ᠪᠡᠶ᠎ᠡ᠎ᠶᠢᠨ ᠲᠠᠮᠢᠷ᠎ᠤᠨ ᠶᠡᠷᠦᠩᠬᠡᠢᠯᠡᠭᠰᠡᠨ ᠦᠷᠳᠡᠭ᠎ᠢ ᠪᠠᠳᠠᠷᠠᠭᠤᠯᠵᠤ ᠡᠳ᠋ ᠪᠣᠳᠠᠰ᠎ᠤᠨ ᠡᠯᠪᠡᠭ ᠤᠶᠤᠨ ᠰᠠᠨᠠᠭᠠᠨ᠎ᠤ ᠪᠠᠶᠠᠯᠢᠭ᠎ᠢ ᠠᠬᠢᠭᠤᠯᠰᠤᠭᠠᠢ
2026-03-30 09:49:04
ᠵᠣᠬᠢᠶᠠᠭ᠍ᠴᠢ᠄
​ ᠯᠢᠨ ᠳ᠋ᠸ ᠷᠧᠨ ᠰᠢᠦᠢ ᠱᠢ ᠬᠤᠤ
ᠣᠩᠱᠢᠭ᠍ᠰᠠᠨ ᠣᠳᠠᠭ᠎ᠠ᠄
★★★☆☆

︱ ᠶᠡᠷᠦᠩᠬᠡᠢ ᠱᠦᠵᠢ ᠰᠢ᠎ᠶᠢᠨ ᠫᠢᠩ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠬᠤ᠎ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ(ᠲᠠᠪᠤ)


ᠪᠡᠶ᠎ᠡ᠎ᠶᠢᠨ ᠲᠠᠮᠢᠷ ᠲᠦᠮᠡᠨ ᠪᠤᠳᠠᠰ᠎ᠢ ᠤᠮᠳᠠᠯᠠᠵᠤ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠨ᠂ ᠦᠨᠳᠦᠰᠦᠲᠡᠨ᠎ᠢ ᠪᠦᠯᠬᠦᠮᠳᠡᠭᠦᠯᠦᠨ᠎ᠡ᠃

ᠪᠡᠶ᠎ᠡ᠎ᠶᠢᠨ ᠲᠠᠮᠢᠷ ᠬᠦᠴᠦᠨ ᠴᠢᠳᠠᠯ᠎ᠢ ᠤᠨᠳᠤᠷᠤᠭᠤᠯᠵᠤ᠂ ᠠᠵᠤ ᠠᠬᠤᠢ᠎ᠶᠢᠨ ᠨᠡᠮᠡᠭᠳᠡᠯ᠎ᠢ ᠲᠠᠢ᠍ᠢᠴᠢᠯᠠᠨ᠂ ᠬᠥᠭᠵᠢᠯᠲᠡ᠎ᠳᠦ ᠬᠦᠴᠦᠨ ᠨᠡᠮᠡᠷᠢᠯᠡᠨ᠎ᠡ᠃

ᠪᠡᠶ᠎ᠡ᠎ᠶᠢᠨ ᠲᠠᠮᠢᠷ ᠤᠷᠮᠠᠰ ᠰᠡᠳᠬᠢᠯᠭᠡ ᠵᠢ ᠬᠦᠭᠵᠢᠭᠡᠵᠤ᠂ ᠰᠦᠰᠦ ᠵᠣᠷᠢᠭ᠋᠎ᠢ ᠬᠥᠪᠴᠢᠯᠡᠨ᠂ ᠴᠤᠭ ᠰᠦᠯᠳᠡ᠎ᠶᠢ ᠪᠠᠳᠠᠷᠠᠭᠠᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠠᠶᠠᠨ᠎ᠳᠤ᠂ ᠪᠡᠶ᠎ᠡ᠎ᠶᠢᠨ ᠲᠠᠮᠢᠷ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠨᠢᠭᠡᠨ ᠴᠣᠩᠬᠤᠪᠴᠢ ᠪᠣᠯᠵᠤ᠂ ᠳᠤᠮᠳᠠᠳᠤ ᠤᠯᠤᠰ᠎ᠤᠨ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ᠎ᠤ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠂ ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠬᠤ᠎ᠶᠢ ᠠᠬᠢᠭᠤᠯᠬᠤ ᠠᠮᠢᠳᠤᠯᠢᠭ᠋ ᠦᠢᠯᠡᠳᠦᠯᠭᠡ᠎ᠶᠢ ᠬᠠᠷᠠᠭᠤᠯᠵᠦ ᠪᠠᠢᠨ᠎ᠠ᠃

ᠶᠡᠷᠦᠩᠬᠡᠢ ᠱᠦᠵᠢ ᠰᠢ᠎ᠶᠢᠨ ᠫᠢᠩ᠂ ᠪᠡᠶ᠎ᠡ᠎ᠶᠢᠨ ᠲᠠᠮᠢᠷ ᠪᠣᠯ ᠠᠷᠠᠳ ᠲᠦᠮᠡᠨ᠎ᠦ ᠡᠷᠡᠭᠦᠯ ᠮᠡᠨᠳᠦ᠎ᠶᠢᠨ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭᠠᠬᠤ᠂ ᠬᠥᠮᠥᠨ᠎ᠦ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠷᠡᠭᠦᠯᠬᠦ ᠴᠢᠬᠤᠯᠠ ᠲᠠᠪᠴᠠᠩ ᠮᠥᠨ ᠭᠡᠵᠤ ᠵᠢᠭᠠᠵᠤ ᠭᠠᠷᠭᠠᠪᠠ᠃

ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠦᠢᠯᠡᠰ ᠪᠣᠯ ᠪᠦᠬᠦ ᠠᠷᠠᠳ᠎ᠤᠨ ᠴᠢᠨᠠᠷᠲᠠᠢ ᠦᠢᠯᠡᠰ ᠪᠠᠢᠵᠤ᠂ ᠪᠦᠬᠦ ᠠᠷᠠᠳ ᠲᠦ᠍ ᠲᠦᠰᠢᠭᠯᠡᠨ᠂ ᠪᠦᠬᠦ ᠠᠷᠠᠳ ᠲᠦ᠍ ᠠᠰᠢᠭ᠋ ᠬᠦᠷᠲᠡᠭᠡᠳᠡᠭ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶᠢ ᠠᠬᠢᠭᠤᠯᠬᠤ᠂ ᠬᠠᠮᠲᠤ᠎ᠪᠠᠷ ᠪᠠᠶᠠᠵᠢᠬᠤ ᠠᠤᠭ᠎ᠠ ᠬᠠᠷᠠᠯᠲᠠ᠎ᠶᠢ ᠪᠡᠶᠡᠯᠡᠭᠦᠯᠬᠦ᠎ᠳᠦ ᠲᠤᠢᠯ᠎ᠤᠨ ᠴᠢᠬᠤᠯᠠ ᠶᠤᠮ᠃

ᠪᠦᠬᠦ ᠠᠷᠠᠳ ᠬᠠᠮᠲᠤ ᠪᠠᠷ ᠡᠳ᠋ᠯᠡᠨ᠎ᠡ᠄ ᠪᠦᠬᠦ ᠠᠷᠠᠳ᠎ᠤᠨ ᠡᠷᠡᠭᠦᠯ ᠮᠡᠨᠳᠤ᠎ᠳᠦ ᠦᠷᠬᠡᠨ ᠠᠭᠤᠳᠠᠮ ᠲᠠᠪᠴᠠᠩ ᠬᠠᠩᠭᠠᠪᠠ

