ᠶᠡᠷᠦᠩᠬᠡᠢ ᠱᠦᠵᠢ ᠰᠢ ᠵᠢᠨ ᠫᠢᠩ᠄ 《ᠠᠮᠵᠢᠯᠲᠠ ᠪᠦᠲᠦᠮᠵᠢ ᠭᠠᠷᠭᠠᠬᠣ᠎ᠳᠦ ᠡᠷᠬᠡᠪᠰᠢ ᠬᠡᠨ᠎ᠦ ᠲᠦᠯᠦᠭᠡ ᠠᠮᠵᠢᠯᠲᠠ ᠪᠦᠲᠦᠮᠵᠢ ᠭᠠᠷᠭᠠᠬᠣ᠂ ᠶᠠᠮᠠᠷ ᠶᠠᠩᠵᠤ᠎ᠶᠢᠨ ᠠᠮᠵᠢᠯᠲᠠ ᠪᠦᠲᠦᠮᠵᠢ ᠭᠠᠷᠭᠠᠬᠣ᠂ ᠬᠡᠷᠬᠢᠨ ᠠᠮᠵᠢᠯᠲᠠ ᠪᠦᠲᠦᠮᠵᠢ ᠭᠠᠷᠭᠠᠬᠣ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠂ ᠥᠭᠡᠷ᠎ᠡ᠎ᠪᠡᠷ ᠬᠡᠯᠡᠪᠡᠯ ᠠᠵᠢᠯ᠎ᠤᠨ ᠪᠦᠳᠦᠮᠵᠢ᠎ᠶᠢᠨ ᠲᠤᠬᠠᠢ ᠦᠵᠡᠯᠲᠡ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ》 ᠭᠡᠵᠦ ᠵᠢᠭᠠᠵᠤ ᠭᠠᠷᠭᠠᠪᠠ᠃ ᠵᠠᠰᠠᠭ᠎ᠦᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠵᠥᠪ ᠡᠰᠡᠬᠦ ᠨᠢ ᠨᠠᠮ᠎ᠤᠨ ᠲᠦᠷᠦ ᠪᠠᠷᠢᠬᠤ᠂ ᠤᠯᠤᠰ᠎ᠦᠨ ᠬᠥᠭᠵᠢᠯᠲᠡ ᠪᠠ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠢ ᠰᠢᠭᠤᠳ ᠨᠥᠯᠥᠭᠡᠯᠡᠳᠡᠭ᠃ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠡᠷᠬᠡᠪᠰᠢ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ᠎ᠶᠢᠨ ᠬᠠᠮᠲᠤ ᠰᠠᠢᠲᠤᠷ ᠰᠢᠢᠳᠪᠦᠷᠢᠯᠡᠵᠦ᠂ ᠤᠬᠠᠮᠰᠠᠷ᠎ᠠᠴᠠ᠎ᠪᠠᠨ 《ᠤᠯᠤᠰ᠎ᠤᠨ ᠶᠡᠬᠡ ᠶᠠᠪᠣᠳᠠᠯ》᠎ᠦᠨ ᠥᠨᠳᠥᠷᠴᠡ ᠡᠴᠡ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠬᠤ ᠬᠡᠷᠡᠭᠲᠡᠢ᠃
ᠶᠠᠮᠠᠷ ᠬᠥᠮᠥᠨ᠎ᠳᠦ ᠦᠢᠯᠡᠴᠢᠯᠡᠬᠦ ᠠᠰᠠᠭᠤᠳᠠᠯ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠲᠡᠷᠢᠭᠦᠨ ᠴᠢᠬᠤᠯᠠ ᠠᠰᠠᠭᠤᠳᠠᠯ ᠮᠥᠨ᠃ ᠡᠨᠡ ᠬᠦ᠌ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠪᠣᠯ ᠵᠠᠰᠠᠭ᠎ᠦᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠬᠤ᠎ᠶᠢᠨ ᠦᠨᠳᠦᠰᠦᠨ ᠤᠷᠢᠲᠠᠯ ᠮᠥᠨ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠦᠨᠳᠦᠰᠦ ᠨᠢ ᠨᠠᠮᠴᠢ ᠴᠢᠨᠠᠷ᠎ᠲᠤ ᠪᠤᠢ᠂ ᠠᠳᠠᠯᠢ ᠪᠤᠰᠤ ᠲᠦᠷᠦ᠎ᠶᠢᠨ ᠨᠠᠮ ᠨᠢ ᠠᠳᠠᠯᠢ ᠪᠤᠰᠤ ᠠᠩᠭᠢ᠎ᠶᠢᠨ ᠠᠰᠢᠭ᠋ ᠲᠤᠰᠠ᠎ᠶᠢ ᠲᠥᠯᠥᠭᠡᠯᠡᠵᠦ᠂ ᠶᠡᠷᠦ ᠨᠢ ᠠᠳᠠᠯᠢ ᠪᠤᠰᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠲᠠᠢ ᠪᠠᠢᠳᠠᠭ᠃ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠬᠠᠮᠤᠭ᠎ᠤᠨ ᠢᠯᠡ ᠲᠣᠳᠣ᠌ ᠵᠠᠩ ᠴᠢᠨᠠᠷ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠪᠣᠯᠤᠭᠰᠠᠨ᠎ᠤ ᠬᠤᠪᠢ᠎ᠳᠤ᠂ ᠪᠠᠢᠭᠤᠯᠤᠭᠳᠠᠭᠰᠠᠨ᠎ᠠᠴᠠ ᠨᠠᠭᠠᠰᠢ ᠢᠮᠠᠭᠲᠠ ᠠᠷᠠᠳ ᠲᠦᠮᠡᠨ᠎ᠦ ᠠᠰᠢᠭ᠋ ᠲᠤᠰᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠢᠮᠠᠭᠲᠠ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠵᠤ᠂ ᠮᠠᠨ᠎ᠤ ᠨᠠᠮ᠎ᠳᠤ ᠠᠵᠢᠯᠴᠢᠨ ᠠᠩᠭᠢ ᠪᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠠᠰᠢᠭ᠋ ᠲᠤᠰᠠ᠎ᠠᠴᠠ ᠭᠠᠳᠠᠨ᠎ᠠ᠂ ᠥᠪᠡᠷ᠎ᠦᠨ ᠣᠨᠴᠠᠭᠠᠢ ᠠᠰᠢᠭ᠋ ᠲᠤᠰᠠ ᠭᠡᠵᠦ ᠪᠠᠢᠬᠤ ᠦᠭᠡᠢ ᠶᠤᠮ᠃ ᠨᠠᠮᠴᠢ ᠴᠢᠨᠠᠷ ᠪᠣᠯ ᠡᠴᠦᠰ᠎ᠦᠨ ᠡᠴᠦᠰ᠎ᠲᠡᠬᠡᠨ ᠵᠣᠭᠰᠣᠯᠲᠠ᠎ᠶᠢᠨ ᠠᠰᠠᠭᠤᠳᠠᠯ ᠮᠥᠨ᠂ ᠨᠠᠮ᠎ᠤᠨ ᠰᠢᠨᠵᠢ ᠴᠢᠨᠠᠷ ᠪᠠ ᠵᠣᠷᠢᠯᠲᠠ ᠨᠢ ᠠᠷᠠᠳ ᠲᠦᠮᠡᠨ᠎ᠦ ᠵᠣᠭᠰᠣᠯᠲᠠ ᠪᠣᠯ ᠨᠠᠮ᠎ᠤᠨ ᠦᠨᠳᠦᠰᠦᠨ ᠤᠯᠤᠰ ᠲᠦᠷᠦ᠎ᠶᠢᠨ ᠵᠣᠭᠰᠣᠯᠲᠠ ᠮᠥᠨ ᠭᠡᠳᠡᠭ᠎ᠢ ᠲᠣᠭᠲᠠᠭᠠᠵᠤ᠂ ᠨᠠᠮ᠎ᠤᠨ ᠲᠦᠷᠦ ᠪᠠᠷᠢᠬᠤ᠎ᠶᠢᠨ ᠦᠨᠳᠦᠰᠦᠨ ᠵᠣᠷᠢᠯᠭ᠎ᠠ ᠪᠣᠯ ᠠᠷᠠᠳ ᠲᠦᠮᠡᠨ᠎ᠦ ᠲᠥᠯᠥᠭᠡ ᠠᠵᠢᠯ ᠬᠢᠵᠦ᠂ ᠠᠷᠠᠳ ᠲᠦᠮᠡᠨ᠎ᠳᠦ ᠪᠤᠶᠠᠨ ᠦᠢᠯᠡᠳᠬᠦ ᠶᠠᠪᠤᠳᠠᠯ ᠮᠥᠨ ᠭᠡᠳᠡᠭ᠎ᠢ ᠲᠣᠭᠲᠠᠭᠠᠵᠠᠢ᠃ ᠵᠠᠰᠠᠭ᠎ᠦᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠬᠤ᠎ᠳᠦ ᠡᠷᠬᠡᠪᠰᠢ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠡᠴᠡ ᠡᠭᠦᠰᠬᠦ ᠬᠡᠷᠡᠭᠲᠡᠢ᠂ ᠤᠬᠠᠮᠰᠠᠷ᠎ᠠᠴᠠ᠎ᠪᠠᠨ ᠠᠷᠠᠳ ᠲᠦᠮᠡᠨ᠎ᠦ ᠵᠣᠭᠰᠣᠯᠲᠠ ᠳᠡᠭᠡᠷ᠎ᠡ ᠵᠣᠭᠰᠣᠵᠤ ᠠᠰᠠᠭᠤᠳᠠᠯ᠎ᠢ ᠪᠣᠳᠣᠯᠬᠢᠯᠠᠬᠤ ᠬᠡᠷᠡᠭᠲᠡᠢ᠂ ᠵᠠᠰᠠᠭ᠎ᠤᠨ ᠠᠵᠢᠯ᠎ᠤᠨ ᠪᠦᠲᠦᠮᠵᠢ᠎ᠶᠢ ᠠᠷᠠᠳ ᠲᠦᠮᠡᠨ᠎ᠦ ᠲᠥᠯᠥᠭᠡ ᠡᠭᠦᠳᠦᠨ ᠪᠦᠲᠦᠭᠡᠬᠦ᠂ ᠠᠷᠠᠳ ᠲᠦᠮᠡᠨ᠎ᠢᠶᠡᠷ ᠦᠨᠡᠯᠡᠭᠦᠯᠬᠦ ᠶ᠋ᠢ ᠪᠠᠷᠢᠮᠲᠠᠯᠠᠨ᠎ᠠ᠃ ᠡᠷᠬᠡ᠎ᠪᠡᠨ ᠠᠷᠠᠳ᠎ᠤᠨ ᠲᠥᠯᠥᠭᠡ ᠬᠡᠷᠡᠭᠯᠡᠬᠦ᠂ ᠠᠷᠠᠳ ᠲᠦᠮᠡᠨ᠎ᠲᠠᠢ ᠰᠡᠳᠬᠢᠯ᠎ᠢᠶᠡᠨ ᠬᠣᠯᠪᠣᠬᠤ᠂ ᠠᠷᠠᠳ ᠲᠦᠮᠡᠨ᠎ᠳᠦ ᠠᠰᠢᠭ᠋ ᠲᠤᠰᠠ ᠣᠯᠭᠣᠬᠤ ᠶ᠋ᠢ ᠪᠠᠷᠢᠮᠲᠠᠯᠠᠵᠤ᠂ ᠢᠮᠠᠭᠲᠠ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠬᠦ᠂ ᠰᠠᠢᠳᠣᠷ ᠬᠠᠮᠠᠭᠠᠯᠠᠬᠤ ᠰᠠᠢᠲᠤᠷ ᠬᠥᠭᠵᠢᠭᠦᠯᠬᠦ᠎ᠪᠡᠷ ᠬᠠᠮᠤᠭ᠎ᠤᠨ ᠥᠨᠳᠥᠷ ᠪᠠᠷᠢᠮᠵᠢᠶ᠎ᠠ ᠪᠣᠯᠭᠠᠨ᠎ᠠ᠃ ᠠᠷᠠᠳ ᠲᠦᠮᠡᠨ᠎ᠳᠦ ᠢᠯᠡᠭᠦᠦ ᠰᠠᠢᠨ ᠶᠠᠪᠤᠳᠠᠯ ᠪᠣᠳᠠᠲᠠᠢ ᠶᠠᠪᠤᠳᠠᠯ ᠬᠢᠵᠦ ᠥᠭᠭᠦᠨ᠎ᠡ᠂ ᠠᠷᠠᠳ ᠣᠯᠠᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠵᠤ᠂ ᠠᠷᠠᠳ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠦᠨᠡᠨ ᠬᠦ᠌ ᠠᠷᠠᠳ ᠲᠦᠮᠡᠨ᠎ᠳᠦ ᠪᠤᠶᠠᠨ ᠦᠢᠯᠡᠳᠦᠨ᠎ᠡ᠃
ᠶᠠᠮᠠᠷ ᠨᠢ ᠰᠠᠢᠨ ᠠᠵᠢᠯ᠎ᠤᠨ ᠪᠦᠲᠦᠮᠵᠢ᠂ ᠵᠢᠩᠬᠢᠨᠢ ᠵᠠᠰᠠᠭ᠎ᠦᠨ ᠠᠵᠢᠯ᠎ᠤᠨ ᠪᠦᠲᠦᠮᠵᠢ᠎ᠳᠦ ᠲᠣᠭᠠᠴᠢᠬᠳᠠᠬᠣ ᠪᠣᠢ? ᠡᠨᠡ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠡᠷᠬᠡᠪᠰᠢ ᠬᠠᠷᠢᠭᠤᠯᠬᠤ ᠴᠢᠬᠤᠯᠠᠲᠠᠢ ᠭᠣᠣᠯ ᠠᠰᠠᠭᠤᠳᠠᠯ ᠮᠥᠨ᠃ ᠵᠠᠰᠠᠭ᠎ᠦᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠪ ᠡᠰᠡᠬᠦ᠎ᠶᠢᠨ ᠵᠠᠩᠭᠢᠯᠠᠭ᠎ᠠ ᠨᠢ ᠮᠠᠷᠺᠰ᠎ᠤᠨ ᠦᠵᠡᠯ᠎ᠦᠨ ᠵᠣᠭᠰᠣᠯᠲᠠ ᠦᠵᠡᠯᠲᠡ ᠠᠷᠭ᠎ᠠ᠎ᠶᠢ ᠵᠢᠷᠤᠮᠯᠠᠭᠰᠠᠨ ᠡᠰᠡᠬᠦ᠂ ᠦᠨᠡᠨ ᠶᠣᠰᠣ᠌᠎ᠶᠢ ᠪᠠᠷᠢᠮᠲᠠᠯᠠᠭᠰᠠᠨ ᠡᠰᠡᠬᠦ᠂ ᠠᠷᠠᠳ ᠲᠦᠮᠡᠨ᠎ᠢ ᠬᠦᠨᠳᠦᠳᠬᠡᠭᠰᠡᠨ ᠡᠰᠡᠬᠦ᠂ ᠴᠠᠭ ᠦᠶ᠎ᠡ ᠪᠠ ᠦᠢᠯᠡᠳᠦᠯᠭᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠳᠤ ᠨᠡᠢᠴᠡᠭᠰᠡᠨ ᠡᠰᠡᠬᠦ᠎ᠶᠢ ᠦᠵᠡᠨ᠎ᠡ᠃ ᠭᠠᠭᠴᠠ ᠬᠦ᠌ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠪᠠ ᠤᠯᠤᠰ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠠᠰᠢᠭ᠍ᠲᠠᠢ᠂ ᠤᠯᠠᠨ ᠲᠦᠮᠡᠨᠰᠡᠳᠬᠢᠯ ᠬᠠᠨᠤᠮᠵᠢᠲᠠᠢ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ ᠲᠡᠳᠡᠭᠡᠷ ᠠᠮᠵᠢᠯᠲᠠ ᠪᠦᠲᠦᠮᠵᠢ ᠪᠣᠯ ᠰᠠᠶᠢ ᠵᠢᠩᠬᠢᠨᠢ ᠵᠠᠰᠠᠭ᠎ᠤᠨ ᠠᠵᠢᠯ᠎ᠤᠨ ᠪᠦᠲᠦᠮᠵᠢ ᠮᠥᠨ᠃ ᠠᠵᠢᠯ᠎ᠤᠨ ᠪᠦᠲᠦᠮᠵᠢ᠎ᠶᠢᠨ ᠦᠵᠡᠯᠲᠡ ᠨᠢ ᠬᠥᠭᠵᠢᠯᠲᠡ᠎ᠶᠢ ᠠᠳᠬᠤᠬᠤ ᠳᠡᠭᠡᠷ᠎ᠡ ᠢᠯᠡᠷᠡᠵᠦ ᠪᠠᠢᠬᠤ ᠮᠥᠷᠲᠡᠭᠡᠨ ᠪᠠᠰᠠ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠲᠣᠭᠲᠠᠭᠤᠨ ᠪᠠᠢᠳᠠᠯ᠎ᠢ ᠪᠠᠲᠤᠯᠠᠬᠤ ᠳᠡᠭᠡᠷ᠎ᠡ ᠢᠯᠡᠷᠡᠵᠦ ᠪᠠᠢᠳᠠᠭ; ᠳᠠᠷᠤᠢᠬᠠᠨ ᠦᠷ᠎ᠡ ᠪᠦᠲᠦᠮᠵᠢ ᠣᠯᠬᠤ ᠳᠡᠭᠡᠷ᠎ᠡ ᠢᠯᠡᠷᠡᠬᠦ ᠮᠥᠷᠲᠡᠭᠡᠨ ᠪᠠᠰᠠ ᠰᠠᠭᠤᠷᠢ ᠲᠠᠯᠪᠢᠬᠤ᠂ ᠰᠡᠯᠭᠦᠬᠦ ᠬᠦᠴᠦᠨ᠎ᠢ ᠨᠡᠮᠡᠭᠳᠡᠭᠦᠯᠬᠦ᠂ ᠠᠯᠤᠰ ᠭᠡᠳᠤ᠎ᠳᠦ ᠠᠰᠢᠭ᠍ᠲᠠᠢ ᠪᠠᠢᠬᠤ ᠠᠮᠵᠢᠯᠲᠠ ᠪᠦᠲᠦᠮᠵᠢ ᠳᠡᠭᠡᠷ᠎ᠡ ᠢᠯᠡᠷᠡᠵᠦ ᠪᠠᠢᠳᠠᠭ; ᠪᠣᠳᠠᠲᠤ ᠵᠥᠷᠢᠴᠡᠯ᠎ᠢ ᠰᠢᠢᠳᠪᠦᠷᠢᠯᠡᠬᠦ ᠳᠡᠭᠡᠷ᠎ᠡ ᠢᠯᠡᠷᠡᠵᠦ ᠪᠠᠢᠬᠤ ᠮᠥᠷᠲᠡᠭᠡᠨ ᠪᠠᠰᠠ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢᠳᠪᠦᠷᠢᠯᠡᠬᠦ ᠳᠡᠭᠡᠷ᠎ᠡ ᠢᠯᠡᠷᠡᠵᠦ ᠪᠠᠢᠳᠠᠬ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠪᠣᠯ ᠬᠤᠪᠢᠰᠤᠩᠭᠤᠢ ᠪᠥᠭᠡᠳ ᠪᠣᠳᠠᠲᠠᠢ ᠶᠤᠮ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠨᠢ ᠯᠠᠪᠳᠠᠭᠤᠨ᠎ᠢᠶᠠᠷ ᠤᠷᠤᠭᠰᠢᠯᠠᠬᠤ᠂ ᠪᠠᠶ᠋ᠢᠭᠤᠯᠬᠤ ᠪᠠ ᠡᠪᠳᠡᠬᠦ᠂ ᠬᠡᠢᠰᠪᠦᠷᠢ ᠪᠠ ᠪᠣᠳᠠᠲᠠᠢ᠂ ᠥᠨᠭᠭᠡᠨ ᠲᠠᠯ᠎ᠠ ᠪᠠ ᠤᠭ ᠦᠨᠳᠦᠰᠦ᠂ ᠣᠢᠷ᠎ᠠ ᠪᠠ ᠬᠤᠯᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ᠎ᠶᠢ ᠵᠠᠢᠯᠠᠰᠢ ᠦᠭᠡᠢ ᠱᠠᠭᠠᠷᠳᠠᠵᠤ᠂ ᠠᠯᠪᠠᠨ᠎ᠤ ᠪᠠ ᠬᠤᠪᠢ᠎ᠶᠢᠨ᠂ ᠰᠡᠳᠬᠢᠯᠭᠡ ᠪᠠ ᠬᠠᠤᠯᠢ᠂ ᠠᠰᠢᠭ᠋ ᠪᠠ ᠬᠠᠤᠯᠢ᠂ ᠡᠷᠬᠡ ᠪᠠ ᠬᠠᠷᠢᠭᠤᠴᠠᠯᠭ᠎ᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ ᠨᠢ ᠬᠥᠭᠵᠢᠯᠲᠡ᠎ᠶᠢᠨ ᠦᠵᠡᠯᠲᠡ᠎ᠲᠠᠢ ᠬᠣᠯᠪᠣᠯᠳᠤᠵᠤ ᠪᠠᠢᠳᠠᠭ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠣᠬᠠᠢ ᠵᠦᠪ ᠦᠵᠡᠯᠲᠡ ᠨᠢ ᠰᠠᠶᠢ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠪᠡᠷ ᠤᠳᠤᠷᠢᠳᠤᠮᠵᠢ ᠪᠣᠯᠭᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠤᠬᠠᠮᠰᠠᠷ᠎ᠠᠴᠠ᠎ᠪᠠᠨ ᠨᠠᠢᠳᠠᠪᠤᠷᠢᠵᠢᠭᠤᠯᠬᠤ ᠪᠠ ᠴᠢᠨᠠᠷ ᠰᠠᠢᠲᠠᠢ ᠦᠷᠭᠦᠯᠵᠢᠯᠡᠬᠦ ᠬᠥᠭᠵᠢᠯᠲᠡ᠎ᠶᠢ ᠤᠬᠠᠮᠰᠠᠷ᠎ᠠᠴᠠ᠎ᠪᠠᠨ ᠠᠬᠢᠭᠤᠯᠬᠤ᠎ᠵᠢ ᠬᠦᠳᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠭᠵᠢᠯᠲᠡ᠎ᠶᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠶᠠᠪᠤᠴᠠ᠎ᠳᠤ ᠪᠡᠶ᠎ᠡ᠎ᠪᠡᠨ ᠴᠢᠩᠭ᠎ᠠ ᠵᠠᠰᠠᠵᠤ᠂ ᠡᠷᠬᠡ᠎ᠪᠡᠨ ᠴᠢᠩᠭ᠎ᠠ ᠬᠡᠷᠡᠭᠯᠡᠨ᠂ ᠪᠡᠶ᠎ᠡ᠎ᠪᠡᠨ ᠴᠢᠩᠭ᠎ᠠ ᠱᠠᠭᠠᠷᠳᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠠᠮᠵᠢᠯᠲᠠ᠎ᠶᠢ ᠡᠭᠦᠳᠦᠨ ᠪᠦᠲᠦᠭᠡᠵᠦ ᠴᠢᠳᠠᠬᠤ ᠪᠤᠯᠤᠨ᠎ᠠ᠃ ᠵᠠᠰᠠᠭ᠎ᠦᠨ ᠠᠵᠢᠯ᠎ᠤᠨ ᠪᠦᠳᠦᠮᠵᠢ᠎ᠶᠢᠨ ᠲᠣᠬᠠᠢ ᠵᠦᠪ ᠦᠵᠡᠯᠲᠡ᠎ᠶᠢ ᠪᠠᠲᠤ ᠪᠤᠢ ᠪᠣᠯᠭᠠᠬᠤ᠎ᠳᠤ᠂ ᠡᠷᠬᠡᠪᠰᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠡᠬᠡ ᠲᠠᠯ᠎ᠠ᠎ᠠᠴᠠ ᠡᠭᠦᠰᠴᠦ᠂ ᠤᠬᠠᠮᠰᠠᠷ᠎ᠠᠴᠠ᠎ᠪᠠᠨ ᠤᠯᠤᠰ ᠲᠦᠷᠦ᠎ᠶᠢᠨ ᠤᠬᠠᠮᠰᠠᠷ᠂ ᠶᠡᠬᠡ ᠲᠠᠯ᠎ᠠ᠎ᠶᠢᠨ ᠤᠬᠠᠮᠰᠠᠷ᠂ ᠭᠣᠣᠯᠯᠠᠬᠤ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢᠶᠠᠨ ᠴᠢᠩᠭᠠᠳᠬᠠᠵᠤ᠂ ᠤᠬᠠᠮᠰᠠᠷ᠎ᠠᠴᠠ᠎ᠪᠠᠨ ᠵᠥᠪ ᠪᠤᠷᠤᠭᠤ᠎ᠶᠢᠨ ᠦᠵᠡᠯᠲᠡ᠂ ᠵᠢᠷᠤᠮ ᠠᠰᠢᠭ᠋᠎ᠤᠨ ᠦᠵᠡᠯᠲᠡ᠂ ᠡᠷᠬᠡ᠎ᠶᠢᠨ ᠦᠵᠡᠯᠲᠡ᠂ ᠠᠵᠢᠯ ᠦᠢᠯᠡᠰ᠎ᠦᠨ ᠦᠵᠡᠯᠲᠡ᠎ᠶᠢ ᠬᠥᠮᠥᠵᠢᠭᠦᠯᠵᠦ᠂ ᠤᠬᠠᠮᠰᠠᠷ᠎ᠠᠴᠠ᠎ᠪᠠᠨ ᠦᠢᠯᠡᠳᠦᠯᠭᠡ᠎ᠳᠦ ᠰᠠᠭᠤᠷᠢᠯᠠᠵᠤ᠂ ᠠᠷᠠᠳ ᠲᠦᠮᠡᠨ᠎ᠦ ᠳᠤᠮᠳᠠ ᠦᠨᠳᠦᠰᠦᠯᠡᠵᠦ᠂ ᠲᠡᠦᠬᠡᠳᠦ ᠨᠡᠪᠳᠡᠷᠡᠵᠥ᠂ ᠤᠬᠠᠮᠰᠠᠷ᠎ᠠᠴᠠ᠎ᠪᠠᠨ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠵᠢᠯ᠎ᠤᠨ ᠠᠮᠵᠢᠯᠲᠠ᠎ᠶᠢ ᠴᠠᠭ ᠦᠶ᠎ᠡ᠎ᠶᠢᠨ ᠥᠨᠳᠥᠷᠴᠡ᠂ ᠠᠷᠠᠳ ᠲᠦᠮᠡᠨ᠎ᠦ ᠬᠠᠢᠷ᠎ᠠ ᠬᠠᠯᠠᠮᠵᠢ᠂ ᠲᠡᠦᠬᠡ᠎ᠶᠢᠨ ᠭᠦᠨᠴᠡ᠎ᠲᠠᠢ ᠪᠣᠯᠭᠠᠬᠤ ᠬᠡᠷᠡᠭᠲᠡᠢ᠃
ᠵᠠᠰᠠᠭ᠎ᠦᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠬᠤ᠎ᠳᠤ 《ᠬᠡᠨ᠎ᠦ ᠲᠥᠯᠥᠭᠡ ᠪᠠᠢᠬᠤ》᠂ 《ᠶᠠᠭᠤ ᠪᠤᠢ》 ᠭᠡᠬᠦ ᠲᠠᠨᠢᠯᠲᠠ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ ᠮᠥᠷᠲᠡᠭᠡᠨ ᠪᠠᠰᠠ 《ᠶᠠᠭᠠᠬᠢᠵᠤ ᠠᠵᠢᠯᠯᠠᠬᠤ》 ᠦᠢᠯᠡᠳᠦᠯᠭᠡ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠃ ᠡᠪ ᠬᠠᠮᠲᠤᠴᠤᠳ ᠪᠣᠯ ᠪᠣᠳᠠᠰᠴᠢ ᠦᠵᠡᠯᠲᠡᠨ ᠮᠥᠨ᠂ ᠪᠣᠳᠠᠲᠠᠢ᠎ᠶᠢ ᠡᠷᠬᠢᠮᠯᠡᠬᠦ ᠪᠣᠯ ᠵᠠᠪᠠᠯ ᠪᠦᠷᠢᠯᠳᠦᠭᠦᠯᠬᠦ ᠬᠡᠪ ᠰᠤᠷᠲᠠᠯ ᠮᠥᠨ᠂ ᠡᠷᠬᠡᠪᠰᠢ ᠦᠨᠡᠨ᠎ᠡᠴᠡ ᠵᠥᠪ᠎ᠢ ᠡᠷᠢᠵᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠬᠡᠷᠡᠭᠲᠡᠢ᠃ ᠠᠵᠢᠯ᠎ᠤᠨ ᠪᠦᠳᠦᠮᠵᠢ ᠶ᠋ᠢ ᠪᠣᠳᠠᠲᠠᠢ ᠠᠵᠢᠯᠯᠠᠵᠤ ᠪᠠᠢᠭᠠᠳ ᠯᠡ ᠤᠯᠳᠠᠭ᠃ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠬᠤ᠎ᠳᠤ᠂ ᠡᠷᠬᠡᠪᠰᠢ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠯᠡᠨ ᠴᠢᠷᠮᠠᠢᠵᠤ ᠦᠢᠯᠡᠰ ᠪᠦᠲᠦᠭᠡᠵᠦ᠂ ᠪᠠᠭ᠎ᠠ ᠠᠮᠵᠢᠯᠲᠠ᠎ᠶᠢ ᠬᠤᠷᠠᠮᠳᠤᠭᠤᠯᠤᠨ ᠶᠡᠬᠡ ᠠᠮᠵᠢᠯᠲᠠ ᠪᠣᠯᠭᠠᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》᠎ᠶᠢᠨ ᠡᠬᠢᠯᠡᠯᠲᠡ᠎ᠶᠢᠨ ᠵᠠᠩᠭᠢᠯᠠᠭ᠎ᠠ᠎ᠶᠢᠨ ᠦᠶ᠎ᠡ᠎ᠳᠦ᠂ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠣᠷᠣᠰᠢᠵᠤ ᠪᠠᠢᠨ᠎ᠠ᠃ ᠡᠯ᠎ᠡ ᠵᠦᠢᠯ᠎ᠦᠨ ᠲᠣᠭᠲᠠᠪᠤᠷᠢ ᠦᠭᠡᠢ ᠬᠦᠴᠦᠨ ᠵᠦᠢᠯ ᠨᠡᠮᠡᠭᠳᠡᠭᠰᠡᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠪᠣᠳᠠᠲᠤ ᠪᠠᠢᠳᠠᠯ᠎ᠠᠴᠠ ᠡᠭᠦᠰᠬᠦ᠂ ᠵᠢᠮ᠎ᠡ ᠶᠣᠰᠣ᠌᠎ᠪᠠᠷ ᠠᠵᠢᠯᠯᠠᠬᠤ᠂ ᠳᠦᠷᠢᠮ ᠶᠣᠰᠣᠭᠠᠷ ᠠᠵᠢᠯᠯᠠᠬᠤ ᠵᠢ ᠨᠡᠩ ᠪᠠᠷᠢᠮᠲᠠᠯᠠᠬᠤ ᠬᠡᠷᠡᠭᠲᠡᠢ᠃ ᠰᠢᠨ᠎ᠡ ᠪᠠᠢᠳᠠᠯ᠎ᠤᠨ ᠳᠣᠣᠷᠠᠬᠢ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠢᠯᠭᠠᠬᠤ ᠱᠠᠭᠠᠷᠳᠠᠯᠭ᠎ᠠ᠎ᠳᠤ ᠵᠣᠬᠢᠴᠠᠬᠤ ᠬᠡᠪ ᠴᠢᠨᠠᠷ ᠪᠠ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂ ᠰᠡᠳᠬᠢᠯ ᠰᠠᠨᠠᠭ᠎ᠠ᠎ᠪᠠᠨ ᠬᠥᠭᠵᠢᠭᠦᠯᠬᠦ ᠳᠡᠭᠡᠷ᠎ᠡ ᠲᠠᠯᠪᠢᠬᠤ᠂ ᠣᠶᠤᠨ ᠴᠢᠳᠠᠯ᠎ᠢᠶᠠᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠳᠡᠭᠡᠷ᠎ᠡ ᠲᠠᠯᠪᠢᠵᠦ᠂ ᠬᠦᠴᠦ᠎ᠪᠡᠨ ᠪᠤᠳᠠᠳᠤ ᠠᠵᠢᠯ ᠳᠡᠭᠡᠷ᠎ᠡ ᠲᠠᠯᠪᠢᠵᠤ᠂ ᠠᠰᠠᠭᠤᠳᠠᠯ᠎ᠤᠨ ᠤᠬᠠᠮᠰᠠᠷ᠎ᠢ ᠴᠢᠩᠭᠠᠳᠬᠠᠬᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠪᠠᠢᠳᠠᠯ᠎ᠢ ᠣᠨᠣᠪᠴᠢᠲᠠᠶ ᠡᠵᠡᠮᠰᠢᠬᠦ᠂ ᠪᠠᠰᠠ ᠪᠣᠳᠠᠲᠠᠢ᠎ᠶᠢ ᠡᠷᠬᠢᠮᠯᠡᠬᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠦᠨᠡᠨ ᠦᠭᠡ ᠬᠡᠯᠡᠬᠦ᠂ ᠪᠣᠳᠠᠲᠠᠢ ᠠᠵᠢᠯ ᠬᠢᠬᠦ᠂ ᠪᠣᠳᠠᠲᠤ ᠪᠦᠲᠦᠮᠵᠢ ᠭᠠᠷᠭᠠᠬᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠠᠵᠢᠯᠯᠠᠬᠤ ᠬᠡᠷᠡᠭᠲᠡᠢ᠃ ᠢᠯᠠᠩᠭᠤᠶ᠎ᠠ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤᠮᠳᠠ᠂ ᠡᠷᠬᠡᠪᠰᠢ ᠲᠥᠪ᠎ᠦᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠭᠦᠨᠵᠡᠭᠡᠢ ᠣᠨᠣᠪᠴᠢᠲᠠᠢ ᠣᠢᠯᠠᠭᠠᠨ ᠡᠵᠡᠮᠰᠢᠵᠦ᠂ ᠣᠷᠣᠨ ᠨᠤᠲᠤᠭ᠎ᠤᠨ ᠪᠣᠳᠠᠲᠤ ᠪᠠᠢᠳᠠᠯ᠎ᠲᠠᠢ ᠭᠦᠢᠴᠡᠳ ᠤᠶᠠᠯᠳᠤᠭᠤᠯᠤᠨ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠠᠴᠠ ᠰᠠᠯᠤᠩᠭᠢᠷᠠᠬᠤ᠂ ᠭᠡᠨᠡᠨ᠎ᠢᠶᠡᠷ ᠤᠷᠤᠭᠰᠢᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠬᠥᠭᠵᠢᠯᠲᠡ᠎ᠶᠢᠨ ᠴᠢᠭᠯᠡᠯ ᠬᠡᠯᠪᠡᠢᠬᠦ ᠦᠭᠡᠢ᠂ ᠠᠵᠢᠯ ᠦᠢᠯᠡᠰ ᠲᠣᠭᠲᠠᠭᠤᠨ᠎ᠢᠶᠠᠷ ᠠᠬᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
[ᠯᠢ ᠬᠠᠢ ᠴᠢᠩ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ; ᠪᠢ ᠭᠦᠸᠧ ᠱᠤᠸᠠᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ ]
— 《 ᠭᠤᠸᠠᠩᠮᠢᠩ ᠡᠳᠦᠷ᠎ᠦᠨ ᠰᠣᠨᠢᠨ》 ᠡᠴᠡ