ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ 2025 ᠣᠨ᠎ᠳᠤ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠤ ᠠᠵᠤ ᠦᠶ᠋ᠯᠡᠰ ᠲᠦᠷᠭᠡᠨ ᠬᠥᠭ᠌ᠵᠢᠵᠦ᠍᠂ ᠡᠵᠡᠩᠨᠡᠯᠲᠡ᠎ᠶ᠋ᠢᠨ ᠣᠷᠣᠯᠭ᠎ᠠ᠎ᠨᠢ 577 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 26.2%᠎ᠢ᠋ᠢᠡᠷ ᠨᠡᠮᠡᠭ᠌ᠳᠡᠵᠦ᠍᠂ ᠪᠥᠬᠥ᠌ ᠣᠷᠣᠨ᠎ᠤ ᠲᠣᠭᠠᠴᠢᠯᠠᠭ᠍ᠰᠠᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ᠃
ᠥᠩᠭᠡᠷᠡᠭ᠌ᠰᠡᠨ ᠨᠢᠭᠡ ᠵᠢᠯ᠎ᠳᠦ ᠥᠪᠥᠷ ᠮᠣᠩᠭᠣᠯ ᠲᠣᠭ᠎ᠠ ᠪᠠᠷᠢᠮᠲᠠ᠎ᠶ᠋ᠢᠨ ᠴᠢᠬᠤᠯᠠ ᠡᠯᠧᠮᠧᠨ᠋ᠲ᠎ᠦᠨ ᠥᠷᠲᠡᠭ᠎ᠢ ᠲᠦᠷᠭᠡᠳᠭᠡᠨ ᠢᠯᠡᠷᠡᠭᠦᠯᠵᠦ᠍᠂ ᠲᠣᠭᠠᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠣᠭᠠᠴᠢᠯᠠᠭ᠍ᠰᠠᠨ ᠠᠵᠤ ᠠᠬᠤᠶ ᠥᠷᠨᠢᠨ ᠬᠥᠭ᠌ᠵᠢᠪᠡ᠃ ᠪᠥᠬᠥ᠌ ᠣᠷᠣᠨ᠎ᠤ ᠲᠣᠭᠠᠴᠢᠯᠠᠭ᠍ᠰᠠᠨ ᠠᠵᠤ ᠠᠬᠤᠶ᠎ᠶ᠋ᠢᠨ ᠭᠤᠤᠯᠯᠠᠬᠤ ᠠᠵᠤ ᠦᠶ᠋ᠯᠡᠰ᠎ᠦᠨ ᠬᠠᠤᠯᠢ᠎ᠶ᠋ᠢᠨ ᠡᠷᠬᠡᠲᠡᠨ᠎ᠦ ᠭᠤᠤᠯ ᠴᠣᠭ᠍ᠴᠠ 2.9 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 26.4% ᠪᠠᠷ ᠨᠡᠮᠡᠭ᠌ᠳᠡᠪᠡ᠃ ᠪᠤᠳᠤᠯᠳᠠ ᠵᠢᠨ ᠬᠦᠴᠦᠨ᠎ᠦ ᠶᠡᠷᠦᠩᠬᠡᠶ ᠬᠡᠪᠴᠢᠶ᠎ᠡ 23.7 ᠲᠦᠮᠡᠨ P᠎ᠳ᠋ᠤ ᠬᠦᠷᠴᠦ᠍᠂ ᠤᠶᠤᠨᠲᠤ ᠪᠣᠳᠣᠯᠳᠠ ᠶ᠋ᠢᠨ ᠬᠡᠪᠴᠢᠶ᠎ᠡ 22 ᠲᠦᠮᠡᠨ P ᠳ᠋ᠤ ᠬᠦᠷᠴᠦ᠍᠂ ᠬᠣᠶᠠᠷ ᠵᠦᠶ᠋ᠯ᠎ᠦᠨ ᠭᠦᠶ᠋ᠴᠡᠳᠭᠡᠯ ᠲᠣᠭ᠎ᠠ᠎ᠨᠢ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ 2026 ᠣᠨ᠎ᠳᠤ ᠥᠪᠥᠷ ᠮᠣᠩᠭᠣᠯ ᠪᠤᠳᠤᠯᠳᠠ ᠵᠢᠨ ᠬᠦᠴᠦᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠪᠤᠳᠤᠯᠳᠠ ᠵᠢᠨ ᠬᠦᠴᠦᠨ᠎ᠦ ᠦᠶ᠋ᠯᠡᠴᠢᠯᠡᠭᠡᠨ᠎ᠦ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠪᠤᠳᠤᠯᠳᠠ ᠵᠢᠨ ᠬᠦᠴᠦᠨ᠎ᠤ ᠲᠣᠨᠣᠭ᠍ᠯᠠᠯ ᠦᠶ᠋ᠯᠡᠳᠬᠦ᠌ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠲᠣᠭ᠎ᠠ ᠪᠠᠷᠢᠮᠲᠠ ᠪᠠ ᠵᠣᠬᠢᠶᠠᠮᠠᠯ ᠣᠶᠤᠨ ᠴᠢᠳᠠᠪᠦᠷᠢ ᠵᠢᠨ ᠠᠵᠤ ᠦᠶ᠋ᠯᠡᠰ᠎ᠢ ᠲᠦᠷᠭᠡᠳᠭᠡᠨ ᠪᠠᠢᠷᠢᠱᠢᠭᠤᠯᠪᠠ᠃ ᠡᠭᠦᠨ᠎ᠦ ᠬᠠᠮᠲᠤ ᠬᠣᠷᠢᠨᠭᠡᠷ ᠳ᠋ᠠᠢᠲ᠋ᠠ᠎ᠶ᠋ᠢᠨ ᠲᠥᠪ᠎ᠦᠨ ᠪᠦᠯᠦᠭ᠌ᠵᠢᠯ᠎ᠦᠨ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠤ ᠠᠵᠤ ᠦᠶ᠋ᠯᠡᠰ᠎ᠦᠨ ᠤᠷᠢᠳ᠎ᠢᠶᠠᠷ ᠬᠡᠷᠡᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠥᠨᠳᠥᠷ ᠪᠠᠷᠢᠮᠵᠢᠶ᠎ᠠ᠎ᠪᠠᠷ ᠠᠬᠢᠭᠤᠯᠤᠨ᠎ᠠ᠃ ᠥᠪᠥᠷ ᠮᠣᠩᠭᠣᠯ ᠪᠠᠰᠠ ᠪᠡᠭᠡᠵᠢᠩ᠂ ᠭᠤᠸᠠᠩᠳᠦ᠋ᠩ᠂ ᠬᠤᠨᠠᠨ ᠵᠡᠷᠭᠡ ᠭᠠᠵᠠᠷ᠎ᠯᠤᠭ᠎ᠠ᠎ᠶ᠋ᠢᠨ ᠠᠵᠢᠯ ᠲᠥᠷᠥᠯ᠎ᠦᠨ ᠬᠠᠮᠲᠤᠷᠠᠯᠴᠠᠭ᠎ᠠ ᠪᠠ ᠠᠵᠤ ᠦᠶ᠋ᠯᠡᠰ᠎ᠦᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠤᠳᠤᠯᠳᠠ ᠵᠢᠨ ᠬᠦᠴᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠬᠡᠯᠬᠢᠶ᠎ᠡ᠎ᠶ᠋ᠢ ᠨᠥᠬᠥᠪᠥᠷᠢᠯᠡᠬᠦ᠌᠎ᠶ᠋ᠢ ᠴᠢᠩᠭᠠᠳᠭᠠᠬᠤ ᠠᠵᠢᠯ᠎ᠢ ᠰᠠᠢᠲᠤᠷ ᠬᠢᠵᠦ᠍᠂ 2026 ᠣᠨ᠎ᠤ ᠪᠤᠳᠤᠯᠳᠠ ᠵᠢᠨ ᠬᠦᠴᠦᠨ᠎ᠦ ᠬᠡᠪᠴᠢᠶ᠎ᠡ᠎ᠶ᠋ᠢ 35 ᠲᠦᠮᠡᠨ P᠎ᠳ᠋ᠤ ᠬᠦᠷᠭᠡᠬᠦ᠌᠎ᠪᠡᠷ ᠴᠢᠷᠮᠠᠢᠬᠤ ᠪᠤᠯᠤᠨ᠎ᠠ᠃