ᠶᠡᠷᠦᠩᠬᠡᠢ ᠱᠦᠵᠢ ᠰᠢ᠎ᠶᠢᠨ ᠫᠢᠩ᠄ 《ᠮᠠᠨ᠎ᠤ ᠬᠥᠭᠡᠭᠡᠴᠡᠯᠳᠦᠵᠦ ᠪᠠᠢᠭ᠎ᠠ ᠬᠥᠭᠵᠢᠯᠲᠡ ᠪᠣᠯ ᠠᠷᠠᠳ ᠲᠦᠮᠡᠨ᠎ᠳᠦ ᠠᠵᠠ ᠵᠢᠷᠭᠠᠯ ᠣᠯᠭᠣᠬᠤ ᠬᠥᠭᠵᠢᠯᠲᠡ ᠮᠥᠨ᠂ ᠮᠠᠨ᠎ᠤ ᠬᠥᠭᠡᠭᠡᠴᠡᠯᠳᠦᠵᠦ ᠪᠠᠢᠭ᠎ᠠ ᠪᠠᠶᠠᠵᠢᠯ ᠪᠣᠯ ᠪᠦᠬᠦ ᠠᠷᠠᠳ ᠲᠦᠮᠡᠨ᠎ᠦ ᠬᠠᠮᠲᠤ᠎ᠶᠢᠨ ᠪᠠᠶᠠᠵᠢᠯ ᠮᠥᠨ》 ᠭᠡᠵᠤ ᠴᠢᠬᠤᠯᠠᠴᠢᠯᠠᠪᠠ᠃

ᠲᠥᠷᠥᠯᠬᠢ᠎ᠶᠢᠨ ᠪᠠᠭᠲᠠᠭᠠᠮᠵᠢᠲᠤ ᠴᠢᠨᠠᠷ ᠨᠢ ᠪᠡᠶ᠎ᠡ᠎ᠶᠢᠨ ᠲᠠᠮᠢᠷ᠎ᠢ ᠬᠠᠮᠲᠤ᠎ᠪᠠᠷ ᠪᠠᠶᠠᠵᠢᠬᠤ᠎ᠶᠢ ᠦᠢᠯᠡᠳᠦᠯᠭᠡᠵᠢᠭᠦᠯᠬᠦ ᠠᠶᠠᠨᠳᠠᠭᠠᠨ᠎ᠤ ᠠᠴᠢᠶᠠᠯᠠᠪᠤᠷᠢ ᠪᠤᠯᠭᠠᠪᠠ᠃ ᠦᠨᠳᠦᠰᠦᠲᠡᠨ᠂ ᠭᠠᠵᠠᠷ ᠣᠷᠣᠨ ᠪᠠ ᠪᠡᠶ᠎ᠡ᠎ᠶᠢᠨ ᠭᠠᠷᠤᠯ᠎ᠤᠨ ᠢᠯᠭᠠᠯ ᠦᠭᠡᠢ᠂ ᠡᠩ᠎ᠦᠨ ᠬᠥᠮᠥᠨ ᠨᠢᠭᠡ ᠪᠦᠷᠢ ᠴᠥᠮ ᠲᠠᠢᠰᠠᠨ᠎ᠤ ᠲᠥᠪ᠎ᠲᠦ ᠵᠣᠭᠰᠣᠬᠤ ᠵᠠᠪᠰᠢᠶᠠᠨ᠎ᠲᠠᠢ᠃ ᠠᠷᠠᠳ ᠲᠦᠮᠡᠨ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠦᠢᠯᠡᠰ ᠨᠢ ᠬᠠᠮᠲᠤ᠎ᠪᠠᠷ ᠪᠠᠶᠠᠵᠢᠬᠤ ᠰᠡᠳᠦᠪ᠎ᠦᠨ ᠳᠣᠲᠣᠷᠠᠬᠢ ᠤᠳᠬ᠎ᠠ ᠰᠠᠨᠠᠭ᠎ᠠ᠎ᠶᠢ ᠲᠤᠰᠬᠠᠵᠤ ᠪᠠᠢᠨ᠎ᠠ᠃

《ᠬᠤᠳᠠ᠎ᠶᠢᠨ ᠳᠡᠰ ᠡᠴᠡ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》᠂ 《ᠲᠣᠰᠬᠣᠨ᠎ᠤ ᠳᠡᠰ ᠡᠴᠡ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》ᠬᠦᠷ ᠬᠥᠭᠵᠢᠶᠡᠨ᠎ᠢᠶᠡᠷ ᠪᠢᠯᠬᠠᠵᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ ᠡᠪᠦᠯ᠎ᠦᠨ ᠠᠮᠢᠳᠤᠷᠠᠯ᠎ᠢ ᠪᠠᠶᠠᠯᠢᠭᠵᠢᠭᠤᠯᠪᠠ ᠁ ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠭᠠᠵᠠᠷ ᠪᠤᠯᠭᠠᠨ᠎ᠳᠦ ᠦᠷᠨᠢᠨ ᠳᠡᠯᠭᠡᠷᠡᠵᠦ ᠠᠮᠢᠵᠢᠷᠠᠯ᠎ᠤᠨ ᠬᠦᠴᠦᠨ᠎ᠢᠶᠡᠷ ᠪᠢᠯᠬᠠᠵᠠᠢ᠃

ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠳᠠᠭ ᠬᠥᠮᠥᠨ᠎ᠦ ᠲᠣᠭ᠎ᠠ᠎ᠶᠢᠨ ᠬᠠᠷᠢᠴᠠᠯ 38.52% ᠲᠦ᠍ ᠬᠦᠷᠴᠦ᠂ ᠤᠯᠤᠰ ᠠᠷᠠᠳ᠎ᠤᠨ ᠪᠡᠶ᠎ᠡ ᠮᠠᠬᠠᠪᠤᠳ᠎ᠢ ᠰᠢᠯᠭᠠᠨ ᠲᠣᠭᠲᠠᠭᠠᠬᠤ ᠪᠠᠷᠢᠮᠵᠢᠶ᠎ᠠ᠎ᠶᠢᠨ ᠬᠢᠷᠢ ᠲᠡᠩᠴᠡᠭᠰᠡᠨ᠎ᠡᠴᠡ ᠳᠡᠭᠡᠭᠰᠢᠬᠢ ᠬᠥᠮᠥᠨ᠎ᠦ ᠲᠣᠭ᠎ᠠ᠎ᠶᠢᠨ ᠬᠠᠷᠢᠴᠠᠯ 84.9% ᠪᠣᠯᠵᠤ ᠳᠡᠭᠡᠭᠰᠢᠯᠡᠪᠡ;2025 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠲᠤ ᠨᠡᠶ᠋ᠢᠲᠡ 500.37 ᠲᠦᠮᠡᠨ ᠪᠡᠶ᠎ᠡ᠎ᠶᠢᠨ ᠲᠠᠮᠢᠷ᠎ᠤᠨ ᠲᠠᠯᠠᠪᠠᠶ ᠪᠠᠢᠵᠤ᠂ 《15 ᠮᠢᠨᠦ᠋ᠲ᠎ᠦᠨ ᠪᠡᠶ᠎ᠡ ᠴᠢᠭᠢᠷᠠᠭᠵᠢᠭᠤᠯᠬᠤ ᠴᠠᠭᠠᠷᠢᠭ》 ᠢ᠋ ᠦᠨᠳᠦᠰᠦᠨ᠎ᠳᠡᠭᠡᠨ ᠪᠡᠶᠡᠯᠡᠭᠦᠯᠪᠡ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠥᠩ ᠰᠢᠮᠡᠯᠢᠭ ᠬᠥᠷᠥᠰᠥ ᠰᠢᠷᠣᠢ ᠨᠢ ᠪᠦᠬᠦ ᠠᠷᠠᠳ᠎ᠤᠨ ᠡᠷᠡᠭᠦᠯ ᠴᠢᠭᠢᠷᠠᠭ᠂ ᠬᠠᠮᠲᠤ ᠪᠠᠷ ᠪᠠᠶᠠᠵᠢᠬᠤ ᠪᠠᠲᠤ ᠰᠠᠭᠤᠷᠢ᠎ᠶᠢ ᠪᠡᠬᠢᠵᠢᠭᠦᠯᠪᠠ᠃

《ᠪᠢᠳᠡ ᠠᠷᠠᠳ ᠲᠦᠮᠡᠨ᠎ᠢᠶᠡᠷ ᠭᠣᠣᠯ ᠪᠣᠯᠭᠠᠭᠰᠠᠨ ᠪᠡᠶ᠎ᠡ᠎ᠶᠢᠨ ᠲᠠᠮᠢᠷ᠎ᠤᠨ ᠦᠢᠯᠡᠰ᠎ᠢ ᠦᠷᠭᠦᠯᠵᠢᠯᠡᠨ ᠶᠡᠬᠡ ᠪᠡᠷ ᠬᠥᠭᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠲᠡᠢᠰᠢ ᠲᠠᠰᠤᠷᠠᠯᠲᠠ ᠦᠭᠡᠢ ᠤᠷᠤᠭᠰᠢᠯᠠᠬᠤ ᠬᠡᠷᠡᠭᠲᠡᠢ》᠃ ᠶᠡᠷᠦᠩᠬᠡᠢ ᠱᠦᠵᠢ ᠰᠢ᠎ᠶᠢᠨ ᠫᠢᠩ᠎ᠤᠨ ᠬᠦᠰᠡᠯ ᠨᠠᠶ᠋ᠢᠳᠠᠯᠭ᠎ᠠ ᠬᠦᠨᠳᠤ ᠡᠴᠡ ᠬᠦᠨᠳᠤ᠃

ᠯᠢᠶᠣᠤᠨᠢᠩ᠂ ᠭᠢᠷᠢᠨ᠂ ᠬᠠᠷᠠᠮᠥ᠋ᠷᠡᠨ᠂ ᠥᠪᠥᠷ ᠮᠣᠩᠭᠣᠯ᠎ᠤᠨ ᠬᠠᠮᠲᠤᠷᠠᠨ ᠡᠷᠭᠢᠯᠡᠭᠰᠡᠨ《ᠵᠡᠭᠦᠨ ᠬᠣᠢᠲᠤ ᠤᠷᠤᠨ᠎ᠤ ᠳᠡᠰ ᠡᠴᠡ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》᠎ᠤ᠋ ᠲᠤᠰᠤᠬᠰᠠᠨ ᠣᠢᠷ᠎ᠠ᠎ᠶᠢᠨ ᠬᠤᠭᠤᠴᠠᠭᠠᠨ᠎ᠤ ᠲᠡᠮᠵᠢᠨ ᠳᠡᠳᠬᠦᠭᠰᠡᠨ ᠪᠦᠬᠦ ᠵᠤᠭᠤᠰ᠎ᠤᠨ ᠬᠡᠮᠵᠢᠶ᠎ᠡ ᠨᠢᠭᠡᠨᠲᠡ 6000 ᠲᠦᠮᠡᠨ ᠲᠥᠭᠥᠷᠢᠭ᠎ᠢ ᠳᠠᠪᠠᠪᠠ᠃ ᠤᠯᠤᠰ ᠳᠠᠶᠠᠭᠠᠷ ᠠᠯᠳᠠᠷᠰᠢᠭᠰᠠᠨ《ᠵᠢᠶᠠᠨᠭᠰᠦ ᠵᠢᠨ  ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》 ᠨᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠨᠠᠷᠠᠲᠤ ᠠᠵᠤ ᠠᠬᠤᠢᠯᠠᠯ᠎ᠤᠨ ᠲᠡᠮᠵᠢᠯᠬᠡ ᠵᠢ ᠣᠯᠬᠤ᠎ᠶᠢᠨ ᠬᠠᠮᠲᠤ ᠪᠠᠰᠠ ᠵᠢᠵᠢᠭ ᠪᠢᠴᠢᠯ ᠠᠵᠤ ᠠᠬᠤᠢᠯᠠᠯ᠎ᠳᠤ ᠬᠠᠨᠳᠤᠭᠤᠯᠵᠤ᠂ ᠬᠠᠮᠤᠭ᠎ᠤᠨ ᠶᠡᠬᠡ ᠲᠡᠮᠵᠢᠨ ᠳᠡᠳᠬᠦᠬᠦ ᠵᠠᠷᠤᠳᠠᠯ  5 ᠲᠦᠮᠡᠨ ᠲᠥᠭᠥᠷᠢᠭ᠎ᠡᠴᠡ ᠬᠡᠲᠦᠷᠡᠬᠦ ᠦᠭᠡᠢ ᠪᠠᠢᠬᠤ ᠰᠡᠳᠬᠢᠯ᠎ᠢ ᠳᠤᠯᠠᠭᠠᠴᠠᠭᠤᠯᠤᠭᠰᠠᠨ ᠲᠥᠷᠥ᠎ᠶᠢᠨ ᠪᠣᠳᠣᠯᠭ᠎ᠠ᠎ᠶᠢ ᠨᠡᠢᠳᠡᠯᠡᠪᠡ᠃

ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠪᠡᠶ᠎ᠡ᠎ᠶᠢᠨ ᠲᠠᠮᠢᠷ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠴᠢᠬᠤᠯᠠ ᠬᠣᠯᠪᠣᠭᠠᠰᠤ ᠮᠥᠨ᠃

ᠭᠦᠢᠵᠧᠦ᠎ᠶᠢᠨ《ᠲᠣᠰᠬᠣᠨ᠎ᠤ ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ  ᠤᠷᠤᠯᠳᠤᠭᠠᠨ》 ᠢ᠋ ᠡᠷᠬᠢᠯᠡᠬᠦ ᠭᠠᠵᠠᠷ ᠪᠤᠯᠤᠭᠰᠠᠨ ᠷᠦᠩᠵᠢᠶᠠᠩ᠎ᠤᠨ ᠬᠢᠲᠠᠳ᠂ ᠮᠢᠶᠣᠣ᠂ ᠳ᠋ᠦᠩ᠂ ᠱᠦᠢ᠂ ᠶᠣᠣ ᠵᠡᠷᠭᠡ ᠦᠶ᠎ᠡ ᠤᠯᠠᠷᠢᠨ ᠰᠠᠭᠤᠷᠢᠰᠢᠭ᠍ᠰᠠᠨ 17 ᠦᠨᠳᠦᠰᠦᠲᠡᠨ᠎ᠢ ᠴᠤᠭᠯᠠᠭᠤᠯᠵᠤ᠂ ᠳ᠋ᠦᠩ ᠦᠨᠳᠦᠰᠦᠲᠡᠨ᠎ᠦ ᠳᠠᠭᠤᠤ᠂ ᠮᠢᠶᠣᠣ ᠦᠨᠳᠦᠰᠦᠲᠡᠨ᠎ᠦ ᠬᠤᠯᠤᠰᠤᠨ ᠪᠢᠰᠬᠢᠭᠦᠷ᠎ᠦᠨ ᠪᠥᠵᠢᠭ᠎ᠢ ᠲᠣᠭᠯᠠᠵᠤ᠂ ᠦᠨᠳᠦᠰᠦᠲᠡᠨ᠎ᠦ ᠵᠠᠩ ᠦᠢᠯᠡ ᠪᠣᠯᠣᠨ ᠪᠡᠶ᠎ᠡ᠎ᠶᠢᠨ ᠲᠠᠮᠢᠷ᠎ᠤᠨ ᠣᠷᠭᠢᠯᠤᠮ᠎ᠠ ᠰᠡᠳᠬᠢᠯᠭᠡ ᠠᠭᠤᠰᠤᠯᠴᠠᠨ ᠤᠷᠮ᠎ᠠ ᠰᠡᠳᠬᠢᠯᠬᠡ ᠵᠢ ᠬᠦᠭᠵᠢᠬᠡᠪᠡ ; ᠥᠪᠥᠷ ᠮᠣᠩᠭᠣᠯ᠎ᠤᠨ 《ᠦᠪᠦᠷ ᠮᠤᠨᠭᠭᠤᠯ᠎ᠤᠨ ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》 ᠤ᠋ ᠲᠠᠯᠠᠪᠤᠷ᠎ᠲᠤ᠂ ᠠᠨᠳᠠᠢ ᠪᠥᠵᠢᠭ᠂ ᠬᠤᠯᠪᠤᠭ᠎ᠠ ᠵᠡᠷᠬᠡ ᠭᠣᠢᠳᠠ ᠰᠠᠢᠬᠠᠨ ᠲᠣᠭᠯᠠᠯᠲᠠ᠎ᠶᠢ ᠭᠠᠷᠭᠠᠵᠤ᠂ ᠬᠣᠷᠴᠢᠨ᠎ᠤ ᠰᠣᠶᠣᠯ ᠭᠡᠷᠡᠯ ᠭᠢᠯᠪᠠᠭ᠎ᠠ᠎ᠪᠠᠨ ᠰᠠᠴᠤᠷᠠᠭᠤᠯᠪᠠ;  ᠰᠢᠨᠵᠢᠶᠠᠩ᠎ᠤᠨ ᠡᠮᠡᠭᠲᠡᠢ᠎ᠶᠢᠨ ᠰᠠᠭᠰᠤᠨ ᠪᠥᠮᠪᠥᠭᠡ᠎ᠶᠢᠨ ᠠᠩᠭᠢ᠎ᠳᠤ ᠬᠢᠲᠠᠳ ᠦᠨᠳᠦᠰᠦᠲᠡᠨ᠂ ᠤᠢᠭᠤᠷ ᠦᠨᠳᠦᠰᠦᠲᠡᠨ᠂ ᠬᠣᠲᠣᠩ ᠦᠨᠳᠦᠰᠦᠲᠡᠨ ᠵᠡᠷᠭᠡ ᠤᠯᠠᠨ ᠦᠨᠳᠦᠰᠦᠲᠡᠨ᠎ᠦ ᠥᠬᠢᠳ ᠴᠤᠭᠯᠠᠷᠠᠵᠤ᠂ ᠤᠷᠤᠯᠳᠤᠭᠠᠨ᠎ᠤ ᠲᠠᠯᠠᠪᠤᠷ᠎ᠲᠤ ᠮᠥᠷᠥ ᠵᠡᠷᠭᠡᠴᠡᠨ ᠲᠡᠮᠡᠴᠡᠵᠦ᠂ ᠠᠮᠢᠳᠤᠷᠠᠯ ᠳᠤᠮᠳᠠ᠎ᠪᠠᠨ ᠲᠠᠨᠢᠯᠴᠠᠨ ᠲᠠᠰᠤᠯᠴᠠᠪᠠ᠃

ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ ᠲᠠᠮᠢᠷ᠎ᠤᠨ ᠬᠥᠳᠡᠯᠭᠡᠭᠡᠨ᠎ᠦ ᠳᠤᠮᠳᠠ ᠪᠠᠳᠠᠷᠠᠨ ᠳᠡᠯᠭᠡᠷᠡᠨ᠎ᠡ᠃ ᠪᠡᠶ᠎ᠡ᠎ᠶᠢᠨ ᠲᠠᠮᠢᠷ ᠨᠢ ᠦᠨᠳᠦᠰᠦᠲᠡᠨ᠎ᠨᠦᠭᠦᠳ᠎ᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠶᠢᠨ ᠬᠠᠮᠲᠤ ᠪᠠᠰᠠ ᠠᠵᠤ ᠠᠬᠤᠢ᠂ ᠨᠡᠢᠭᠡᠮ ᠪᠠ ᠰᠣᠶᠣᠯ᠎ᠳᠦ ᠠᠮᠢᠵᠢᠷᠠᠯ᠎ᠤᠨ ᠬᠦᠴᠦᠨ᠎ᠤᠯᠭᠤᠵᠤ᠂ ᠬᠠᠮᠲᠤ᠎ᠪᠠᠷ ᠪᠠᠶᠠᠵᠢᠬᠤ ᠬᠥᠭᠵᠢᠯᠲᠡ᠎ᠶᠢᠨ ᠦᠯᠢᠭᠡᠷ ᠭᠡᠪ᠎ᠢ ᠱᠤᠭᠤᠪᠠ᠃

ᠠᠵᠤ ᠠᠬᠤᠢ ᠬᠠᠮᠳᠤ ᠪᠡᠷ ᠬᠦᠭᠵᠢᠨ ᠮᠠᠨᠳᠤᠨ᠎ᠠ᠄ ᠠᠵᠤ ᠠᠬᠤᠢ᠎ᠶᠢᠨ ᠬᠥᠭᠵᠢᠯᠲᠡ᠎ᠳᠦ ᠪᠡᠶ᠎ᠡ᠎ᠶᠢᠨ ᠲᠠᠮᠢᠷ᠎ᠤᠨ ᠬᠥᠳᠡᠯᠭᠡᠬᠦ ᠬᠦᠴᠦᠨ ᠬᠠᠩᠭᠠᠪᠠ

ᠠᠳᠠᠯᠢ ᠪᠤᠰᠤ ᠭᠠᠵᠠᠷ ᠣᠷᠣᠨ᠎ᠲᠠᠢ ᠬᠣᠯᠪᠤᠭᠠᠯᠠᠨ ᠬᠥᠳᠡᠯᠦᠯᠴᠡᠵᠦ᠂ ᠥᠷᠭᠡᠨ ᠤᠯᠠᠨ ᠬᠥᠮᠥᠰ᠎ᠲᠦ ᠠᠰᠢᠭ᠋ ᠬᠦᠷᠲᠡᠭᠡᠵᠦ᠂ ᠤᠯᠠᠨ ᠵᠦᠢᠯ᠎ᠦᠨ ᠡᠵᠡᠩᠨᠡᠯᠲᠡ᠎ᠶᠢᠨ ᠬᠡᠯᠪᠡᠷᠢ᠎ᠶᠢ ᠠᠭᠤᠰᠤᠯᠴᠠᠭᠤᠯᠤᠭᠰᠠᠨ᠎ᠢᠶᠠᠷ᠂ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠠᠵᠤ ᠠᠬᠤᠢ ᠣᠢᠷ᠎ᠠ᠎ᠶᠢᠨ ᠵᠢᠯ᠎ᠳᠦ ᠲᠦᠷᠬᠡᠨ ᠬᠥᠭᠵᠢᠪᠠ᠃

《ᠤᠯᠠᠨ ᠲᠦᠮᠡᠨᠴᠢ ᠪᠡᠶ᠎ᠡ᠎ᠶᠢᠨ ᠲᠠᠮᠢᠷ᠂ ᠤᠷᠤᠯᠳᠤᠭᠠᠨ᠎ᠤ ᠪᠡᠶ᠎ᠡ᠎ᠶᠢᠨ ᠲᠠᠮᠢᠷ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠬᠡᠷᠡᠭᠳᠡᠢ》᠂《ᠮᠦᠰᠦ ᠴᠠᠰᠤᠨ᠎ᠤ ᠶᠢᠷᠲᠢᠨᠴᠦ ᠴᠦ᠍ ᠠᠯᠲᠠᠨ ᠠᠭᠤᠯᠠ ᠮᠥᠩᠭᠥᠨ ᠬᠠᠢᠷᠬᠠᠨ ᠮᠦᠨ》᠁ ᠶᠡᠷᠦᠩᠬᠡᠢ ᠱᠦᠵᠢ ᠰᠢ᠎ᠶᠢᠨ ᠫᠢᠩ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠠᠤᠭ᠎ᠠ ᠲᠥᠰᠥᠪ᠎ᠢ ᠵᠢᠷᠤᠭᠯᠠᠪᠠ᠃

ᠲᠣᠮᠣ᠌ ᠬᠡᠯᠪᠡᠷᠢ᠎ᠶᠢᠨ ᠤᠷᠤᠯᠳᠤᠭᠠᠨ᠎ᠡᠴᠡ ᠬᠣᠲᠠ᠎ᠶᠢᠨ ᠬᠠᠮᠳᠤᠷᠠᠬᠰᠠᠨ ᠤᠷᠤᠯᠳᠤᠭᠠᠨ ᠬᠦᠷᠲᠡᠯ᠎ᠡ᠂ ᠪᠡᠶ᠎ᠡ ᠵᠢᠨ ᠲᠠᠮᠢᠷ ᠨᠢ ᠣᠷᠣᠨ ᠪᠦᠰᠡ᠎ᠶᠢᠨ ᠬᠠᠮᠵᠢᠯᠴᠠᠭᠠᠨ᠎ᠤ ᠰᠢᠨ᠎ᠡ ᠠᠷᠭ᠎ᠠ ᠵᠠᠮ ᠪᠣᠯᠵᠤ᠂ ᠮᠤᠵᠢ ᠣᠷᠣᠨ᠂ ᠣᠷᠣᠨ ᠪᠦᠰᠡ᠎ᠶᠢᠨ ᠠᠵᠤ ᠠᠬᠤᠢ᠎ᠶᠢᠨ ᠪᠦᠬᠦᠯᠢ ᠴᠣᠭᠴᠠ᠎ᠶᠢᠨ ᠬᠥᠭᠵᠢᠯᠲᠡ᠎ᠶᠢ ᠳᠠᠶ᠋ᠢᠴᠢᠯᠠᠪᠠ᠃

