— ᠡᠯ᠎ᠡ ᠭᠠᠵᠠᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍ ᠪᠤᠢ
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠭᠤᠸᠠᠩᠳᠦ᠋ᠩ᠂ ᠬᠤᠪᠸᠢ᠂ ᠱᠢᠨᠵᠢᠶᠠᠩ ᠵᠢᠴᠢ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠬᠢᠨ ᠨᠠᠷᠢᠨ ᠨᠢᠮᠪᠠᠶ ᠵᠣᠬᠢᠶᠠᠨ ᠪᠠᠢᠭᠤᠯᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠨ᠂ ᠰᠤᠷᠤᠯᠴᠠᠯᠭ᠎ᠠ᠎ᠪᠠᠷ ᠠᠵᠢᠯ᠎ᠢᠶᠡᠨ ᠠᠬᠢᠭᠤᠯᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠷᠠᠳ ᠲᠦᠮᠡᠨ᠎ᠦ ᠬᠦᠴᠢᠷᠳᠠᠯ ᠵᠣᠪᠠᠨᠢᠯ᠎ᠢ ᠠᠷᠢᠯᠭᠠᠬᠤ᠂ ᠠᠵᠢᠯ ᠬᠢᠵᠦ᠍ ᠦᠶ᠋ᠯᠡᠰ ᠪᠤᠰᠭᠠᠬᠤ ᠪᠠ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠤᠢ᠃
ᠬᠢᠲᠤᠭᠠᠨ ᠢᠷ᠎ᠢ ᠳᠣᠲᠣᠭ᠍ᠰᠢ ᠬᠠᠨᠳᠤᠭᠤᠯᠬᠤ᠎ᠶ᠋ᠢ ᠪᠠᠷᠢᠮᠲᠠᠯᠠᠵᠤ ᠭᠦᠨᠵᠡᠭᠡᠢ ᠪᠠᠢᠴᠠᠭᠠᠵᠤ ᠨᠠᠷᠢᠨ ᠬᠠᠷᠭᠤᠭᠤᠯᠵᠤ ᠬᠡᠯᠪᠡᠢᠭᠦᠦ ᠦᠵᠡᠭᠳᠡᠯ᠎ᠢ ᠵᠠᠯᠠᠷᠠᠭᠤᠯᠪᠠ
ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ᠎ᠤᠨ ᠬᠢᠨ ᠱᠢᠶᠠᠨ ᠭᠠᠵᠠᠷ᠎ᠤᠨ ᠲᠡᠰ᠎ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠬᠡᠯᠪᠡᠢᠭᠦᠦ ᠠᠰᠠᠭᠤᠳᠠᠯ᠎ᠢ ᠭᠦᠨᠵᠡᠭᠡᠢ ᠪᠠᠢᠴᠠᠭᠠᠨ ᠲᠡᠯᠭᠡᠵᠦ ᠪᠠᠢᠴᠠᠭᠠᠨ ᠦᠵᠡᠬᠦ ᠶ᠋ᠢ ᠠᠬᠢᠭᠤᠯᠵᠤ᠂ ᠲᠤᠢᠯᠪᠤᠷᠢᠲᠠᠢ ᠰᠢᠢᠳᠪᠦᠷᠢᠯᠡᠬᠦ᠂ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃
ᠬᠤᠪᠸᠢ ᠮᠤᠵᠢ ᠵᠢᠨ ᠬᠢᠨ ᠱᠢᠶᠠᠨ ᠭᠠᠵᠠᠷ᠎ᠤᠨ ᠲᠡᠰ᠎ᠡᠴᠡ ᠳᠡᠭᠡᠭ᠌ᠰᠢᠬᠢ ᠤᠳᠤᠷᠢᠳᠭᠤ ᠪᠠᠭ᠎ᠲᠤ ᠬᠠᠨᠳᠤᠭᠤᠯᠤᠨ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ ᠵᠡᠷᠭᠡ 8 ᠲᠠᠯ᠎ᠠ᠎ᠶ᠋ᠢᠨ ᠲᠤᠪᠤᠢ᠌ᠮ᠎ᠠ ᠠᠰᠠᠭᠤᠳᠠᠯ᠎ᠢ ᠭᠣᠣᠯᠳᠠᠯᠭ᠎ᠠ᠎ᠲᠠᠶ ᠵᠠᠯᠠᠷᠠᠭᠤᠯᠤᠨ ᠵᠠᠰᠠᠵᠤ᠂ ᠲᠣᠭ᠎ᠠ ᠪᠦᠷᠢᠳᠭᠡᠯ᠎ᠢ ᠬᠠᠭᠤᠷᠮᠠᠭ᠍ᠯᠠᠨ ᠵᠣᠬᠢᠶᠠᠬᠤ ᠵᠡᠷᠭᠡ 4 ᠲᠠᠯ᠎ᠠ ᠪᠡᠷ ᠲᠥᠪᠯᠡᠷᠡᠬᠦᠯᠦᠨ ᠴᠡᠭ᠌ᠴᠡᠯᠡᠨ ᠵᠠᠰᠠᠬᠤ᠎ᠶ᠋ᠢ ᠭᠦᠨᠵᠡᠭᠡᠢ ᠥᠷᠨᠢᠭᠦᠯᠵᠦ᠍᠂ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃
ᠭᠤᠸᠠᠩᠳᠦ᠋ᠩ᠎ᠳᠦ᠂ 3 ᠰᠠᠷ᠎ᠠ᠎ᠶ᠋ᠢᠨ 17 ᠤ᠋ ᠡᠳᠦᠷ᠂ ᠵᠦᠩᠱᠠᠨ ᠬᠤᠳᠠ ᠵᠢᠨ ᠬᠢᠨ ᠪᠦᠬᠦ᠌ ᠬᠤᠳᠠ᠎ᠶ᠋ᠢᠨ ᠬᠡᠪᠴᠢᠶᠡᠨ᠎ᠳᠦ ᠲᠤᠰᠭᠠᠢ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠪᠡᠷ ᠭᠠᠷᠳᠠᠴᠠ ᠪᠣᠯᠭᠠᠵᠤ᠂ ᠡᠯ᠎ᠡ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠦᠢᠯᠡᠳᠪᠦᠷᠢ ᠠᠵᠤ ᠠᠬᠤᠢᠯᠠᠯ᠎ᠤᠨ ᠡᠮᠦᠨ᠎ᠡ ᠹᠷᠣᠨᠲ᠎ᠲᠤ ᠭᠦᠨᠵᠡᠭᠡᠢᠷᠡᠨ᠂ ᠰᠠᠨᠠᠯ᠎ᠢ ᠰᠣᠨᠣᠰᠭᠤ ᠳᠤᠮᠳᠠ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠠᠬᠢᠭᠤᠯᠪᠠ᠃
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠢᠭᠤᠯᠬᠤ ᠬᠡᠯᠲᠡᠰ᠎ᠤᠨ ᠨᠢᠭᠡᠨ ᠭᠠᠵᠠᠷ᠎ᠤᠨ ᠳᠠᠷᠤᠭ᠎ᠠ ᠾᠧ ᠬᠤᠸᠠᠢ ᠢ᠂ ᠱᠢᠨᠵᠢᠶᠠᠩ᠎ᠤᠨ ᠬᠢᠨ《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠲᠠᠯ᠎ᠠ᠎ᠪᠠᠷ ᠬᠢ ᠵᠥᠷᠢᠶ᠎ᠡ᠎ᠶ᠋ᠢᠨ ᠭᠣᠣᠯ ᠠᠰᠠᠭᠤᠳᠠᠯ᠎ᠤᠨ ᠨᠠᠷᠢᠨ ᠳᠠᠨᠭᠰᠠ》 ᠶ᠋ᠢ ᠡᠮᠬᠢᠳᠭᠡᠨ ᠭᠠᠷᠭᠠᠵᠤ᠂ ᠱᠢᠶᠠᠨ ᠭᠠᠵᠠᠷ᠎ᠤᠨ ᠳᠡᠰ᠎ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠂ ᠱᠢᠶᠠᠩ ᠪᠠᠯᠭᠠᠰᠤ (ᠵᠡᠭᠡᠯᠢ ᠭᠤᠳᠤᠮᠵᠢ) ᠵᠢᠴᠢ ᠱᠢᠶᠠᠨ (ᠬᠣᠲᠠ᠂ ᠲᠣᠭᠣᠷᠢᠭ) ᠤ᠋ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠲᠠᠯ᠎ᠠ᠎ᠪᠠᠷ ᠬᠢ ᠵᠥᠷᠢᠶ᠎ᠡ ᠵᠢ ᠪᠠᠢᠴᠠᠭᠠᠨ ᠦᠵᠡᠬᠦ᠌ ᠠᠵᠢᠯ᠎ᠢ ᠠᠬᠢᠭᠤᠯᠵᠤ ᠪᠠᠢᠨ᠎ᠠ ᠭᠡᠵᠦ ᠲᠠᠨᠢᠯᠴᠠᠭᠤᠯᠪᠠ᠃
ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠭᠤᠨ᠎ᠳᠤ ᠲᠦᠱᠢᠭ᠌ᠯᠡᠵᠦ᠍ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠡᠬᠦᠳᠬᠦ》 ᠡᠨᠡ ᠬᠦ᠌ ᠦᠨᠳᠦᠰᠦᠨ ᠠᠰᠠᠭᠤᠳᠠᠯ᠎ᠤᠨ ᠲᠣᠭᠣᠷᠢᠨ᠎ᠳᠤ᠂ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠪᠠᠢᠴᠠᠭᠠᠨ᠂ ᠪᠣᠯᠪᠠᠰᠤᠷᠠᠯ᠎ᠢᠶᠠᠨ ᠴᠢᠩᠭᠠᠳᠭᠠᠵᠤ᠂ ᠱᠠᠯᠠᠪᠳᠠᠨ ᠪᠠᠢᠴᠠᠭᠠᠬᠤ᠂ ᠪᠠᠢᠴᠠᠭᠠᠨ ᠰᠤᠳᠤᠯᠬᠤ ᠵᠡᠷᠭᠡ ᠠᠷᠭ᠎ᠠ ᠵᠠᠮ᠎ᠢᠶᠠᠷ ᠳᠠᠮᠵᠢᠨ ᠲᠥᠷᠥ᠎ᠶ᠋ᠢᠨ ᠪᠣᠳᠣᠯᠭ᠎ᠠ᠎ᠶ᠋ᠢᠨ ᠲᠥᠯᠥᠪᠵᠢᠭᠦᠯᠭᠡ᠎ᠶ᠋ᠢᠨ ᠲᠣᠪᠣᠢᠮ᠎ᠠ ᠠᠰᠠᠭᠤᠳᠠᠯ ᠣᠷᠣᠱᠢᠵᠤ ᠪᠠᠢᠬᠤ ᠡᠰᠡᠬᠦ᠌᠎ᠶ᠋ᠢ ᠭᠦᠨᠵᠡᠭᠡᠶ ᠪᠠᠢᠴᠠᠭᠠᠨ ᠡᠷᠢᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠲᠣᠭ᠍ᠲᠠᠭᠠᠵᠤ ᠨᠠᠷᠢᠯᠢᠬ᠍ᠵᠢᠭᠤᠯᠤᠨ᠂ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃
ᠪᠣᠳᠠᠲᠠᠢ ᠠᠵᠢᠯᠯᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠪᠠ
ᠬᠤᠪᠧᠶ᠎ᠶ᠋ᠢᠨ ᠰᠦᠩ ᠽᠢ ᠬᠣᠲᠠ᠎ᠶ᠋ᠢᠨ ᠱᠦᠶ ᠵᠧᠨ ᠪᠠᠯᠭᠠᠰᠤᠨ᠎ᠤ ᠬᠤᠸᠠ ᠶᠤᠸᠠᠨ ᠵᠧᠸ᠋ ᠲᠣᠰᠭᠣᠨ᠎ᠳᠤ᠂ ᠤᠰᠤᠨ᠎ᠤ ᠬᠣᠭᠣᠯᠠᠶ ᠵᠢᠨ ᠲᠤᠤᠷ᠎ᠢ ᠤᠳᠠᠭᠠᠨ ᠵᠢᠯ ᠵᠠᠰᠠᠭ᠍ᠰᠠᠨ ᠦᠭᠡᠢ᠎ᠡᠴᠡ ᠪᠣᠯᠵᠤ ᠤᠰᠤᠨ᠎ᠤ ᠬᠠᠩᠭᠠᠯᠭ᠎ᠠ ᠤᠷᠲᠤ ᠬᠤᠭᠤᠴᠠᠭ᠎ᠠ᠎ᠪᠠᠷ ᠲᠣᠭ᠍ᠲᠠᠭᠤᠨ ᠪᠤᠰᠤ ᠪᠠᠢᠪᠠ᠃ ᠡᠨᠡ ᠰᠠᠷ᠎ᠠ᠂ ᠰᠦᠩ ᠽᠢ ᠬᠣᠲᠠ᠎ᠶ᠋ᠢᠨ ᠲᠣᠰᠭᠣᠨ᠎ᠳᠤ ᠱᠢᠨ᠎ᠡ᠎ᠪᠡᠷ ᠪᠠᠢᠭᠤᠯᠵᠤ ᠥᠭᠭᠦᠭᠰᠡᠨ ᠤᠰᠤ ᠲᠣᠬᠢᠷᠠᠭᠤᠯᠬᠤ ᠪᠠᠲᠤᠯᠠᠭ᠎ᠠ᠎ᠶ᠋ᠢᠨ ᠬᠣᠭᠣᠯᠠᠶ ᠵᠢᠩᠬᠢᠨᠢ᠎ᠪᠡᠷ ᠠᠱᠢᠭ᠍ᠯᠠᠯᠲᠠ᠎ᠳᠤ ᠣᠷᠣᠵᠠᠢ᠃
ᠲᠤᠰ ᠬᠣᠲᠠ ᠨᠢ ᠵᠠᠬᠢᠳᠠᠯ ᠰᠤᠷᠪᠤᠯᠵᠢᠯᠠᠯ᠎ᠤᠨ ᠬᠦᠯᠢᠶᠡᠨ ᠠᠪᠬᠤ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ ᠤᠳᠤᠷᠢᠳᠭᠤ ᠺᠠᠳ᠋ᠷ ᠠᠯᠪᠠᠨ ᠭᠡᠷ᠎ᠡᠴᠡ ᠪᠠᠨ ᠭᠠᠷᠴᠤ᠌ ᠣᠯᠠᠨ ᠲᠦᠮᠡᠨ᠎ᠲᠡᠶ ᠬᠠᠷᠢᠯᠴᠠᠵᠤ ᠦᠶ᠋ᠯᠡᠴᠢᠯᠡᠬᠦ᠌ ᠳᠤᠮᠳᠠ ᠠᠰᠠᠭᠤᠳᠠᠯ᠎ᠢ ᠡᠷᠢᠵᠤ ᠰᠢᠢᠳᠪᠦᠷᠢᠯᠡᠬᠦ᠎ᠶ᠋ᠢ ᠠᠬᠢᠭᠤᠯᠪᠠ᠃ ᠣᠳᠣᠬᠠᠨ᠎ᠳᠤ ᠬᠣᠲᠠ᠎ᠶ᠋ᠢᠨ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠤᠷᠢᠶ᠎ᠠ᠎ᠵᠢᠨ ᠤᠳᠤᠷᠢᠳᠭᠤ ᠪᠠᠭ ᠠᠩᠬ᠎ᠠ ᠠᠯᠬᠤᠮ 20 ᠭᠣᠣᠯᠳᠠᠯᠭ᠎ᠠ᠎ᠲᠠᠶ ᠠᠰᠠᠭᠤᠳᠠᠯ᠎ᠢ ᠪᠠᠢᠴᠠᠭᠠᠨ ᠭᠠᠷᠭᠠᠵᠤ᠂ ᠬᠣᠲᠠ᠎ᠶ᠋ᠢᠨ ᠤᠳᠤᠷᠢᠳᠤᠯᠭ᠎ᠠ ᠲᠦᠷᠦᠭᠦᠯᠡᠨ 71 ᠬᠡᠷᠡᠭ᠎ᠢ ᠳᠠᠭᠠᠭᠠᠨ ᠠᠪᠴᠤ᠌᠂ 13 ᠤᠳᠠᠭᠠᠨ᠎ᠤ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠴᠤ᠌᠂ 20 ᠤᠳᠠᠭᠠᠨ᠎ᠤ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌᠎ᠶ᠋ᠢ ᠠᠬᠢᠭᠤᠯᠪᠠ᠃
ᠰᠢᠨᠵᠢᠶᠠᠩ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ) ᠬᠠᠮᠲᠤ᠎ᠪᠠᠷ ᠰᠤᠳᠤᠯᠵᠤ᠂ ᠭᠣᠣᠯ ᠬᠠᠷᠢᠭᠤᠴᠠᠯᠭᠠᠲᠠᠨ ᠨᠥᠬᠥᠳ ᠠᠰᠠᠭᠤᠳᠠᠯ᠎ᠤᠨ ᠨᠠᠷᠢᠨ ᠲᠠᠨᠭᠰᠠ᠎ᠶᠢ ᠴᠢᠩᠭ᠎ᠠ ᠬᠢᠨᠠᠨ ᠦᠵᠡᠵᠦ᠂ᠠᠯᠪᠠ ᠬᠠᠰᠢᠬᠤ᠎ᠶᠢ ᠴᠢᠩᠭ᠎ᠠ ᠰᠡᠷᠭᠡᠢᠯᠡᠵᠦ᠂ ᠠᠰᠠᠭᠤᠳᠠᠯ᠎ᠢ ᠦᠨᠡᠨ ᠪᠤᠳᠠᠳᠠᠢ ᠪᠠᠢᠴᠠᠭᠠᠬᠤ᠂ ᠪᠤᠲᠠᠲᠠᠢ ᠠᠰᠠᠭᠤᠳᠠᠯ᠎ᠢ ᠪᠠᠢᠴᠠᠭᠠᠬᠤ᠎ᠶᠢ ᠠᠬᠢᠭᠤᠯᠪᠠ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠡᠢᠳᠡᠮ᠎ᠳᠡᠭᠡᠨ ᠬᠠᠨᠳᠤᠯᠭᠠᠲᠤ ᠴᠢᠨᠠᠷᠲᠠᠢ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠲᠣᠭᠲᠠᠭᠠᠵᠤ᠂ ᠮᠡᠳᠡᠮᠡᠭᠴᠡ ᠥᠭᠡᠷᠡᠴᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠎ᠶᠢᠨ ᠬᠠᠮᠲᠤ ᠰᠤᠳᠤᠯᠭᠠᠨ᠎ᠤ ᠰᠡᠳᠦᠪ᠎ᠢ ᠠᠪᠴᠤ ᠡᠮᠦᠨ᠎ᠡ ᠹᠷᠣᠨᠲ᠎ᠲᠤ ᠭᠦᠨᠵᠡᠭᠡᠢᠷᠡᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ 2.19 ᠲᠦᠮᠡ ᠵᠢ ᠰᠢᠢᠳᠪᠦᠷᠢᠯᠡᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠎ᠢ ᠴᠢᠷᠮᠠᠢᠨ ᠳᠡᠭᠡᠭᠰᠢᠯᠡᠭᠦᠯᠪᠡ᠃
ᠭᠤᠸᠠᠨᠭᠳᠦᠢ᠍ᠩ᠎ᠦᠨ ᠵᠦᠬᠠᠢ ᠬᠤᠳᠠ ᠵᠠᠰᠠᠭ᠎ᠤᠨ ᠶᠠᠪᠤᠳᠠᠯ᠎ᠢ ᠠᠷᠠᠳ᠎ᠡᠴᠡ ᠠᠰᠠᠭᠤᠬᠤ᠎ᠶᠢ ᠪᠠᠷᠢᠮᠲᠠᠯᠠᠵᠤ᠂ ᠬᠤᠳᠠ᠎ᠶᠢᠨ ᠨᠠᠮ᠎ᠤᠨ ᠬᠣᠷᠢᠶ᠎ᠠ᠎ᠶᠢᠨ ᠭᠣᠣᠯ ᠤᠳᠤᠷᠢᠳᠤᠯᠭ᠎ᠠ ᠲᠦᠷᠦᠭᠦᠯᠡᠨ 《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠴᠡᠭ ᠵᠢᠡᠷ ᠳᠠᠮᠵᠢᠨ ᠬᠠᠷᠢᠯᠴᠠᠬᠤ᠂ ᠡᠷᠬᠢᠨ ᠦᠵᠡᠵᠦ ᠲᠣᠬᠣᠨᠢᠭᠤᠯᠬᠤ᠂ ᠤᠯᠠᠨ ᠲᠦᠮᠡᠨ᠎ᠢ ᠬᠦᠯᠢᠶᠡᠨ ᠠᠪᠴᠦ ᠰᠤᠷᠪᠤᠯᠵᠢᠯᠠᠬᠤ ᠵᠡᠷᠭᠡ ᠠᠷᠭ᠎ᠠ᠎ᠪᠡᠷ ᠳᠠᠮᠵᠢᠵᠤ᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠬᠤᠷᠢᠶᠠᠵᠤ᠂ ᠤᠯᠠᠨ ᠲᠦᠮᠡᠨ᠎ᠦ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠮᠡᠳᠡᠷᠡᠵᠦ ᠬᠦᠷᠲᠡᠵᠤ ᠪᠤᠯᠬᠤ᠂ ᠤᠯᠠᠨ ᠲᠦᠮᠡᠨ᠎ᠳᠦ ᠮᠡᠳᠡᠷᠡᠭᠳᠡᠬᠦ᠎ᠶᠢ ᠪᠠᠲᠤᠯᠠᠪᠠ᠃
