ᠯᠦᠯᠠ᠄ ᠳᠤᠮᠳᠠᠳᠤ ᠤᠯᠤᠰ ᠪᠣᠯ ᠪᠷᠠᠽᠢᠯ᠎ᠤᠨ ᠬᠠᠮᠤᠭ᠎ᠤᠨ ᠰᠠᠢᠨ ᠬᠠᠮᠲᠤᠷᠠᠯᠴᠠᠭᠠᠨ᠎ᠤ ᠬᠠᠨᠢᠲᠠᠨ ᠮᠥᠨ
2026-03-30 16:28:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠷᠠᠽᠢᠯ᠎ᠤᠨ ᠶᠡᠷᠦᠩᠬᠡᠢᠯᠡᠭ᠌ᠴᠢ ᠯᠦᠯᠠ 26 ᠎ᠤ᠋ ᠡᠳᠦᠷ ᠳᠤᠮᠳᠠ ᠬᠡᠰᠡᠭ᠎ᠦᠨ ᠭᠶᠠᠰ ᠵᠧᠦ᠍᠎ᠶ᠋ᠢᠨ ᠠᠨᠠᠪᠦᠯᠢᠰ ᠬᠤᠲᠠ᠎ᠳᠤ ᠠᠵᠢᠯᠯᠠᠭᠠᠨ᠎ᠳᠤ ᠣᠷᠣᠯᠴᠠᠬᠤ᠎ᠳᠠᠭᠠᠨ᠂ ᠳᠤᠮᠳᠠᠳᠤ ᠤᠯᠤᠰ ᠪᠣᠯ ᠪᠷᠠᠽᠢᠯ᠎ᠤᠨ ᠬᠠᠮᠤᠭ᠎ᠤᠨ ᠰᠠᠢᠨ ᠬᠠᠮᠲᠤᠷᠠᠯᠴᠠᠭᠠᠨ᠎ᠤ ᠬᠠᠨᠢᠲᠠᠨ ᠮᠥᠨ ᠭᠡᠵᠦ ᠢᠯᠡᠳᠭᠡᠪᠡ᠃ 

ᠲᠤᠰ ᠡᠳᠦᠷ᠂ ᠯᠦᠯᠠ ᠪᠷᠠᠽᠢᠯ᠎ᠤᠨ ᠳᠡᠳ᠋ ᠶᠡᠷᠦᠩᠬᠡᠢᠯᠡᠭ᠌ᠴᠢ᠎ᠪᠦᠭᠡᠳ ᠬᠥᠭ᠌ᠵᠢᠭᠦᠯᠦᠯᠲᠡ᠂ ᠠᠵᠤ ᠦᠢᠯᠡᠳᠪᠦᠷᠢ ᠪᠣᠯᠤᠨ ᠠᠷᠠᠯᠵᠢᠶᠠᠨ᠎ᠤ ᠶᠠᠮᠤᠨ᠎ᠤ ᠰᠠᠢᠳ ᠠᠷᠺᠸᠮᠢᠩ ᠲᠠᠢ ᠬᠠᠮᠲᠤ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠠᠬᠤᠢᠯᠠᠯ ᠪᠣᠯᠤᠨ ᠪᠷᠠᠽᠢᠯ᠎ᠤᠨ ᠬᠠᠨᠢᠲᠠᠨ᠎ᠤ ᠬᠠᠮᠲᠤᠷᠠᠨ ᠪᠠᠢᠭᠤᠯᠤᠭ᠍ᠰᠠᠨ ᠦᠢᠯᠡᠳᠪᠦᠷᠢᠯᠡᠯ᠎ᠦᠨ ᠱᠤᠭᠤᠮ᠎ᠢ ᠱᠢᠨᠵᠢᠯᠡᠨ ᠪᠠᠢᠴᠠᠭᠠᠭ᠍ᠰᠠᠨ ᠪᠥᠭᠡᠳ ᠲᠡᠭᠦᠨ᠎ᠦ ᠠᠱᠢᠭ᠍ᠯᠠᠯᠲᠠ᠎ᠳᠤ ᠤᠷᠤᠬ᠍ᠰᠠᠨ᠎ᠳᠤ ᠪᠠᠶᠠᠷ ᠬᠦᠷᠭᠡᠪᠡ᠃ 

