ᠶ᠋ᠢ ᠲᠣᠳᠣᠷᠬᠠᠢᠯᠠᠨ᠎ᠠ᠃
2025 ᠣᠨ᠎ᠳᠤ᠂ ᠬᠢᠩᠭᠠᠨ ᠠᠢᠮᠠᠭ᠎ᠤᠨ ᠡᠶᠡᠳᠡᠭᠦᠯᠬᠦ᠌᠂ ᠬᠥᠨᠳᠡᠯᠡᠨ᠎ᠡᠴᠡ ᠲᠠᠰᠤᠯᠬᠤ ᠵᠡᠷᠭᠡ ᠠᠷᠭ᠎ᠠ ᠬᠡᠯᠪᠡᠷᠢ᠎ᠪᠡᠷ ᠱᠢᠶ᠋ᠳᠪᠦᠷᠢᠯᠡᠭ᠌ᠰᠡᠨ ᠵᠠᠭᠤᠷᠠᠯᠳᠤᠭᠠᠨ᠎ᠤ ᠡᠵᠡᠯᠡᠬᠦ᠌ ᠬᠠᠷᠢᠴᠠᠯ᠎ᠨᠢ ᠨᠢᠭᠡᠨᠲᠡ 96.3% ᠳ᠋ᠤ ᠬᠦᠷᠴᠡᠶ᠃ ᠠᠯᠢ ᠤᠯᠠᠨ ᠵᠥᠷᠢᠴᠡᠯ᠎ᠢ ᠮᠥᠨ ᠴᠢᠨᠠᠷ ᠡᠴᠡ ᠨᠢ ᠱᠢᠢᠳᠪᠦᠷᠢᠯᠡᠭᠰᠡᠨᠢ ᠡᠳᠡᠭᠡᠷ ᠲᠤᠭ᠎ᠠ ᠪᠠᠷᠢᠮᠳᠠ ᠬᠠᠷᠠᠭᠤᠯᠤᠨ᠎ᠠ᠃
ᠣᠯᠠᠨ ᠲᠦᠮᠡᠨ᠎ᠤ 《ᠬᠡᠨ᠎ᠢ ᠡᠷᠢᠵᠦ᠍ ᠱᠢᠶ᠋ᠳᠪᠦᠷᠢᠯᠡᠬᠦ᠌᠂ ᠬᠡᠷᠬᠢᠨ ᠱᠢᠶ᠋ᠳᠪᠦᠷᠢᠯᠡᠬᠦ᠌》 ᠶ᠋ᠢ ᠲᠣᠳᠣᠷᠬᠠᠶ ᠪᠣᠯᠭᠠᠬᠤ᠎ᠶ᠋ᠢᠨ ᠲᠥᠯᠥᠭᠡ᠂ ᠬᠢᠩᠭᠠᠨ ᠠᠢᠮᠠᠭ ᠪᠠᠰᠠ ᠬᠥᠨᠳᠡᠯᠡᠨ ᠭᠤᠯᠳᠤ᠎ᠪᠠᠷ ᠨᠡᠪᠲᠡᠷᠡᠯᠴᠡᠭ᠌ᠰᠡᠨ ᠵᠢᠯᠣᠭᠣᠳᠭᠤ ᠱᠢᠰᠲ᠋ᠧᠮ ᠢ ᠪᠠᠢᠭᠤᠯᠪᠠ᠃ ᠭᠤᠯᠳᠤ᠎ᠪᠠᠷ᠂ ᠠᠢᠮᠠᠭ᠎ᠤᠨ ᠱᠠᠲᠤᠨ᠎ᠡᠴᠡ《ᠬᠢᠩᠭᠠᠨ ᠠᠢᠮᠠᠭ ᠤᠨ ᠶᠡᠷᠦᠩᠬᠡᠢᠯᠡᠨ ᠵᠠᠰᠠᠬᠤ ᠲᠥᠪ ᠦᠨ ᠪᠣᠳᠠᠲᠤ ᠪᠠᠢᠯᠳᠤᠭᠠᠨᠴᠢᠯᠠᠭᠰᠠᠨ ᠠᠵᠢᠯᠯᠠᠭᠠᠨ ᠤ ᠠᠷᠪᠠᠨ ᠵᠦᠢᠯ᠎ᠦᠨ ᠠᠷᠭ᠎ᠠ ᠬᠡᠮᠵᠢᠶ᠎ᠡ》 ᠶ᠋ᠢ ᠲᠣᠭ᠍ᠲᠠᠭᠠᠵᠤ᠂ ᠠᠢᠮᠠᠭ᠂ ᠬᠣᠱᠢᠭᠤ᠂ ᠱᠢᠶᠠᠩ᠂ ᠲᠣᠰᠭᠣᠨ ᠳᠥᠷᠪᠡᠨ ᠱᠠᠲᠤ᠎ᠶ᠋ᠢ ᠨᠡᠪᠲᠡᠷᠡᠭᠦᠯᠬᠦ᠌ ᠠᠵᠢᠯ᠎ᠤᠨ ᠱᠢᠰᠲ᠋ᠧᠮ᠎ᠢ ᠪᠦᠷᠢᠯᠳᠦᠭᠦᠯᠪᠡ; ᠬᠥᠨᠳᠡᠯᠡᠨ᠎ᠢᠶᠡᠷ᠂《ᠴᠤᠭ᠍ᠯᠠᠭᠤᠯᠬᠤ — ᠬᠤᠪᠢᠶᠠᠷᠢᠯᠠᠬᠤ — ᠱᠢᠶ᠋ᠳᠪᠦᠷᠢᠯᠡᠬᠦ᠌ — ᠱᠠᠯᠠᠪᠳᠠᠭᠤᠯᠤᠨ ᠭᠦᠶ᠋ᠴᠡᠳᠭᠡᠬᠦ᠌》 ᠪᠢᠲᠡᠭᠦᠦ ᠴᠠᠭᠠᠷᠢᠭ᠎ᠤᠨ ᠲᠣᠭ᠍ᠲᠡᠴᠡ᠎ᠶ᠋ᠢ ᠪᠠᠢᠭᠤᠯᠵᠤ᠂ ᠪᠠᠢᠩᠭᠤᠵᠢᠭ᠍ᠰᠠᠨ ᠵᠢᠭ᠍ᠰᠠᠭᠠᠨ ᠪᠠᠢᠴᠠᠭᠠᠯᠲᠠ᠂ 12345 ᠬᠠᠯᠠᠮᠱᠢᠯ ᠤᠲᠠᠰᠤᠰᠠᠭᠤᠷᠢᠵᠢ ᠪᠠᠲᠤᠯᠠᠨ ᠵᠥᠷᠢᠴᠡᠯ᠎ᠦᠨ ᠳᠠᠯᠳᠠ ᠬᠡᠮ᠎ᠢ ᠡᠮᠬᠢᠯᠡᠨ ᠨᠡᠢᠯᠡᠭᠦᠯᠬᠦ᠌᠎ᠶ᠋ᠢᠨ ᠬᠠᠮᠲᠤ ᠲᠤᠤᠷᠵᠢᠭᠤᠯᠤᠯᠲᠠ᠎ᠶ᠋ᠢᠨ ᠠᠵᠢᠯᠲᠠᠨ᠎ᠤ ᠤᠬᠠᠭᠤᠯᠭ᠎ᠠ᠂ ᠭᠠᠴᠡᠭ᠎ᠠ ᠲᠣᠰᠭᠣᠨ᠎ᠤ ᠢᠯᠡ ᠨᠡᠢᠲᠡᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠭᠥᠯᠢᠶᠡᠨ ᠠᠪᠴᠤ᠌ ᠱᠢᠶ᠋ᠳᠪᠦᠷᠢᠯᠡᠬᠦ᠌ ᠠᠷᠭ᠎ᠠ ᠵᠠᠮ᠎ᠢ ᠮᠡᠳᠡᠭᠳᠡᠪᠡ᠃
《ᠠᠢᠯ ᠡᠷᠦᠭᠡ ᠵᠢᠨ ᠤᠰᠤᠨ ᠬᠣᠭᠣᠯᠠᠶ ᠭᠣᠭᠣᠵᠢᠬᠤ ᠡᠴᠡ ᠠᠪᠤᠭᠠᠳ᠂ ᠬᠦᠷᠰᠢ ᠠᠢᠯ᠎ᠤᠨ ᠬᠡᠷᠡᠭᠦᠯ ᠮᠠᠷᠭᠤᠯᠳᠤᠭᠠᠨ᠎ᠢ ᠬᠦᠷᠳᠡᠯ᠎ᠠ ᠴᠠᠭ ᠲᠤᠬᠠᠢᠳᠤᠨᠢ ᠲᠣᠣᠷᠵᠢᠭᠤᠯᠤᠯᠲᠠ᠎ᠶ᠋ᠢᠨ ᠠᠵᠢᠯᠲᠠᠨ᠎ᠳᠤ ᠬᠡᠯᠡᠨ᠎ᠡ》᠃ ᠡᠨᠡ ᠪᠣᠯ ᠤᠯᠠᠭᠠᠨᠬᠣᠲᠠ᠎ᠶ᠋ᠢᠨ ᠾᠧ ᠫᠢᠩ ᠵᠡᠭᠡᠯᠢ᠎ᠶ᠋ᠢᠨ ᠬᠣᠩ ᠶᠦᠨ ᠨᠡᠢᠭᠡᠮ ᠲᠣᠭᠣᠷᠢᠭ᠎ᠤᠨ ᠵᠢᠶᠠ ᠵᠢᠶᠠ ᠹᠦ᠋ ᠰᠠᠭᠤᠭᠠᠯᠢ ᠠᠷᠠᠳ᠎ᠤᠨ ᠲᠣᠭᠣᠷᠢᠭ᠎ᠤᠨ ᠤᠷᠤᠴᠠ᠎ᠵᠢᠨ ᠳᠠᠷᠤᠭ᠎ᠠ ᠱᠢᠶᠤᠤ ᠮᠢᠩ ᠬᠤᠸᠠ᠎ᠶ᠋ᠢᠨ ᠡᠳᠦᠷ ᠲᠤᠲᠤᠮ᠎ᠤᠨ ᠠᠵᠢᠯ ᠪᠣᠯᠤᠨ᠎ᠠ᠃ ᠡᠳᠦᠭᠡ᠂ ᠶᠡᠷᠦᠩᠬᠡᠢᠯᠡᠨ ᠵᠠᠰᠠᠬᠤ ᠲᠥᠪ᠎ᠡᠴᠡ ᠡᠯ᠎ᠡ ᠲᠠᠯ᠎ᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠵᠢᠭᠦᠯᠦᠨ ᠨᠡᠢᠳᠭᠡᠬᠦ᠌᠎ᠪᠡᠷ ᠳᠡᠮᠵᠢᠨ᠂ 《ᠲᠤᠤᠷᠵᠢᠯ (ᠰᠠᠭᠤᠭᠠᠯᠢ ᠠᠷᠠᠳ᠎ᠤᠨ ᠲᠣᠭᠣᠷᠢᠭ) ᠤ᠋ᠨ ᠨᠠᠮ᠎ᠤᠨ ᠤᠳᠤᠷᠢᠳᠭᠤ ᠳᠤᠭᠤᠢᠯᠠᠩ(ᠨᠠᠮ᠎ᠤᠨ ᠡᠭᠦᠷ)+ ᠲᠤᠤᠷᠵᠢᠭᠤᠯᠤᠯᠲᠠ᠎ᠵᠢᠨ ᠠᠵᠢᠯᠲᠠᠨ + ᠠᠰᠠᠷ(ᠤᠷᠤᠴᠠ᠂ ᠬᠣᠯᠪᠣᠭᠠᠲᠤ ᠡᠷᠦᠬᠡ᠂ ᠭᠤᠳᠤᠮᠵᠢ) ᠤ᠋ᠨ ᠳᠠᠷᠤᠭ᠎ᠠ》 ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠡᠴᠡ᠎ᠶ᠋ᠢ 100% ᠪᠠᠷ ᠪᠠᠢᠭᠤᠯᠵᠤ᠂《ᠭᠠᠷᠠᠭᠪᠦᠷᠢ ᠠᠵᠢᠭ᠍ᠯᠠᠬᠤ᠂ ᠠᠢᠯ ᠡᠷᠦᠬᠡ ᠪᠦᠬᠦᠨ ᠣᠷᠣᠯᠴᠠᠬᠤ᠂ ᠠᠢᠯ ᠲᠣᠰᠭᠣᠨ ᠠᠢᠯ ᠡᠷᠦᠬᠡ᠎ᠳᠦ ᠭᠦᠨᠵᠡᠭᠡᠢᠷᠡᠬᠦ᠌》 ᠠᠵᠢᠯ᠎ᠤᠨ ᠠᠷᠭ᠎ᠠ᠎ᠪᠡᠷ ᠰᠢᠢᠳᠪᠦᠷᠢᠯᠡᠵᠦ᠍᠂ ᠡᠷᠲᠡ᠎ᠡᠴᠡ ᠭᠠᠷᠳᠠᠨ ᠪᠠᠭᠠᠳᠤᠨᠢ ᠠᠳᠭᠤᠬᠤ᠂ ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠣᠯᠠᠨ ᠲᠦᠮᠡᠨ ᠴᠦ᠍ ᠬᠠᠤᠯᠢ᠎ᠪᠠᠷ ᠵᠠᠰᠠᠬᠤ ᠰᠡᠳᠭᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭ᠌ᠯᠡᠬᠦ ᠪᠡᠷ ᠳᠠᠮᠵᠢᠨ ᠠᠵᠢᠯ ᠥᠷᠨᠢᠭᠦᠯᠵᠦ ᠵᠦᠷᠢᠴᠡᠯ ᠰᠢᠢᠳᠪᠦᠷᠢᠯᠡᠬᠦ ᠳᠠᠳᠬᠠᠯ ᠲᠠᠢ ᠪᠤᠯᠵᠠᠢ᠃
