ᠭᠦᠨᠵᠡᠭᠡᠢ ᠰᠤᠷᠤᠯᠴᠠᠵᠤ ᠨᠠᠷᠢᠨ ᠤᠬᠠᠵᠤ ᠨᠠᠮᠴᠢ ᠴᠢᠨᠠᠷ᠎ᠢᠶᠡᠨ ᠴᠢᠩᠭᠠᠳᠭᠠᠰᠤᠭᠠᠢ
2026-03-30 09:35:12
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠪᠦᠬᠦ᠌ ᠨᠠᠮ᠎ᠢᠶᠠᠷ᠎ᠢᠶᠠᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍ ᠪᠠᠢᠨ᠎ᠠ᠃ ᠥᠪᠥᠷ ᠮᠣᠩᠭᠣᠯ ᠬᠡᠷᠬᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌  ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠪᠣᠶ? ᠡᠬᠦᠨ ᠳ᠋ᠤ ᠲᠡᠷᠢᠭᠦᠨ ᠴᠢᠬᠤᠯᠠ ᠨᠢ  ᠰᠤᠷᠤᠯᠴᠠᠯᠭ᠎ᠠ᠎ᠶ᠋ᠢ ᠶᠡᠬᠡ᠎ᠪᠡᠷ ᠡᠷᠬᠢᠮᠯᠡᠵᠦ᠍᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠶᠠᠪᠤᠳᠠᠯ ᠪᠣᠯᠤᠨ᠎ᠠ᠃

ᠨᠠᠮᠴᠢ ᠴᠢᠨᠠᠷ ᠴᠡᠪᠡᠷ ᠪᠣᠯ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠥᠵᠡᠯᠲᠡ ᠲᠦᠪ ᠪᠤᠯᠤᠨ᠎ᠠ᠃ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠥᠪᠡᠰᠦᠪᠡᠨ ᠰᠤᠷᠤᠯᠴᠠᠵᠤ ᠰᠤᠳᠤᠯᠤᠨ ᠤᠩᠱᠢᠬᠤ᠂ ᠰᠣᠯᠢᠯᠴᠠᠵᠤ ᠰᠤᠳᠤᠯᠤᠨ ᠶᠠᠷᠢᠯᠴᠠᠬᠤ ᠁ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ ᠣᠯᠠᠨ ᠵᠦᠶ᠋ᠯ᠎ᠦᠨ ᠰᠤᠷᠤᠯᠴᠠᠯᠭ᠎ᠠ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠦᠭ᠌ᠰᠡᠨ᠎ᠦ ᠵᠣᠷᠢᠯᠭ᠎ᠠ ᠪᠣᠯ ᠳᠠᠷᠤᠶ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠭᠦᠨᠵᠡᠭᠡᠶ ᠰᠤᠷᠤᠯᠴᠠᠵᠤ ᠨᠠᠷᠢᠨ ᠣᠬᠠᠪᠤᠷᠢᠯᠠᠬᠤ ᠳᠡᠭᠡᠷ᠎ᠡ ᠬᠦᠴᠦ᠍ ᠲᠠᠯᠪᠢᠵᠤ᠂ ᠤᠬᠠᠮᠰᠠᠷ᠎ᠡᠴᠡ᠎ᠪᠠᠨ ᠨᠠᠮ᠎ᠤᠨ ᠱᠢᠨ᠎ᠡ᠎ᠡᠭᠦᠳᠦᠯᠲᠡ ᠵᠢᠨ ᠣᠨᠣᠯ᠎ᠢ ᠬᠡᠷᠡᠭᠯᠡᠨ ᠲᠥᠭᠡᠷᠢᠭ᠌ᠳᠡᠯ᠎ᠢ ᠠᠷᠢᠯᠭᠠᠵᠤ᠂ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠡᠷᠡᠮᠡᠬᠡᠢᠯᠡᠨ ᠤᠷᠤᠭᠰᠢᠯᠠᠵᠤ ᠦᠨᠡᠨᠴᠢ ᠱᠢᠳᠤᠷᠭᠤ ᠪᠠᠢᠵᠤ᠂ ᠠᠯᠪᠠᠨ᠎ᠤ ᠪᠠ ᠬᠤᠪᠢ᠎ᠶ᠋ᠢᠨ ᠬᠠᠷᠢᠴᠠᠭ᠎ᠠ᠎ᠶ᠋ᠢ ᠵᠥᠪ ᠱᠢᠶ᠋ᠳᠪᠦᠷᠢᠯᠡᠵᠦ᠍᠂ ᠠᠵᠢᠯ ᠬᠢᠵᠦ᠍ ᠦᠶ᠋ᠯᠡᠰ ᠪᠤᠰᠬᠠᠬᠤ ᠠᠯᠬᠤᠮ ᠨᠢᠬᠡ ᠪᠦᠷᠢ᠎ᠶ᠋ᠢ ᠵᠥᠪ ᠪᠥᠭᠡᠳ ᠯᠠᠪᠳᠠᠭᠤᠨ᠎ᠢᠶᠠᠷ ᠶᠠᠪᠤᠭ᠍ᠳᠠᠭᠤᠯᠬᠤ᠎ᠶ᠋ᠢᠨ ᠲᠥᠯᠥᠭᠡ ᠶᠤᠮ᠃

ᠨᠠᠮᠴᠢ ᠴᠢᠨᠠᠷ᠎ᠢᠶᠠᠨ ᠴᠢᠩᠭᠠᠳᠭᠠᠬᠤ ᠳ᠋ᠤ ᠡᠷᠬᠡᠪᠰᠢ ᠰᠤᠷᠤᠯᠴᠠᠯᠭ᠎ᠠ᠎ᠶ᠋ᠢ ᠴᠢᠬᠤᠯᠠᠴᠢᠯᠠᠬᠤ ᠬᠡᠷᠡᠭ᠌ᠲᠡᠶ᠃ ᠣᠳᠣᠬᠠᠨ᠎ᠳᠤ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠲᠦᠷᠭᠡᠰᠴᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠬᠥᠲᠥᠯᠲᠡ ᠡᠳᠦᠷ᠎ᠡᠴᠡ ᠡᠳᠦᠷ ᠱᠢᠨᠡᠳᠴᠦ᠍᠂ ᠱᠢᠨ᠎ᠡ ᠬᠡᠷᠡᠭ ᠪᠣᠳᠠᠰ ᠲᠠᠰᠤᠷᠠᠯᠲᠠ ᠦᠭᠡᠢ ᠪᠤᠢ ᠪᠤᠯᠵᠤ ᠪᠠᠢᠨ᠎ᠠ᠂ ᠰᠤᠷᠤᠯᠴᠠᠯᠭ᠎ᠠ ᠳᠠᠭᠠᠵᠤ ᠠᠮᠵᠢᠬᠤ ᠦᠭᠡᠢ ᠪᠣᠯ ᠠᠮᠠᠷᠬᠠᠨ ᠴᠢᠭᠯᠡᠯ᠎ᠢᠶᠡᠨ ᠠᠯᠳᠠᠵᠤ᠂ ᠰᠤᠷᠤᠯᠴᠠᠯᠭ᠎ᠠ᠎ᠶ᠋ᠢ ᠴᠢᠩᠭ᠎ᠠ ᠠᠳᠭᠤᠬᠤ ᠦᠭᠡᠢ ᠪᠣᠯ ᠠᠵᠢᠯ᠎ᠢᠶᠠᠨ ᠰᠠᠢᠲᠤᠷ ᠬᠢᠬᠦ᠌᠎ᠳᠦ ᠪᠡᠷᠬᠡ ᠪᠣᠯᠤᠨ᠎ᠠ᠃ ᠭᠠᠭ᠍ᠴᠠ ᠬᠦ᠌ ᠦᠷᠭᠦᠯᠵᠢᠯᠡᠨ ᠰᠤᠷᠤᠯᠴᠠᠵᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠵᠦ᠍᠂ ᠱᠢᠨ᠎ᠡ ᠤᠨᠤᠯ᠂ ᠱᠢᠨ᠎ᠡ ᠲᠦᠷᠦ᠍᠎ᠶ᠋ᠢᠨ ᠪᠤᠳᠤᠯᠭ᠎ᠠ᠂ ᠱᠢᠨ᠎ᠡ ᠮᠡᠷᠭᠡᠵᠢᠯ᠂ ᠱᠢᠨ᠎ᠡ ᠠᠷᠭ᠎ᠠ᠎ᠶ᠋ᠢ ᠴᠠᠭ ᠲᠤᠬᠠᠢ᠎ᠳᠤᠨᠢ ᠱᠢᠩᠭᠡᠭᠡᠨ ᠠᠪᠤᠪᠠᠯ ᠰᠠᠶᠢ ᠴᠠᠭ ᠦᠶ᠎ᠡ᠎ᠶ᠋ᠢ ᠳᠠᠭᠠᠵᠤ᠂ ᠬᠥᠭᠵᠢᠯᠲᠡ᠎ᠳᠦ ᠬᠦᠴᠦᠨ ᠨᠡᠮᠡᠷᠢᠯᠡᠵᠦ᠍᠂ ᠢᠷᠡᠭᠡᠳᠦᠢ ᠳ᠋ᠤ ᠠᠮᠵᠢᠯᠳᠠ ᠣᠯᠵᠤ ᠴᠢᠳᠠᠨ᠎ᠠ᠃ ᠡᠢᠮᠦ᠍᠎ᠡᠴᠡ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠲᠤ ᠠᠪᠴᠤ᠌ ᠬᠡᠯᠡᠪᠡᠯ ᠰᠤᠷᠤᠯᠴᠠᠯᠭ᠎ᠠ᠎ᠶ᠋ᠢ ᠶᠡᠬᠡ᠎ᠪᠡᠷ ᠡᠷᠬᠢᠮᠯᠡᠬᠦ᠌ ᠨᠢ ᠬᠡᠯᠡᠭᠡᠳ ᠯᠡ ᠢᠷᠡᠭᠰᠡᠨ ᠶᠡᠷᠦ ᠵᠢᠨ ᠵᠣᠭᠣᠭ ᠲᠡᠳᠦᠶ ᠪᠢᠰᠢ᠂ ᠬᠠᠷᠢᠨ ᠦᠵᠡᠯ ᠰᠠᠨᠠᠭᠠᠨ᠎ᠤ 《ᠭᠤᠤᠯ ᠨᠡᠭᠡᠯᠡᠭᠡᠢ》 ᠶ᠋ᠢ ᠴᠢᠩᠭᠠᠯᠠᠵᠤ᠂ ᠲᠤᠷᠭᠤᠨ ᠪᠠᠯᠠᠷᠬᠠᠶ ᠲᠠᠨᠢᠯᠲᠠ᠎ᠶ᠋ᠢ ᠦᠨᠳᠦᠰᠦᠨ᠎ᠡᠴᠡ ᠨᠢ ᠠᠷᠢᠯᠭᠠᠵᠤ᠂ ᠪᠤᠷᠤᠭᠤ ᠬᠡᠯᠪᠡᠷᠢᠯ᠎ᠢ ᠵᠠᠯᠠᠷᠠᠭᠤᠯᠬᠤ᠎ᠶ᠋ᠢᠨ ᠲᠥᠯᠥᠭᠡ ᠶᠤᠮ᠃

ᠰᠤᠷᠤᠯᠴᠠᠯᠭ᠎ᠠ ᠬᠡᠳᠦᠢ ᠭᠦᠨᠵᠡᠭᠡᠢ ᠪᠤᠯᠬᠤ ᠲᠤᠳᠤᠮ ᠬᠦᠷᠳᠡᠬᠦ᠌ ᠬᠥᠮᠦᠵᠢᠯ ᠲᠡᠳᠦᠢ ᠤᠯᠠᠨ ᠪᠠᠢᠵᠤ ᠦᠨᠡᠨ ᠶᠣᠰᠣ᠎ᠶ᠋ᠢ ᠤᠯᠠᠮ ᠬᠦᠨᠵᠡᠬᠡᠢ ᠲᠠᠨᠢᠵᠤ᠂ ᠨᠠᠮᠴᠢ ᠴᠢᠨᠠᠷ᠎ᠢᠶᠠᠨ ᠤᠯᠠᠮ ᠪᠠᠲᠤᠳᠭᠠᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ᠎ᠢᠶᠠᠨ ᠤᠯᠠᠮ ᠳᠡᠭᠡᠭ᠌ᠰᠢᠯᠡᠭᠦᠯᠵᠦ᠍ ᠴᠢᠳᠠᠨ᠎ᠠ᠃ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠨᠠᠷᠢᠨ ᠣᠬᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ᠂ ᠶᠠᠭᠤ ᠬᠢᠪᠡᠯ ᠶᠠᠭᠤ᠎ᠶ᠋ᠢ ᠰᠤᠷᠴᠤ᠌᠂ ᠶᠠᠭᠤ ᠳᠤᠲᠠᠭ᠍ᠳᠠᠵᠤ ᠪᠠᠢᠪᠠᠯ ᠶᠠᠭᠤ᠎ᠶ᠋ᠢ ᠨᠥᠬᠥᠪᠥᠷᠢᠯᠡᠵᠦ᠍᠂ ᠡᠯ᠎ᠡ ᠲᠠᠯ᠎ᠠ᠎ᠶ᠋ᠢᠨ ᠴᠢᠳᠠᠪᠤᠷᠢ ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠪᠡᠷ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠥᠪ ᠦᠵᠡᠯᠲᠡ᠎ᠶ᠋ᠢ ᠦᠢᠯᠡᠳᠦᠯᠭᠡᠵᠢᠭᠦᠯᠬᠦ᠌ ᠬᠡᠷᠡᠭ᠌ᠲᠡᠢ᠃ 

ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠰᠤᠷᠤᠯᠴᠠᠯᠭ᠎ᠠ᠎ᠶᠢ ᠶᠡᠬᠡ᠎ᠪᠡᠷ ᠡᠷᠬᠢᠮᠯᠡᠬᠦ ᠨᠢ ᠬᠤᠭᠤᠰᠤᠨ ᠤᠷᠢᠶ᠎ᠠ ᠲᠡᠳᠦᠢ ᠪᠢᠰᠢ᠂ ᠡᠷᠬᠡᠪᠰᠢ ᠪᠣᠳᠠᠲᠦ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠬᠤ ᠬᠡᠷᠡᠭᠲᠡᠢ᠃ ᠣᠳᠣᠬᠠᠨ᠎ᠳᠤ ᠥᠪᠥᠷ ᠮᠣᠩᠭᠣᠯ ᠶᠠᠭ ᠬᠥᠭᠵᠢᠯᠲᠡ᠎ᠶᠢᠨ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ᠂ ᠨᠡᠩ ᠴᠤ᠌ ᠨᠠᠮ᠎ᠤᠨ ᠭᠡᠰᠢᠭᠦᠨ ᠺᠠᠳ᠋ᠷ ᠨᠢᠭᠡ ᠪᠦᠷᠢ ᠰᠤᠷᠤᠯᠴᠠᠯᠭ᠎ᠠ᠎ᠶᠢᠨ ᠲᠠᠯ᠎ᠠ᠎ᠪᠠᠷ ᠣᠶᠤᠨ ᠴᠢᠳᠠᠯ᠎ᠢᠶᠠᠨ ᠰᠢᠪᠬᠠᠨ ᠬᠦᠴᠦ ᠣᠷᠣᠭᠤᠯᠬᠤ᠎ᠭᠡᠷᠡᠭᠳᠡᠢ ᠪᠠᠢᠵᠤ᠂ ᠥᠪᠡᠷ᠎ᠦᠨ ᠪᠡᠶ᠎ᠡ᠎ᠳᠡᠭᠡᠨ ᠲᠣᠬᠢᠷᠠᠭᠰᠠᠨ ᠰᠤᠷᠤᠯᠴᠠᠬᠤ ᠬᠡᠯᠪᠡᠷᠢ ᠪᠠ ᠰᠤᠷᠤᠯᠴᠠᠬᠤ ᠠᠷᠭ᠎ᠠ᠎ᠶᠢ ᠰᠣᠩᠭᠣᠵᠤ᠂ ᠴᠠᠭ ᠭᠠᠷᠭᠠᠨ ᠰᠤᠷᠤᠯᠴᠠᠵᠤ᠂ ᠰᠢᠮᠳᠠᠨ ᠴᠢᠷᠮᠠᠢᠨ ᠰᠤᠷᠤᠯᠴᠠᠵᠤ᠂ 《ᠦᠰᠦᠭ᠎ᠲᠠᠢ ᠨᠣᠮ》 ᠤᠩᠰᠢᠬᠤ ᠪᠠ 《ᠦᠰᠦᠭ ᠦᠭᠡᠢ ᠨᠣᠮ》 ᠤᠩᠰᠢᠬᠤ᠎ᠶᠢ ᠤᠶᠠᠯᠳᠤᠭᠤᠯᠵᠤ᠂ ᠠᠮᠵᠢᠯᠲᠠ᠎ᠡᠴᠡ ᠰᠤᠷᠤᠯᠴᠠᠯᠭ᠎ᠠ ᠵᠢᠨ ᠲᠤᠷᠰᠢᠯᠭ᠎ᠠ ᠵᠢ ᠢᠯᠡᠭᠦᠭᠡᠨ ᠰᠦᠪᠡᠭᠴᠢᠯᠡᠵᠦ᠂ ᠢᠯᠡᠭᠦᠬᠡᠨ ᠠᠷᠠᠳ ᠤᠯᠠᠨ᠎ᠡᠴᠡ ᠤᠶᠤᠨ ᠤᠬᠠᠭᠠᠨ᠎ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠬᠦ ᠬᠦᠴᠦ ᠴᠢᠳᠠᠯ᠎ᠲᠠᠢ ᠪᠠᠢᠬᠤ ᠮᠥᠷᠲᠡᠭᠡᠨ ᠪᠠᠰᠠ ᠤᠴᠢᠷ ᠶᠠᠪᠤᠳᠠᠯ᠎ᠢ ᠪᠦᠲᠦᠭᠡᠬᠦ ᠵᠢᠩᠬᠢᠨᠢ ᠴᠢᠳᠠᠪᠤᠷᠢ᠎ᠲᠠᠢ ᠪᠠᠢᠵᠤ᠂ ᠠᠷᠠᠳ ᠲᠦᠮᠡᠨ᠎ᠤ ᠲᠦᠯᠦᠬᠡ  ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ᠃

ᠪᠠᠳᠤ ᠴᠢᠩᠭ᠎ᠠ ᠨᠠᠮᠴᠢ ᠴᠢᠨᠠᠷ ᠨᠢ ᠠᠶᠠᠨᠳᠠᠭᠠᠨ ᠪᠤᠢ ᠪᠤᠯᠬᠤ ᠪᠢᠰᠢ᠂ ᠬᠠᠷᠢᠨ ᠴᠠᠭ ᠦᠷᠭᠦᠯᠵᠢ ᠰᠤᠷᠤᠯᠴᠠᠨ᠂ ᠨᠠᠰᠤᠨ ᠲᠤᠷᠰᠢᠳᠠ ᠰᠤᠷᠤᠯᠴᠠᠬᠤ ᠪᠡᠷ ᠲᠡᠮᠵᠢᠨ ᠪᠠᠲᠤᠳᠬᠠᠬᠳᠠᠬᠤ ᠶᠤᠮ᠃ ᠪᠢᠳᠡ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠶᠢ ᠨᠠᠰᠤᠨ ᠲᠤᠷᠰᠢᠲᠠ᠎ᠶᠢᠨ  ᠰᠤᠷᠤᠯᠴᠠᠬᠤ ᠰᠡᠳᠦᠪ ᠪᠣᠯᠭᠠᠵᠤ᠂ ᠰᠢᠨᠲᠠᠷᠠᠰᠢ ᠦᠭᠡᠢ ᠰᠤᠷᠤᠯᠴᠠᠯᠭ᠎ᠠ᠎ᠪᠠᠨ ᠴᠢᠩᠭᠠᠳᠬᠠᠵᠤ᠂ ᠤᠳᠠᠭᠠᠨ ᠡᠳᠦᠷ ᠵᠤᠵᠠᠭᠠᠨ ᠬᠣᠨᠣᠭ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠰᠤᠷᠤᠯᠴᠠᠯᠭ᠎ᠠ᠎ᠶᠢ ᠨᠢᠭᠡ ᠵᠦᠢᠯ᠎ᠦᠨ ᠳᠤᠷ᠎ᠠ ᠰᠣᠨᠢᠷᠬᠠᠯ᠂ ᠨᠢᠭᠡ ᠵᠦᠢᠯ᠎ᠦᠨ ᠠᠮᠢᠳᠤᠷᠠᠯ᠎ᠤᠨ ᠠᠷᠭ᠎ᠠ ᠮᠠᠶᠢᠭ᠋ ᠪᠣᠯᠭᠠᠬᠤ ᠬᠡᠷᠡᠭᠲᠡᠢ᠂ ᠢᠩᠭᠢᠪᠡᠯ ᠰᠠᠶᠢ ᠦᠵᠡᠯ ᠰᠠᠨᠠᠭᠠᠨ᠎ᠤ ᠰᠠᠭᠤᠷᠢ᠎ᠪᠠᠨ ᠪᠠᠲᠤᠳᠬᠠᠨ᠂ ᠴᠠᠭᠠᠷᠠᠭᠰᠠᠨ ᠡᠷᠳᠡᠮ ᠴᠢᠳᠠᠪᠤᠷᠢ᠎ᠪᠠᠨ ᠪᠣᠯᠪᠠᠰᠤᠷᠠᠭᠤᠯᠵᠤ᠂ ᠨᠡᠩ ᠶᠡᠬᠡ ᠰᠢᠨ᠎ᠡ ᠠᠮᠵᠢᠯᠲᠠ ᠪᠦᠲᠦᠮᠵᠢ᠎ᠶᠢ ᠡᠭᠦᠳᠴᠦ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号