ᠯᠦᠯᠠ᠂ ᠳᠤᠮᠳᠠᠳᠤ ᠤᠯᠤᠰ ᠤᠳᠤ ᠪᠣᠯ ᠪᠷᠠᠽᠢᠯ᠎ᠤᠨ ᠬᠠᠮᠤᠭ᠎ᠤᠨ ᠰᠠᠢ᠌ᠨ ᠬᠠᠮᠲᠤᠷᠠᠯᠴᠠᠭᠠᠨ᠎ᠤ ᠬᠠᠨᠢᠲᠠᠨ ᠪᠣᠯᠤᠨ᠎ᠠ᠂ ᠪᠷᠠᠽᠢᠯ ᠪᠣᠯᠤᠨ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠦᠢᠯᠡᠰ᠎ᠦᠨ ᠬᠠᠮᠲᠤᠷᠠᠯᠴᠠᠭ᠎ᠠ ᠠᠮᠵᠢᠯᠲᠠ ᠤᠯᠬᠤ᠎ᠶ᠋ᠢ ᠢᠲᠡᠭᠡᠵᠦ᠍ ᠪᠠᠢᠨ᠎ᠠ ᠭᠡᠵᠡᠢ᠃ ᠲᠡᠷᠡ᠂ ᠪᠷᠠᠽᠢᠯ᠎ᠤᠨ ᠨᠡᠩ ᠤᠯᠠᠨ ᠠᠵᠤ ᠠᠬᠤᠢᠯᠠᠯᠲᠠᠨ ᠳᠤᠮᠳᠠᠳᠤ ᠤᠯᠤᠰ᠎ᠤᠨ ᠬᠠᠨᠢᠲᠠᠨ᠎ᠲᠠᠶ ᠬᠠᠮᠲᠤᠷᠠᠯᠴᠠᠭ᠎ᠠ ᠥᠷᠨᠢᠭᠦᠯᠵᠦ᠍᠂ ᠲᠡᠷᠢᠭᠦᠨ᠎ᠦ ᠮᠡᠷᠭᠡᠵᠢᠯ᠎ᠢ ᠣᠷᠣᠭᠤᠯᠤᠨ ᠠᠪᠴᠢᠷᠠᠵᠤ᠂ ᠪᠷᠠᠽᠢᠯ᠎ᠤᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃ 

ᠠᠷᠺᠸᠮᠢᠩ᠂ ᠪᠷᠠᠽᠢᠯ᠎ᠤᠨ ᠵᠠᠰᠠᠭ᠎ᠤᠨ ᠣᠷᠳᠣᠨ ᠶᠠᠭ ᠲᠤᠰ ᠤᠯᠤᠰ᠎ᠤᠨ ᠠᠵᠤ ᠦᠢᠯᠡᠳᠪᠦᠷᠢ᠎ᠪᠡᠨ ᠴᠢᠷᠮᠠᠢᠨ ᠬᠦᠭᠵᠢᠭᠦᠯᠵᠦ᠂ 《ᠪᠷᠠᠽᠢᠯ᠎ᠤᠨ ᠱᠢᠨ᠎ᠡ ᠠᠵᠤ ᠦᠢᠯᠡᠳᠪᠦᠷᠢ᠎ᠶ᠋ᠢᠨ ᠲᠥᠯᠥᠪᠯᠡᠭᠡ》 ᠪᠡᠷ ᠳᠠᠮᠵᠢᠨ ᠱᠢᠨ᠎ᠡ᠎ᠶ᠋ᠢ ᠡᠭᠦᠳᠬᠦ᠌ ᠲᠦᠷᠦᠯ ᠵᠦᠢᠯ᠎ᠳᠦ ᠬᠠᠷᠠᠭᠠᠯᠵᠠᠯ᠎ᠲᠠᠶ ᠪᠡᠯᠡ ᠬᠤᠷᠠᠮᠳᠤᠭᠤᠯᠬᠤ ᠨᠥᠬᠥᠴᠡᠯ ᠬᠠᠩᠭᠠᠵᠤ ᠪᠠᠢᠨ᠎ᠠ᠃ ᠤᠢ᠍ᠢᠷ᠎ᠠ᠎ᠶ᠋ᠢᠨ ᠬᠤᠭᠤᠴᠠᠭᠠᠨ᠎ᠳᠤ᠂ ᠪᠷᠠᠽᠢᠯ ᠠᠭᠠᠷ᠎ᠤᠨ ᠠᠶᠠᠯᠠᠯ᠂ ᠵᠢᠮᠳᠤ ᠵᠠᠮ ᠬᠠᠷᠢᠯᠴᠠᠭ᠎ᠠ ᠪᠣᠯᠤᠨ ᠮᠠᠱᠢᠨ ᠲᠡᠷᠭᠡ ᠵᠡᠷᠭᠡ ᠬᠦᠷᠢᠶᠡᠨ᠎ᠳᠦ ᠠᠯᠢ ᠤᠯᠠᠨ ᠲᠦᠷᠦᠯ ᠵᠦᠢᠯ᠎ᠭᠠᠷᠭᠠᠵᠤ᠂ ᠲᠤᠰ ᠤᠯᠤᠰ᠎ᠤᠨ᠎ᠢᠶᠠᠨ ᠠᠵᠤ ᠦᠢᠯᠡᠳᠪᠦᠷᠢ᠎ᠶ᠋ᠢᠨ ᠲᠡᠰ ᠳᠡᠪᠱᠢᠬᠦ᠌᠎ᠶ᠋ᠢ ᠠᠬᠢᠭᠤᠯᠪᠠ ᠭᠡᠵᠦ ᠢᠯᠡᠳᠭᠡᠪᠡ᠃ 

ᠣᠷᠴᠢᠭᠤᠯᠤᠭ᠍ᠴᠢ᠄​ᠬᠤᠷᠴᠠ
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号