ᠵᠠᠯᠠᠢᠳ ᠬᠣᠱᠢᠭᠤᠨ᠎ᠤ ᠱᠢᠨ ᠯᠢᠨ ᠪᠠᠯᠭᠠᠰᠤᠨ᠎ᠤ ᠶᠢᠩ ᠯᠢᠨ ᠲᠣᠰᠭᠣᠨ᠎ᠳᠤ᠂ ᠲᠣᠰᠭᠣᠨ᠎ᠤ ᠠᠷᠠᠳ ᠶᠤᠸᠠᠨ ᠣᠪᠣᠭ᠍ᠲᠤ ᠪᠣᠯᠤᠨ ᠼᠦᠩ ᠣᠪᠣᠭ᠍ᠲᠤ ᠵᠢᠨ ᠠᠷᠪᠠᠭᠠᠳ ᠵᠢᠯ᠎ᠤᠨ ᠣᠢᠲᠤ ᠭᠠᠵᠠᠷ᠎ᠤᠨ ᠵᠠᠭᠤᠷᠠᠯᠳᠤᠭᠠᠨ ᠢ ᠶᠡᠷᠦᠩᠬᠡᠢᠯᠡᠨ ᠵᠠᠰᠠᠬᠤ ᠲᠥᠪ᠎ᠤᠨ ᠬᠢᠨ 7 ᠡᠳᠦᠷ᠎ᠤᠨ ᠲᠤᠳᠤᠷ᠎ᠠ ᠠᠮᠵᠢᠯᠲᠠ᠎ᠲᠠᠶ ᠱᠢᠢᠳᠪᠦᠷᠢᠯᠡᠪᠡ᠃ 《ᠡᠨᠡ ᠬᠡᠰᠡᠭ ᠭᠠᠵᠠᠷ᠎ᠤᠨ ᠵᠠᠭᠠᠭ᠎ᠤᠨ ᠲᠤᠬᠠᠢ ᠠᠷᠪᠠᠨ ᠬᠡᠳᠦᠨ ᠵᠢᠯ ᠮᠠᠷᠭᠤᠯᠳᠤᠭᠠᠳ ᠤᠳᠤ ᠨᠢᠭᠡᠨᠳᠡ ᠲᠣᠳᠣᠷᠬᠠᠢ ᠪᠤᠯᠵᠦ᠂ ᠰᠡᠳᠭᠢᠯ ᠠᠮᠠᠷᠠᠵᠠᠢ》 ᠭᠡᠵᠦ ᠬᠤᠶᠠᠷ ᠡᠳᠡᠭᠡᠳ ᠵᠢᠡᠷ ᠵᠢᠡᠨ ᠭᠠᠷ ᠠᠳᠭᠤᠯᠴᠠᠨ ᠡᠪᠯᠡᠷᠡᠵᠦ᠂ ᠶᠡᠷᠦᠩᠬᠡᠢᠯᠡᠨ ᠵᠠᠰᠠᠬᠤ ᠲᠥᠪ᠎ᠦᠨ ᠠᠵᠢᠯ᠎ᠳᠤ ᠬᠠᠮᠤᠭ᠎ᠤᠨ ᠰᠠᠢ᠌ᠨ ᠦᠨᠡᠯᠡᠯᠲᠡ ᠦᠭᠪᠡ᠃
ᠬᠢᠩᠭᠠᠨ ᠠᠢᠮᠠᠭ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠦᠶ᠋ᠯᠡᠴᠢᠯᠡᠭᠡ᠎ᠪᠡᠷ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ 2025 ᠣᠨ᠎ᠳᠤ᠂ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠨᠢ ᠣᠷᠣᠭ ᠬᠤᠷᠢᠮ ᠬᠡᠷ ᠪᠦᠯᠢ᠂ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ ᠵᠡᠷᠭᠡ 15 ᠵᠦᠢᠯ᠎ᠦᠨ ᠭᠤᠤᠯᠳᠠᠯᠭ᠎ᠠ᠎ᠲᠠᠶ ᠵᠥᠷᠢᠴᠡᠯ᠎ᠳᠦ ᠠᠩᠬᠠᠷᠤᠯ ᠢᠶᠠᠨ ᠲᠥᠪᠯᠡᠷᠡᠭᠦᠯᠵᠦ᠍᠂ ᠨᠡᠢᠲᠡ 5266 ᠬᠡᠷᠡᠭ᠎ᠢ ᠵᠢᠭ᠍ᠰᠠᠭᠠᠨ ᠪᠠᠢᠴᠠᠭᠠᠵᠤ᠂ 5237 ᠬᠡᠷᠡᠭ ᠢ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ᠎ᠨᠢ 99.4% ᠳ᠋ᠤ ᠬᠦᠷᠴᠦ᠍᠂ ᠶᠡᠬᠡ ᠬᠡᠮᠵᠢᠶᠡᠨ᠎ᠦ ᠵᠠᠭᠤᠷᠠᠯᠳᠤᠭᠠᠨ ᠢ ᠤᠷᠢᠳᠴᠢᠯᠠᠨ ᠱᠢᠶ᠋ᠳᠪᠦᠷᠢᠯᠡᠵᠦ᠍᠂ ᠡᠬᠢ ᠡᠭᠦᠰᠦᠯ᠎ᠡᠴᠡ᠎ᠨᠢ ᠠᠷᠢᠯᠭᠠᠪᠠ᠃
《〈ᠲᠠᠲᠠᠨ ᠠᠪᠴᠢᠷᠠᠬᠤ᠂ ᠬᠥᠲᠥᠯᠥᠨ ᠵᠢᠯᠣᠭᠣᠳᠭᠤ᠂ ᠲᠠᠨᠢᠯᠲᠠ᠎ᠪᠠᠨ ᠳᠡᠭᠡᠭ᠌ᠰᠢᠯᠡᠭᠦᠯᠬᠦ᠌᠂ ᠵᠦᠪᠰᠢᠶᠡᠷᠡᠯ᠎ᠢ ᠤᠯᠬᠤ〉ᠠᠵᠢᠯ᠎ᠤᠨ ᠠᠷᠭ᠎ᠠ᠎ᠨᠢ ᠡᠯ᠎ᠡ ᠵᠦᠢᠯ᠎ᠦᠨ ᠬᠦᠰᠡᠯ ᠱᠠᠭᠠᠷᠳᠠᠯᠭ᠎ᠠ᠎ᠶ᠋ᠢ ᠶᠡᠷᠦᠩᠬᠡᠢᠯᠡᠨ ᠵᠠᠰᠠᠬᠤ ᠲᠥᠪ᠎ᠲᠦ ᠪᠥᠬᠥ᠌ ᠬᠡᠮᠵᠢᠶ᠎ᠡ᠎ᠪᠡᠷ ᠣᠷᠣᠭᠤᠯᠵᠤ᠂ ᠪᠠᠷᠢᠮᠵᠢᠶᠠᠵᠢᠭᠤᠯᠤᠭ᠍ᠰᠠᠨ ᠠᠵᠢᠯ᠎ᠤᠨ ᠶᠠᠪᠤᠴᠠ ᠵᠢ ᠪᠠᠢᠭᠤᠯᠵᠦ᠂ ᠬᠥᠲᠥᠯᠦᠨ ᠵᠢᠯᠣᠭᠣᠳᠴᠤ᠌ ᠱᠢᠶ᠋ᠳᠪᠦᠷᠢᠯᠡᠬᠦ᠌᠎ᠶ᠋ᠢ ᠪᠣᠳᠠᠲᠠᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠯᠡᠬᠦ᠂ ᠦᠷ᠎ᠡ ᠪᠦᠲᠦᠮᠵᠢ᠎ᠶ᠋ᠢ ᠮᠦᠷᠳᠡᠨ ᠠᠰᠠᠭᠤᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠠᠷᠢᠭᠤ ᠰᠤᠷᠪᠤᠯᠵᠢᠯᠠᠬᠤ᠎ᠪᠠᠷ ᠳᠠᠮᠵᠢᠭᠤᠯᠤᠨ᠂ ᠣᠯᠠᠨ ᠲᠦᠮᠡᠨ᠎ᠦ ᠶᠡᠷᠦᠩᠬᠡᠢᠯᠡᠨ ᠵᠠᠰᠠᠬᠤ ᠲᠥᠪ᠎ᠤᠨ ᠲᠤᠬᠠᠢ ᠲᠠᠨᠢᠯᠳᠠ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 〈ᠶᠡᠷᠦᠩᠬᠡᠢᠯᠡᠨ ᠵᠠᠰᠠᠬᠤ ᠲᠥᠪ ᠠᠰᠠᠭᠤᠳᠠᠯ ᠢ ᠱᠢᠶ᠋ᠳᠪᠦᠷᠢᠯᠡᠵᠦ᠍ ᠴᠢᠳᠠᠬᠤ〉 ᠶ᠋ᠢ ᠣᠯᠠᠨ ᠲᠦᠮᠡᠨ᠎ᠳᠤ ᠤᠢᠯᠠᠭᠠᠭᠤᠯᠪᠠ》 ᠭᠡᠵᠦ ᠯᠢᠨ ᠱᠢᠤ ᠼᠢ ᠶᠠᠷᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠬᠢᠩᠭᠠᠨ ᠠᠢᠮᠠᠭ ᠦᠷᠭᠦᠯᠵᠢᠯᠡᠨ ᠳᠡᠭᠡᠳᠦ ᠱᠠᠲᠤᠨ᠎ᠤ ᠠᠵᠢᠯ᠎ᠤᠨ ᠱᠠᠭᠠᠷᠳᠠᠯᠭ᠎ᠠ᠎ᠪᠠᠷ ᠪᠠᠷᠢᠮᠵᠢᠶᠠᠯᠠᠵᠤ᠂ 《ᠲᠠᠲᠠᠨ ᠠᠪᠴᠢᠷᠠᠬᠤ᠂ ᠬᠥᠲᠥᠯᠥᠨ ᠵᠢᠯᠣᠭᠣᠳᠭᠤ᠂ ᠲᠠᠨᠢᠯᠲᠠ᠎ᠪᠠᠨ ᠳᠡᠭᠡᠭ᠌ᠰᠢᠯᠡᠭᠦᠯᠬᠦ᠌᠂ ᠵᠦᠪᠰᠢᠶᠡᠷᠡᠯ ᠢ ᠤᠯᠬᠤ》 ᠠᠵᠢᠯ᠎ᠤᠨ ᠠᠷᠭ᠎ᠠ ᠶ᠋ᠢ ᠭᠦᠨᠵᠡᠭᠡᠶ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠵᠢᠯ᠎ᠤᠨ ᠬᠠᠤᠯᠢ᠎ᠪᠠᠷ ᠵᠠᠰᠠᠬᠤ ᠲᠦᠪᠱᠢᠨ ᠪᠠ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠠᠵᠢᠯ ᠢ ᠵᠢᠷᠤᠮᠵᠢᠭᠤᠯᠬᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠮᠤᠷ ᠠᠮᠤᠭᠤᠯᠠᠩ ᠬᠢᠩᠭᠠᠨ᠎ᠤ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠵᠦ ᠲᠡᠷᠡ ᠢᠯᠡᠳᠭᠡᠪᠡ᠃