ᠭᠤᠷᠪᠠᠨ ᠮᠤᠵᠢ ᠨᠢᠭᠡ ᠣᠷᠣᠨ ᠨᠠᠢ᠍ᠮᠠᠨ ᠬᠤᠳᠠ᠎ᠶᠢᠨ ᠬᠣᠯᠪᠤᠭᠠᠯᠠᠨ ᠬᠥᠳᠡᠯᠦᠯᠴᠡᠭᠰᠡᠨ《ᠵᠡᠭᠦᠨ ᠬᠣᠢᠲᠤ ᠣᠷᠣᠨ᠎ᠤ ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》 ᠨᠢ ᠠᠭᠤᠯᠠ ᠤᠰᠤ ᠵᠢ ᠨᠡᠢᠯᠡᠭᠦᠯᠦᠨ ᠬᠤᠯᠪᠤᠪᠠ᠃ 《ᠨᠢᠭᠡ ᠲᠠᠯᠠᠪᠤᠷ ᠬᠦᠯ ᠪᠥᠮᠪᠥᠭᠡ ᠵᠢᠨ ᠤᠷᠤᠯᠳᠤᠭᠠᠨ ᠵᠢᠡᠷ ᠨᠠᠢ᠍ᠮᠠᠨ ᠬᠣᠲᠠ᠎ᠶᠢᠨ ᠬᠥᠮᠥᠰ᠎ᠦᠨ ᠰᠡᠳᠬᠢᠯ᠎ᠢ ᠨᠢᠭᠡᠳᠬᠡᠵᠤ᠂ ᠪᠦᠬᠦᠶ᠋ᠢᠯᠡ ᠵᠡᠭᠦᠨ ᠬᠣᠢᠲᠤ ᠣᠷᠣᠨ᠎ᠤ ᠳᠦᠷᠢ ᠲᠥᠷᠬᠦ᠎ᠶᠢ ᠭᠡᠷᠡᠯᠲᠦᠭᠦᠯᠵᠡᠢ》 ᠭᠡᠵᠦ ᠮᠦᠭᠳᠡᠨ ᠬᠤᠳᠠ᠎ᠶᠢᠨ ᠨᠠᠮ᠎ᠤᠨ ᠬᠣᠷᠢᠶ᠎ᠡ ᠵᠢᠨ ᠳᠡᠳ᠋ ᠱᠦᠵᠢ ᠯᠢ ᠫᠸᠩ ᠢᠦᠢ ᠬᠡᠯᠡᠪᠡ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠪᠠ;ᠭᠤᠸᠠᠩᠳᠦ᠋ᠩ ᠱᠢᠶᠠᠩᠭᠠᠩ ᠣᠣᠮᠧᠨ᠎ᠦ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠨᠢ ᠲᠤᠮᠤ ᠪᠤᠯᠤᠩ᠎ᠤᠨ ᠣᠷᠣᠨ᠎ᠳᠤ ᠠᠭᠤᠰᠤᠯᠴᠠᠨ ᠬᠠᠮᠲᠤ᠎ᠪᠠᠷ ᠤᠷᠤᠭ᠍ᠰᠢᠯᠠᠬᠤ ᠠᠮᠢᠵᠢᠷᠠᠯ᠎ᠤᠨ ᠬᠦᠴᠦᠨ᠎ᠢ ᠨᠡᠮᠡᠷᠢᠯᠡᠪᠡ ᠁

ᠤᠷᠤᠯᠳᠤᠭᠠᠨ᠎ᠤ 《ᠤᠷᠤᠰᠴᠠ》 ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ 《ᠨᠡᠮᠡᠭ᠌ᠳᠡᠯ》 ᠪᠤᠯᠬᠤᠶ᠎ᠠ᠂ ᠬᠠᠮᠲᠤ᠎ᠪᠠᠷ ᠪᠠᠶᠠᠵᠢᠬᠤ ᠨᠤᠳᠤᠭ ᠳᠡᠪᠢᠰᠬᠡᠷ ᠳᠡᠭᠡᠷ᠎ᠡ ᠢᠵᠢᠯ ᠲᠥᠪᠲᠦ ᠲᠣᠭᠣᠷᠢᠭ᠎ᠢ ᠤᠯᠠᠮ ᠳᠤᠮᠤ ᠪᠤᠯᠭᠠᠨ ᠵᠢᠷᠤᠭᠯᠠᠨ᠎ᠠ᠃

ᠬᠦᠳᠡᠭᠡ ᠳᠤᠰᠬᠤᠨ ᠲᠠᠷᠢᠶᠠᠨ ᠦᠵᠦᠬᠦᠷ ᠡᠴᠡ ᠠᠭᠤᠯᠠ ᠤᠰᠤ ᠨᠠᠭᠤᠷ ᠪᠦᠷᠢᠳᠦ ᠬᠦᠷᠲᠡᠯ᠎ᠡ᠂ ᠪᠡᠶ᠎ᠡ᠎ᠶ᠋ᠢᠨ ᠲᠠᠮᠢᠷ ᠨᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠪᠴᠠᠩ ᠪᠤᠯᠵᠤ᠂ ᠥᠷᠭᠡᠨ ᠤᠯᠠᠨ ᠲᠠᠷᠢᠶᠠᠴᠢᠳ᠎ᠤᠨ ᠰᠠᠢ᠌ᠨ ᠰᠠᠢᠬᠠᠨ ᠠᠮᠢᠳᠤᠷᠠᠯ᠎ᠢᠶᠠᠨ ᠴᠣᠭ᠍ᠴᠠᠯᠠᠬᠤ᠎ᠶ᠋ᠢ ᠠᠬᠢᠭᠤᠯᠪᠠ᠃

ᠭᠦᠶ᠋ᠵᠧᠦ᠎ᠶ᠋ᠢᠨ ᠠᠭᠤᠯᠠᠷᠬᠠᠭ ᠣᠷᠣᠨ᠎ᠳᠤ᠂《ᠲᠣᠰᠭᠣᠨ ᠤ᠋ ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》᠂《ᠲᠣᠰᠭᠣᠨ ᠤ᠋ ᠰᠠᠭᠰᠤᠨ ᠪᠦᠮᠪᠦᠭᠡ᠎ᠶᠢᠨ ᠤᠷᠤᠯᠳᠤᠭᠠᠨ》 ᠵᠡᠷᠭᠡ ᠤᠷᠤᠯᠳᠤᠭᠠᠨ᠎ᠨᠢ ᠣᠷᠣᠨ ᠨᠤᠲᠤᠭ᠎ᠤᠨ ᠢᠳᠡᠭᠡᠨ ᠤᠮᠳᠠᠭᠠᠨ᠂ ᠬᠣᠨᠣᠭ ᠪᠠᠭᠤᠳᠠᠯ᠂ ᠰᠣᠶᠣᠯ᠎ᠤᠨ ᠪᠦᠳᠦᠬᠡᠯᠴᠢ ᠦᠢᠯᠡᠳᠬᠦᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ ᠵᠡᠷᠭᠡ ᠪᠥᠬᠥ᠌ ᠬᠡᠯᠬᠢᠶᠡᠨ᠎ᠦ ᠬᠡᠷᠡᠭ᠌ᠯᠡᠭᠡ᠎ᠶ᠋ᠢ ᠳᠠᠢᠴᠢᠯᠠᠪᠠ; ᠪᠠᠷᠠᠭᠤᠨ ᠬᠣᠢᠲᠤ᠎ᠶ᠋ᠢᠨ ᠬᠢᠯᠢ ᠬᠢᠵᠠᠭᠠᠷ᠂ ᠠᠭᠯᠠᠭ ᠠᠭᠤᠯᠠ᠎ᠶ᠋ᠢᠨ ᠭᠦᠨ᠎ᠳᠡᠬᠢ ᠱᠢᠨᠵᠢᠶᠠᠩ᠎ᠤᠨ ᠾᠧ ᠮᠥ᠍ ᠲᠣᠰᠭᠣᠨ ᠤ᠋ ᠡᠬᠢ ᠪᠠᠶᠠᠯᠢᠭ᠎ᠢᠶᠠᠷ ᠳᠠᠪᠠᠭᠤᠯᠢᠭ ᠴᠡᠨᠡᠯᠡᠯᠳᠡ᠎ᠶᠢᠨ ᠲᠠᠯᠠᠪᠠᠶ ᠨᠢ ᠳᠡᠯᠡᠬᠡᠶ᠎ᠶ᠋ᠢᠨ ᠡᠯ᠎ᠡ ᠭᠠᠵᠠᠷ᠎ᠤᠨ ᠴᠡᠨᠡᠯᠡᠯᠳᠡ᠎ᠶᠢᠨ ᠪᠠᠬᠠᠳᠠᠳ᠎ᠤᠨ ᠠᠩᠬᠠᠷᠤᠯ᠎ᠢ ᠳᠠᠳᠠᠪᠠ᠃

ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ ᠾᠧᠪᠧᠶ᠂ ᠵᠢᠶᠠᠩᠰᠦ᠂ ᠵᠧᠵᠢᠶᠠᠩ ᠵᠡᠷᠭᠡ ᠭᠠᠵᠠᠷ᠎ᠲᠤ ᠤᠷᠤᠯᠳᠤᠭᠠᠨ᠎ᠤ ᠠᠵᠢᠯᠯᠠᠭ᠎ᠠ᠎ᠪᠠᠷ ᠬᠡᠷᠡᠭ᠌ᠯᠡᠭᠡ᠎ᠶ᠋ᠢ ᠳᠠᠢᠴᠢᠯᠠᠬᠤ ᠵᠢ ᠬᠢᠨᠠᠨ ᠬᠡᠮᠵᠢᠬᠦ᠌ ᠲᠤᠷᠱᠢᠯᠲᠠ ᠵᠢᠨ ᠴᠡᠭ᠎ᠢ ᠥᠷᠨᠢᠭᠦᠯᠪᠡ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2025 ᠣᠨ᠎ᠤ ᠳᠡᠭᠡᠷ᠎ᠡ ᠬᠠᠭᠠᠰ ᠵᠢᠯ᠎ᠳᠦ᠂ 7 ᠲᠤᠷᠱᠢᠯᠲᠠ᠎ᠶ᠋ᠢᠨ ᠴᠡᠭ ᠪᠤᠯᠤᠬᠰᠠᠨ ᠮᠤᠵᠢ ᠣᠷᠣᠨ᠎ᠳᠦ ᠬᠢᠨᠠᠨ ᠬᠡᠮᠵᠢᠭ᠌ᠰᠡᠨ 511 ᠲᠠᠯᠠᠪᠤᠷ ᠭᠤᠤᠯᠳᠠᠯᠭ᠎ᠠ᠎ᠲᠠᠶ ᠤᠷᠤᠯᠳᠤᠭᠠᠨ᠎ᠤ ᠠᠵᠢᠯᠯᠠᠭ᠎ᠠ᠎ᠨᠢ ᠪᠡᠶ᠎ᠡ᠎ᠶ᠋ᠢᠨ ᠲᠠᠮᠢᠷ ᠵᠢᠴᠢ ᠬᠠᠮᠢᠶ᠎ᠠ ᠪᠥᠬᠥᠶ ᠬᠡᠷᠡᠭ᠌ᠯᠡᠭᠡ᠎ᠶ᠋ᠢ 160 ᠳ᠋ᠦᠩᠱᠢᠭᠤᠷ ᠲᠥᠭᠥᠷᠢᠭ ᠳᠠᠢᠴᠢᠯᠠᠵᠤ᠂ ᠲᠠᠯᠠᠪᠤᠷ ᠳᠤᠮᠳᠠᠴᠢ᠎ᠪᠠᠷ 3000  ᠭᠠᠷᠤᠢ ᠲᠦᠮᠡᠨ ᠲᠥᠭᠥᠷᠢᠭ᠎ᠤᠨ ᠬᠡᠷᠡᠭᠯᠡᠭᠡ ᠵᠢ ᠳᠠᠢᠴᠢᠯᠠᠵᠠᠢ᠃

2025 ᠣᠨ ᠪᠣᠯᠬᠤ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ 《ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡ ᠵᠢᠨ ᠳᠠᠯᠳᠠ ᠬᠦᠴᠦᠨ᠎ᠢ ᠪᠠᠳᠠᠷᠠᠭᠤᠯᠵᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ》 ᠢ᠋ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠵᠦ᠍᠂ ᠶᠡᠷᠦᠩᠬᠡᠶ ᠬᠡᠪᠴᠢᠶ᠎ᠡ᠎ᠶ᠋ᠢ 7 ᠲᠦᠮᠡᠨ ᠳ᠋ᠦᠩᠱᠢᠭᠤᠷ ᠲᠥᠭᠥᠷᠢᠭ᠎ᠡᠴᠡ ᠳᠠᠪᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ᠎ᠳᠤ ᠴᠢᠬᠤᠯᠠ ᠦᠢᠯᠡᠳᠦᠯ ᠦᠵᠡᠭᠦᠯᠦᠨ᠎ᠡ ᠬᠡᠵᠦ ᠳᠤᠷᠠᠳᠪᠠ᠃

ᠤᠶᠤᠨ ᠰᠠᠨᠠᠭᠠᠨ᠎ᠤ ᠲᠠᠯ᠎ᠠ ᠪᠡᠷ ᠬᠠᠮᠲᠤ᠎ᠪᠠᠷ ᠪᠠᠶᠠᠵᠢᠨ᠎ᠠ᠄ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠤᠶᠤᠨ ᠰᠠᠨᠠᠭᠠᠨ᠎ᠤ ᠬᠦᠴᠦᠨ ᠨᠡᠮᠡᠷᠢᠯᠡᠪᠠ

《ᠬᠠᠮᠲᠤ᠎ᠪᠠᠷ ᠪᠠᠶᠠᠵᠢᠬᠤ ᠪᠣᠯ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠮᠥᠨ᠂ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ ᠴᠥᠮ ᠪᠠᠶᠠᠨ ᠴᠢᠨᠡᠭᠡᠯᠢᠭ ᠪᠣᠯᠬᠤ ᠶᠠᠪᠤᠳᠠᠯ ᠮᠦᠨ》 ᠭᠡᠵᠦ᠍ ᠶᠡᠷᠦᠩᠬᠡᠢ ᠱᠦᠵᠢ ᠰᠢ ᠵᠢᠨ ᠫᠢᠩ ᠭᠦᠨᠵᠡᠭᠡᠢ ᠵᠢᠭᠠᠵᠤ ᠭᠠᠷᠭᠠᠪᠠ᠃

ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠪᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠨᠢ ᠳᠡᠭᠡᠳᠦ ᠬᠡᠮᠵᠢᠶᠡᠨ᠎ᠦ ᠨᠢᠭᠡᠳᠦᠯ ᠳᠡᠢ᠃ ᠪᠣᠳᠠᠰ᠎ᠤᠨ ᠠᠮᠢᠳᠤᠷᠠᠯ ᠡᠳᠦᠷ ᠢᠷᠡᠬᠦᠶ᠎ᠡ ᠡᠯᠪᠡᠭ ᠪᠣᠯᠬᠤ ᠦᠶ᠎ᠡ᠎ᠳᠦ᠂ ᠠᠷᠠᠳ ᠤᠯᠠᠨ᠎ᠤ ᠤᠶᠤᠨ ᠰᠠᠨᠠᠭᠠᠨ᠎ᠤ ᠶᠢᠷᠲᠢᠨᠴᠦ᠍᠎ᠶ᠋ᠢ ᠬᠡᠷᠬᠢᠨ ᠨᠡᠩ ᠪᠠᠶᠠᠯᠢᠭ ᠪᠣᠯᠭᠠᠬᠤ ᠨᠢ ᠱᠢᠨ᠎ᠡ ᠴᠠᠭ ᠦᠶ᠎ᠡ᠎ᠶ᠋ᠢᠨ ᠱᠢᠨ᠎ᠡ ᠰᠡᠳᠦᠪ ᠪᠣᠯᠵᠠᠢ᠃ ᠪᠡᠶ᠎ᠡ᠎ᠶ᠋ᠢᠨ ᠲᠠᠮᠢᠷ ᠶᠠᠭ ᠡᠭᠦᠨ ᠤ᠋ ᠳᠤᠬᠠᠢ ᠥᠪᠡᠷ᠎ᠦᠨ ᠬᠠᠷᠢᠭᠤᠯᠲᠠ ᠦᠭᠴᠦ ᠪᠠᠢᠨ᠎ᠠ᠃

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠬᠠᠷᠠᠮᠥ᠋ᠷᠡᠨ᠎ᠦ ᠶᠠᠪᠯᠢ᠎ᠳᠤ ᠭᠤᠸᠠᠩᠳᠦ᠋ᠩ ᠡᠴᠡ ᠬᠦᠷᠦᠯᠴᠡᠨ ᠢᠷᠡᠭᠰᠡᠨ ᠶᠠᠩ ᠰᠦᠩ ᠠᠪᠤᠭᠠᠢ ᠬᠡᠷᠭᠡᠢ᠎ᠲᠡᠶ᠎ᠪᠡᠨ ᠴᠠᠨᠠᠯᠠᠯᠲᠠ᠎ᠶ᠋ᠢᠨ ᠪᠠᠶᠠᠷ ᠪᠠᠬᠠᠳᠤᠯ᠎ᠢ ᠡᠳ᠋ᠯᠡᠵᠡᠶ᠃《ᠡᠪᠦᠯ ᠪᠣᠯᠭᠠᠨ ᠵᠡᠭᠦᠨ ᠬᠣᠢᠲᠤ ᠣᠷᠣᠨ᠎ᠳᠤ ᠢᠷᠡᠵᠦ ᠴᠠᠨᠠᠯᠠᠨ᠂ ᠴᠠᠰᠤ ᠰᠤᠨᠢᠷᠬᠠᠨ᠎ᠠ᠂ ᠡᠨᠡ ᠪᠤᠯ ᠳᠠᠷᠤᠢ ᠰᠠᠢᠨ ᠰᠠᠢᠬᠠᠨ ᠠᠮᠢᠳᠤᠷᠠᠯ ᠰᠢᠤ᠎ᠳᠠ!》ᠭᠡᠵᠦ ᠶᠠᠩ ᠰᠦᠩ ᠢᠨᠢᠶᠡᠮᠰᠦᠭ᠌ᠯᠡᠨ ᠬᠡᠯᠡᠪᠡ᠃

ᠬᠥᠯ ᠪᠥᠮᠪᠥᠭᠡ᠂ ᠠᠮᠲᠠᠲᠤ ᠢᠳᠡᠭᠡᠨ᠂ ᠬᠥᠭ᠌ᠵᠢᠮ᠂ ᠬᠤᠪᠴᠠᠰᠤ ᠵᠠᠰᠠᠯ᠎ᠢᠶᠠᠨ ᠠᠪᠤᠭᠠᠳ᠁ ᠭᠦᠶ᠋ᠵᠧᠦ᠎ᠶ᠋ᠢᠨ《ᠲᠣᠰᠭᠣᠨ ᠤ᠋ ᠳᠡᠰ᠎ᠡᠴᠨ ᠲᠠᠪᠠᠬᠰᠠᠨ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ》 ᠪᠣᠯᠬᠤ ᠪᠦᠷᠢ᠂ ᠡᠷᠡᠭ᠌ᠲᠡᠶ ᠡᠮᠡᠭ᠌ᠲᠡᠶ ᠬᠥᠭ᠌ᠰᠢᠨ ᠵᠠᠯᠠᠭᠤ ᠪᠦᠭᠦᠳᠡᠭᠡᠷ᠎ᠢᠶᠡᠨ ᠨᠤᠮᠢᠨ ᠨᠣᠭᠣᠭᠠᠨ ᠲᠠᠯᠠᠪᠠᠢ᠎ᠳᠤ ᠴᠤᠭ᠍ᠯᠠᠷᠠᠵᠤ᠂ ᠤᠷᠤᠯᠳᠤᠭᠠᠨ ᠪᠠ ᠲᠣᠭ᠍ᠯᠠᠯᠲᠠ ᠳᠤᠮᠳᠠ ᠠᠮᠢᠵᠢᠷᠠᠯ᠎ᠤᠨ ᠬᠦᠴᠦᠨ ᠪᠠ ᠤᠷᠬᠢᠯᠤᠮ᠎ᠠ ᠰᠡᠳᠭᠢᠯᠭᠡ᠎ᠪᠡᠨ ᠭᠦᠶ᠋ᠴᠡᠳ ᠪᠠᠳᠠᠷᠠᠭᠤᠯᠤᠨ᠎ᠠ᠃ ᠪᠦᠬᠦ᠌ ᠠᠷᠠᠳ᠎ᠢᠶᠠᠷ᠎ᠢᠶᠠᠨ ᠣᠷᠣᠯᠴᠠᠵᠤ᠂ ᠨᠠᠰᠤᠲᠠᠨ ᠵᠠᠯᠠᠭᠤ ᠬᠠᠮᠲᠤ᠎ᠪᠠᠷ ᠵᠢᠷᠭᠠᠵᠤ᠂ 《 ᠪᠥᠮᠪᠥᠭᠡᠨ ᠲᠠᠯᠠᠪᠠᠢ᠎ᠳᠤ ᠪᠠᠶᠠᠷ ᠪᠠᠶᠠᠰᠤᠯ᠎ᠢ  ᠡᠳ᠋ᠯᠡᠵᠦ ᠂ ᠬᠥᠳᠡᠯᠭᠡᠭᠡᠨ᠎ᠦ ᠳᠤᠮᠳᠠ ᠰᠠᠢᠨ ᠰᠠᠢᠬᠠᠨ᠎ᠢ  ᠢᠯᠡᠷᠡᠭᠦᠯᠬᠦ᠌ 》 ᠶ᠋ᠢ  ᠦᠨᠡᠨ ᠬᠦ᠌  ᠪᠡᠶᠡᠯᠡᠭᠦᠯᠪᠡ ᠃

ᠨᠠᠩ ᠥᠷᠭᠡᠨ ᠬᠠᠷᠠᠭᠠᠰᠤ ᠡᠴᠡ ᠠᠪᠴᠤ᠌ ᠬᠡᠯᠡᠪᠡᠯ᠂ ᠪᠡᠶ᠎ᠡ᠎ᠶ᠋ᠢᠨ ᠲᠠᠮᠢᠷ ᠨᠢ ᠨᠠᠩ ᠠᠯᠤᠰ ᠬᠡᠲᠦ᠍᠎ᠶ᠋ᠢᠨ ᠣᠶᠤᠨ ᠰᠠᠨᠠᠭᠠᠨ᠎ᠤ ᠠᠴᠢ ᠬᠣᠯᠪᠣᠭ᠍ᠳᠠᠯ᠎ᠲᠠᠶ ᠶᠤᠮ᠃

ᠱᠢᠨ᠎ᠡ ᠴᠠᠭ ᠦᠶ᠎ᠡ᠎ᠳᠦ᠂ 《ᠡᠬᠡ ᠤᠯᠤᠰ᠎ᠲᠠᠭᠠᠨ ᠢᠷᠠᠭᠤ ᠠᠯᠳᠠᠷ᠎ᠢ ᠲᠡᠮᠡᠴᠡᠨ ᠤᠯᠬᠤ᠂ ᠬᠠᠷᠠᠮ ᠦᠭᠡᠢ ᠵᠣᠷᠢᠭᠤᠯᠬᠤ᠂ ᠱᠢᠨᠵᠢᠯᠡᠬᠦ᠌ ᠤᠬᠠᠭᠠᠨᠴᠢ ᠦᠨᠡᠨ᠎ᠢ ᠪᠠᠷᠢᠮᠲᠠᠯᠠᠬᠤ᠂ ᠰᠠᠬᠢᠯᠭ᠎ᠠ ᠪᠠᠲᠤ ᠵᠢ ᠰᠠᠬᠢᠵᠤ ᠬᠠᠤᠯᠢ ᠶ᠋ᠢ ᠵᠢᠷᠤᠮᠯᠠᠬᠤ᠂ ᠪᠦᠯᠬᠦᠮᠳᠡᠨ ᠬᠠᠮᠵᠢᠯᠴᠠᠬᠤ᠂ ᠡᠷᠡᠯᠬᠡᠭ᠌ᠯᠡᠨ ᠲᠡᠮᠡᠴᠡᠬᠦ》 ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠂ 《ᠡᠬᠡ ᠤᠯᠤᠰ᠎ᠢᠶᠠᠨ ᠳᠡᠭᠡᠳᠦᠯᠡᠬᠦ᠌᠂ ᠪᠦᠯᠬᠦᠮᠳᠡᠨ ᠬᠠᠮᠵᠢᠯᠴᠠᠬᠤ᠂ ᠨᠤᠭᠤᠷᠠᠰᠢ ᠦᠭᠡᠢ ᠲᠡᠮᠡᠴᠡᠬᠦ᠌᠂ ᠡᠭᠦᠷᠢᠳᠡ ᠵᠤᠷᠢᠭ ᠮᠤᠬᠤᠬᠤ ᠦᠭᠡᠢ》 ᠱᠢᠨ᠎ᠡ ᠴᠠᠭ ᠦᠶ᠎ᠡ᠎ᠶ᠋ᠢᠨ ᠡᠮᠡᠭ᠌ᠲᠡᠢ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠬᠢ᠎ᠶ᠋ᠢᠨ ᠵᠣᠷᠢᠭ ᠰᠠᠨᠠᠭ᠎ᠠ ᠵᠢᠴᠢ 《ᠬᠡᠭᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶ᠋ᠢ ᠪᠠᠭ᠍ᠲᠠᠭᠠᠬᠤ᠂ ᠢᠲᠡᠭᠡᠯ ᠲᠡᠭᠦᠯᠳᠡᠷ᠎ᠢᠶᠡᠷ ᠨᠡᠭᠡᠭᠡᠯᠳᠠ ᠬᠢᠬᠦ᠂ ᠬᠦᠴᠢᠷ᠎ᠢ ᠰᠦᠷᠦᠨ ᠤᠷᠤᠭ᠍ᠰᠢᠯᠠᠬᠤ᠂ ᠭᠠᠷᠮᠠᠭᠠᠢ ᠠᠮᠵᠢᠯᠲᠠ᠎ᠶ᠋ᠢ ᠬᠥᠭᠡᠭᠡᠴᠡᠯᠳᠦᠬᠦ᠂ ᠢᠷᠡᠭᠡᠳᠦᠢ᠎ᠪᠡᠨ ᠬᠠᠮᠲᠤ᠎ᠪᠠᠷ ᠴᠣᠭ᠍ᠴᠠᠯᠠᠬᠤ》 ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ ᠵᠡᠷᠭᠡ ᠨᠢ ᠨᠡᠩ ᠪᠣᠰᠣᠭ᠎ᠠ ᠴᠣᠭ᠍ᠴᠠᠲᠤ᠂ ᠤᠯᠠᠨ ᠬᠠᠷᠠᠭᠠᠰᠤ ᠪᠦᠬᠦᠢ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭᠠᠨ᠎ᠤ ᠱᠢᠰᠲᠸᠮ᠎ᠢ ᠪᠦᠷᠢᠯᠳᠦᠭᠦᠯᠵᠦ᠍᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠬᠦᠨ ᠮᠠᠨᠳᠤᠯᠳᠠ᠎ᠳᠦ  ᠤᠶᠤᠨ ᠰᠠᠨᠠᠭᠠᠨ᠎ᠤ  ᠬᠦᠴᠦᠨ ᠴᠢᠳᠠᠯ  ᠨᠡᠮᠡᠷᠢᠯᠡᠪᠡ ᠃

ᠶᠡᠷᠦᠩᠬᠡᠢ ᠱᠦᠵᠢ ᠰᠢ ᠵᠢᠨ ᠫᠢᠩ᠄《ᠪᠢᠳᠠ ᠬᠠᠮᠲᠤ᠎ᠪᠠᠷ ᠪᠠᠶᠠᠵᠢᠬᠤ᠎ᠪᠡᠷ ᠴᠢᠷᠮᠠᠢᠵᠤ᠂ ᠳᠤᠮᠳᠠᠳᠤ ᠤᠯᠤᠰ᠎ᠤᠨ ᠬᠥᠮᠦᠨ ᠨᠢᠭᠡ ᠪᠦᠷᠢ᠎ᠶ᠋ᠢ ᠰᠠᠢ᠌ᠨ ᠰᠠᠢᠬᠠᠨ ᠠᠮᠢᠳᠤᠷᠠᠭᠤᠯᠬᠤ ᠬᠡᠷᠡᠭ᠌ᠲᠡᠢ᠂ ᠶᠠᠳᠠᠭᠤ ᠡᠴᠡ ᠠᠩᠭᠢᠵᠢᠷᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠬᠦᠰᠡᠯ ᠵᠡᠭᠦᠳᠦ ᠮᠥᠨ᠂ ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠮᠥᠨ》 ᠭᠡᠵᠦ᠍ ᠬᠡᠯᠡᠪᠡ᠃

ᠪᠡᠶ᠎ᠡ᠎ᠶ᠋ᠢᠨ ᠲᠠᠮᠢᠷ ᠨᠢ ᠤᠯᠤᠰ ᠣᠷᠣᠨ᠎ᠤ ᠬᠦᠴᠦᠷᠬᠡᠭ᠌ᠵᠢᠯ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠶ᠋ᠢ ᠠᠴᠢᠶᠠᠯᠠᠵᠤ ᠪᠠᠢᠳᠠᠭ᠃ ᠱᠢᠨ᠎ᠡ ᠴᠠᠭ ᠦᠶ᠎ᠡ᠎ᠳᠦ᠂ ᠪᠡᠶ᠎ᠡ᠎ᠶ᠋ᠢᠨ ᠲᠠᠮᠢᠷ ᠨᠢ ᠥᠪᠡᠷᠮᠢᠴᠡ ᠤᠯᠠᠨ ᠡᠱᠢᠲᠦ ᠴᠢᠳᠠᠮᠵᠢ ᠪᠣᠯᠤᠨ ᠶᠡᠷᠦᠩᠬᠡᠢᠯᠡᠭ᠌ᠰᠡᠨ ᠦᠷᠳᠡᠭ᠎ᠢᠶᠡᠷ᠎ᠢᠶᠡᠨ ᠱᠢᠨ᠎ᠡ ᠡᠭᠦᠷᠭᠡ᠎ᠶ᠋ᠢ ᠡᠭᠦᠷᠭᠡᠯᠡᠵᠦ᠍ ᠪᠤᠢ᠃ ᠪᠡᠶ᠎ᠡ᠎ᠶ᠋ᠢᠨ ᠲᠠᠮᠢᠷ᠎ᠤᠨ《ᠤᠷᠤᠯᠳᠤᠭᠠᠨ᠎ᠤ ᠵᠠᠮ》 ᠨᠢ ᠬᠠᠮᠲᠤ᠎ᠪᠠᠷ ᠪᠠᠶᠠᠵᠢᠬᠤ᠎ᠶ᠋ᠢ ᠵᠣᠷᠢᠬᠤ ᠰᠠᠷᠠᠭᠤᠯ ᠳᠠᠷᠳᠠᠩ ᠵᠠᠮ ᠪᠣᠯᠵᠤ ᠪᠠᠢᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 24᠎ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号