ᠰᠣᠷᠣᠭᠰᠠᠨ᠎ᠢᠶᠠᠨ ᠬᠡᠷᠡᠭᠯᠡᠬᠦ᠎ᠶᠢ ᠪᠠᠷᠢᠮᠲᠠᠯᠠᠵᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠳᠤᠮᠳᠠ᠂ 200 ᠲᠦᠮᠡ ᠰᠢᠬᠠᠮ ᠡᠵᠡᠩᠨᠡᠯᠲᠡ᠎ᠶᠢᠨ ᠭᠣᠣᠯ ᠴᠣᠭᠴᠠ᠎ᠲᠠᠢ ᠭᠤᠸᠠᠨᠭᠳᠦᠢ᠍ᠩ᠎ᠦᠨ ᠳ᠋ᠦᠩ ᠭᠤᠸᠠᠨ ᠬᠤᠳᠠ ᠨᠡᠭᠡᠭᠡᠯᠲᠡᠲᠦ ᠬᠥᠮᠦᠵᠢᠯ᠎ᠢ ᠪᠠᠷᠢᠮᠲᠠᠯᠠᠵᠤ᠂ ᠠᠵᠤ ᠠᠬᠤᠢᠯᠠᠯ᠂ ᠤᠯᠠᠨ ᠲᠦᠮᠡᠨ᠎ᠦ ᠰᠠᠨᠠᠯ᠎ᠢ ᠰᠣᠨᠣᠰᠴᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠪᠡᠷ ᠲᠡᠷᠢᠭᠦᠨ ᠵᠡᠷᠬᠡ ᠵᠢᠨ ᠡᠵᠡᠩᠨᠡᠯᠲᠡ᠎ᠶᠢᠨ ᠣᠷᠴᠢᠨ ᠨᠦᠭᠦᠴᠡᠯ᠎ᠢ ᠪᠤᠢ ᠪᠣᠯᠭᠠᠵᠤ᠂ 28 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠦᠨᠡᠨ ᠪᠣᠳᠠᠲᠠᠢ ᠠᠵᠢᠯᠯᠠᠭ᠎ᠠ᠎ᠪᠠᠷ᠎ᠢᠶᠠᠨ《ᠡᠵᠡᠩᠨᠡᠯᠲᠡ᠎ᠶᠢᠨ ᠣᠷᠴᠢᠨ ᠨᠦᠭᠦᠴᠡᠯ ᠪᠣᠯ ᠦᠢᠯᠡᠳᠪᠦᠷᠢᠯᠡᠯ᠎ᠦᠨ ᠬᠦᠴᠦᠨ ᠮᠥᠨ》 ᠭᠡᠳᠡᠭ᠎ᠢ ᠲᠠᠢᠯᠪᠤᠷᠢᠯᠠᠪᠠ᠃
ᠳ᠋ᠦᠩ ᠭᠤᠸᠠᠨ ᠬᠤᠳᠠ᠎ᠶ᠋ᠢᠨ ᠡᠯ᠎ᠡ ᠱᠠᠲᠤᠨ᠎ᠤ ᠤᠳᠤᠷᠢᠳᠭᠤ ᠺᠠᠳ᠋ᠷ 4000 ᠭᠠᠷᠤᠢ ᠬᠥᠮᠦᠨ᠎ᠲᠡᠶ ᠦᠢᠯᠡᠴᠢᠯᠡᠭᠡᠨ᠎ᠦ ᠲᠤᠰᠭᠠᠢ ᠠᠵᠢᠯᠳᠠᠨ᠎ᠤ ᠡᠩᠨᠡᠭᠡ᠎ᠶ᠋ᠢ ᠪᠠᠢᠭᠤᠯᠵᠤ᠂ 《ᠲᠦᠷᠪᠡ᠎ᠶ᠋ᠢ ᠳᠠᠪᠠᠭ᠍ᠰᠠᠨ》 2 ᠲᠦᠮᠡ ᠱᠢᠬᠠᠮ ᠠᠵᠤ ᠠᠬᠤᠢᠯᠠᠯ ᠯᠤᠭ᠎ᠠ ᠣᠨᠣᠪᠴᠢᠲᠠᠢ ᠵᠣᠯᠭᠠᠭᠤᠯᠵᠤ᠂ ᠰᠠᠨᠠᠯ ᠰᠠᠨᠠᠭᠤᠯᠭ᠎ᠠ᠎ᠶ᠋ᠢ ᠢᠳᠡᠪᠬᠢᠲᠡᠢ ᠰᠣᠨᠣᠰᠪᠠ᠃ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠳ᠋ᠤ ᠲᠤᠰᠬᠠᠯ ᠭᠠᠷᠬᠤ ᠨᠢ ᠤᠳᠠᠭᠠᠨ᠂ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ ᠨᠢ ᠶᠠᠷᠱᠢᠭ ᠲᠦᠪᠡᠭ᠌ᠲᠡᠶ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠳ᠋ᠦᠩ ᠭᠤᠸᠠᠨ ᠬᠤᠳᠠ 《ᠠᠵᠤ ᠠᠬᠤᠢᠯᠠᠯ᠎ᠤᠨ ᠶᠠᠪᠤᠳᠠᠯ᠎ᠢ ᠲᠦᠷᠭᠡᠨ ᠭᠦᠶ᠋ᠴᠡᠳᠭᠡᠬᠦ᠌》 ᠪᠢᠲᠡᠭᠦᠦ ᠭᠣᠭ᠍ᠴᠣᠭ᠎ᠠ᠎ᠳᠤ ᠦᠢᠯᠡᠴᠢᠯᠡᠬᠡ᠎ᠶ᠋ᠢ ᠬᠦᠴᠦᠯᠡᠨ ᠪᠠᠢᠭᠤᠯᠵᠤ᠂ ᠠᠵᠤ ᠠᠬᠤᠢᠯᠠᠯ᠎ᠤᠨ ᠡᠩ᠎ᠦᠨ ᠬᠦᠰᠡᠯ ᠱᠠᠭᠠᠷᠳᠠᠯᠭ᠎ᠠ᠎ᠶ᠋ᠢ ᠨᠢᠭᠡ ᠡᠳᠦᠷ᠎ᠦᠨ ᠳᠣᠲᠣᠷ᠎ᠠ ᠱᠢᠯᠵᠢᠭᠦᠯᠦᠨ ᠲᠤᠱᠢᠶᠠᠵᠤ᠂ ᠬᠤᠭᠤᠴᠠᠭ᠎ᠠ ᠲᠣᠭ᠍ᠲᠠᠭᠠᠨ ᠱᠢᠶ᠋ᠳᠪᠦᠷᠢᠯᠡᠵᠦ᠍ ᠳᠠᠭᠤᠰᠭᠠᠬᠤ᠎ᠶ᠋ᠢ ᠲᠣᠳᠣᠷᠬᠠᠢᠯᠠᠪᠠ; ᠠᠵᠤ ᠠᠬᠤᠢᠯᠠᠯ᠎ᠤᠨ ᠳᠤᠷᠠᠳᠤᠭᠰᠠᠨ ᠬᠦᠰᠡᠯ ᠱᠠᠭᠠᠷᠳᠠᠯᠭ᠎ᠠ᠎ᠶ᠋ᠢ ᠬᠠᠶᠠᠨ᠎ᠳᠤᠨᠢ ᠬᠠᠶᠠᠭᠰᠠᠨ ᠵᠡᠷᠭᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠬᠦ᠎ᠶᠢᠨ ᠲᠦᠯᠦᠭᠡ᠂ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠤᠱᠢᠶᠠᠯᠲᠠᠨ᠎ᠤ 《ᠠᠩᠬ᠎ᠠ ᠭᠥᠯᠢᠶᠡᠵᠦ ᠠᠪᠤᠭᠰᠠᠨ ᠬᠦᠮᠦᠨ ᠡᠴᠦᠰ ᠲᠤᠨᠢ ᠲᠤᠯᠳᠠᠯ᠎ᠠ ᠬᠠᠷᠢᠭᠤᠴᠠᠬᠤ ᠲᠦᠷᠢᠮ》 ᠢ᠋ ᠪᠦᠷᠢᠨᠱᠢᠭᠦᠯᠵᠦ᠍᠂ 《ᠭᠥᠯᠢᠶᠡᠨ ᠠᠪᠴᠤ᠌ ᠱᠢᠶ᠋ᠳᠪᠦᠷᠢᠯᠡᠬᠦ᠌᠂ ᠡᠴᠦᠰ᠎ᠲᠦᠨᠢ ᠲᠤᠯᠲᠠᠯ᠎ᠠ ᠳᠠᠭᠠᠬᠤ》 ᠪᠥᠬᠥ᠌ ᠶᠠᠪᠤᠴᠠ᠎ᠶᠢᠨ ᠮᠥᠷᠳᠡᠬᠦ ᠦᠶ᠋ᠯᠡᠴᠢᠯᠡᠬᠡ᠎ᠶ᠋ᠢ ᠪᠡᠶᠡᠯᠡᠭᠦᠯᠪᠡ᠃
ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠦᠵᠡᠯᠲᠡ ᠬᠡᠯᠪᠡᠢᠬᠦᠦ ᠪᠠᠢᠬᠤ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ ᠬᠤᠪᠧᠶ᠎ᠶ᠋ᠢᠨ ᠵᠢᠩ ᠮᠸᠨ ᠬᠣᠲᠠ《ᠡᠮᠦᠨ᠎ᠡ ᠹᠷᠣᠨᠲ᠎ᠲᠤ ᠣᠴᠢᠬᠤ》 ᠬᠥᠭ᠌ᠵᠢᠯᠲᠡ᠎ᠶ᠋ᠢ ᠠᠬᠢᠭᠤᠯᠬᠤ ᠲᠤᠰᠭᠠᠶ ᠠᠵᠢᠯᠯᠠᠭ᠎ᠠ᠎ᠶ᠋ᠢ ᠡᠬᠢᠯᠡᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠡᠬᠢ ᠲᠦᠪᠡᠭᠳᠡᠵᠦ ᠪᠠᠢᠭ᠎ᠠ᠂ ᠬᠦᠴᠢᠷᠳᠡᠵᠦ ᠪᠠᠢᠭ᠎ᠠ᠂ ᠲᠦᠭ᠌ᠵᠢᠷᠡᠵᠦ ᠪᠠᠢᠭ᠎ᠠ ᠠᠰᠠᠭᠤᠳᠠᠯ᠎ᠢ ᠣᠨᠣᠪᠴᠢᠲᠠᠶ ᠡᠵᠡᠮᠱᠢᠵᠦ᠍᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠬᠦ᠌᠂ ᠥᠨᠳᠥᠷ ᠪᠦᠲᠦᠮᠵᠢᠲᠡᠶ ᠦᠶ᠋ᠯᠡᠴᠢᠯᠡᠬᠦ᠌᠎ᠳᠦ ᠪᠠᠲᠤ ᠪᠠᠬᠢ ᠰᠠᠭᠤᠷᠢ ᠵᠢ ᠲᠠᠯᠪᠢᠵᠤ ᠥᠭ᠌ᠪᠡ᠃
ᠵᠢᠩ ᠮᠸᠨ ᠬᠣᠲᠠ᠎ᠶᠢᠨ ᠱᠢᠶᠠᠨ ᠭᠠᠵᠠᠷ᠎ᠤᠨ ᠲᠡᠰ ᠡᠴᠡ ᠳᠡᠭᠡᠭ᠌ᠰᠢᠬᠢ ᠤᠳᠤᠷᠢᠳᠭᠤ ᠪᠠᠭ᠎ᠤᠨ ᠪᠦᠷᠢᠯᠳᠦᠬᠦᠨ ᠣᠳᠣᠬᠠᠨ᠎ᠳᠤ ᠨᠢᠭᠡᠨᠲᠡ ᠠᠵᠤ ᠠᠬᠤᠢᠯᠠᠯ᠎ᠤᠨ ᠡᠯ᠎ᠡ ᠵᠦᠢᠯ᠎ᠦᠨ ᠬᠦᠰᠡᠯ ᠱᠠᠭᠠᠷᠳᠠᠯᠭ᠎ᠠ᠎ᠶ᠋ᠢ 294 ᠱᠢᠢᠳᠪᠦᠷᠢᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠡᠨᠧᠷᠭᠢ ᠱᠢᠨ᠎ᠡ ᠮᠠᠲ᠋ᠧᠷᠢᠶᠠᠯ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠵᠡᠷᠭᠡ ᠳᠠᠪᠠᠭᠤᠯᠢᠭ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠠᠬᠢᠭᠤᠯᠵᠤ᠂ 《ᠡᠮᠦᠨ᠎ᠡ ᠹᠷᠣᠨᠲ᠎ᠲᠤ ᠣᠴᠢᠬᠤ》 ᠳᠤᠮᠳᠠ ᠠᠵᠤ ᠦᠢᠯᠡᠰ᠎ᠦᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠠᠬᠤᠢᠯᠠᠯ᠎ᠢ 《ᠬᠠᠷᠢᠴᠠᠭ᠎ᠠ ᠬᠣᠯᠪᠣᠭ᠎ᠠ ᠠᠪᠴᠤ᠌᠂ ᠪᠦᠯᠦᠭ᠌ᠯᠡᠨ ᠬᠥᠭ᠌ᠵᠢᠬᠦ᠌》 ᠵᠢ ᠠᠬᠢᠭᠤᠯᠵᠤ ᠂ ᠲᠤᠰ ᠭᠠᠵᠠᠷ᠎ᠤᠨ ᠠᠵᠤ ᠠᠬᠤᠢᠯᠠᠯ᠎ᠤᠨ ᠣᠷᠣᠨ ᠪᠦᠰᠡ᠎ᠶ᠋ᠢᠨ ᠠᠵᠤ ᠦᠢᠯᠡᠰ᠎ᠦᠨ ᠠᠮᠢ ᠠᠬᠤᠢ᠎ᠶ᠋ᠢᠨ ᠬᠦᠷᠢᠶᠡᠨ᠎ᠳᠦ ᠠᠭᠤᠰᠤᠯᠴᠠᠬᠤ᠎ᠳᠤ ᠬᠦᠴᠦᠨ ᠨᠡᠮᠡᠷᠢᠯᠡᠵᠦ᠍᠂ 《ᠠᠵᠤ ᠠᠬᠤᠢᠯᠠᠯ᠎ᠢ ᠲᠤᠰᠠᠯᠠᠨ ᠬᠦᠴᠢᠷᠳᠡᠯ᠎ᠢ ᠨᠢ ᠱᠢᠢᠳᠪᠦᠷᠢᠯᠡᠬᠦ᠌》 ᠪᠠ 《ᠠᠵᠤ ᠦᠢᠯᠡᠰ᠎ᠲᠦ ᠬᠦᠴᠦᠨ ᠴᠢᠳᠠᠯ ᠣᠯᠭᠣᠬᠤ》 ᠬᠣᠣᠰ ᠴᠢᠭ᠌ᠯᠡᠯ᠎ᠢᠶᠡᠷ ᠬᠦᠴᠦᠯᠡᠬᠦ᠌᠎ᠶ᠋ᠢ ᠪᠡᠶᠡᠯᠡᠭᠦᠯᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ )