ᠬᠥᠬᠡᠬᠣᠲᠠ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠣᠪᠴᠢᠶ᠎ᠠ ᠡᠴᠡ ᠤᠢᠯᠠᠭᠠᠭᠰᠠᠨ ᠢ᠋ᠢᠡᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠬᠥᠬᠡᠬᠣᠲᠠ S43 ᠱᠧᠩ ᠯᠸ ᠤᠯᠠᠨ ᠤᠯᠤᠰ ᠤ᠋ᠨ ᠨᠢᠰᠭᠡᠯ ᠤ᠋ᠨ ᠪᠠᠭᠤᠳᠠᠯ ᠡᠴᠡ ᠴᠢᠩ ᠱᠦᠢ ᠡᡁᠸ ᠬᠦᠷᠬᠦ᠌ ᠲᠦᠷᠭᠡᠨ ᠤ᠋ ᠵᠠᠰᠠᠮᠠᠯ ᠵᠠᠮ ᠵᠡᠷᠭᠡ 5 ᠵᠤᠷᠪᠤᠰ ᠣᠷᠣᠨ ᠡᠴᠡ ᠭᠠᠷᠬᠤ ᠵᠠᠰᠠᠮᠠᠯ ᠵᠠᠮ᠂ S27 ᠬᠥᠬᠡᠬᠣᠲᠠ — ᠤᠷᠳᠤᠰ ᠬᠦᠷᠬᠦ ᠲᠦᠷᠭᠡᠨ ᠤ᠋ ᠵᠠᠰᠠᠮᠠᠯ ᠵᠠᠮ ᠵᠡᠷᠭᠡ 9 ᠵᠤᠷᠪᠤᠰ ᠣᠷᠣᠨ ᠪᠦᠰᠡ ᠢ᠋ᠢᠨ ᠬᠤᠳᠠ ᠢ᠋ᠢ ᠬᠣᠯᠪᠣᠬᠰᠠᠨ ᠵᠠᠰᠠᠮᠠᠯ ᠵᠠᠮ᠂ G110 ᠳᠡᠯ ᠠᠭᠤᠯᠠ ᠵᠢᠨ ᠬᠠᠷᠢᠯᠴᠠᠨ ᠨᠡᠪᠲᠡᠷᠡᠭᠦ ᠢᠨᠵᠧᠨᠧᠷᠢᠩ ᠵᠡᠷᠭᠡ 4 ᠵᠤᠷᠪᠤᠰ ᠬᠤᠳᠠ ᠢ᠋ᠢᠨ ᠵᠠᠮ ᠲᠠᠢ ᠵᠣᠯᠭᠠᠭᠤᠯᠬᠤ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢ ᠭᠣᠣᠯᠳᠠᠯᠭ᠎ᠠ ᠲᠠᠢ ᠠᠬᠢᠭᠤᠯᠬᠤ ᠪᠡᠷ ᠲᠥᠯᠥᠪᠯᠡᠵᠦ᠍᠂ ᠨᠡᠢ᠌ᠳᠡ 18 ᠭᠣᠣᠯᠳᠠᠯᠭ᠎ᠠ ᠲᠠᠢ ᠵᠠᠰᠠᠮᠠᠯ ᠵᠠᠮ ᠤ᠋ᠨ ᠳᠦᠷᠦᠯ ᠵᠦᠢᠯ ᠢ᠋ ᠲᠥᠯᠥᠪᠵᠢᠭᠦᠯᠦᠨ ᠪᠦᠳᠦᠬᠡᠨ ᠪᠠᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 463.8 ᠳ᠋ᠦᠩᠱᠢᠭᠤᠷ ᠲᠥᠭᠥᠷᠢᠭ ᠲᠦ᠍ ᠬᠦᠷᠬᠦ ᠪᠤᠯᠤᠨ᠎ᠠ᠃
2025 ᠣᠨ ᠳ᠋ᠤ᠂ ᠬᠥᠬᠡᠬᠣᠲᠠ 《ᠪᠥᠬᠥ᠌ ᠤᠯᠤᠰ ᠤ᠋ᠨ ᠴᠢᠨᠠᠷᠲᠠᠶ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ᠋ ᠬᠦᠶ᠋ᠰᠦ ᠬᠣᠲᠠ》 ᠢ᠋ᠢᠨ ᠪᠠᠢᠷᠢ ᠲᠣᠭ᠍ᠲᠠᠭᠠᠯᠲᠠ ᠲᠠᠢ ᠨᠢᠭ᠍ᠲᠠ ᠤᠶᠠᠯᠳᠤᠭᠤᠯᠤᠨ ᠲᠥᠯᠥᠪᠵᠢᠭᠦᠯᠭᠡ ᠪᠡᠷ ᠬᠥᠲᠥᠯᠦᠨ ᠳᠠᠭᠠᠭᠤᠯᠬᠤ᠂ ᠬᠦᠴᠦᠨ ᠵᠦᠶ᠋ᠯ ᠢ᠋ᠢᠡᠷ ᠪᠠᠲᠤᠯᠠᠬᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠢ᠋ᠢ ᠴᠢᠩᠭᠠᠳᠬᠠᠨ᠂ ᠵᠠᠮ ᠬᠠᠷᠢᠯᠴᠠᠭᠠᠨ ᠤ᠋ ᠰᠠᠭᠤᠷᠢ ᠲᠦᠬᠦᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠢ᠋ᠢᠨ ᠪᠠᠯᠠ ᠣᠷᠣᠭᠤᠯᠤᠯᠲᠠ ᠢ᠋ᠢᠨ ᠪᠠᠭ᠍ᠲᠠᠭᠠᠮᠵᠢ ᠢ᠋ᠢᠨ ᠬᠡᠪᠴᠢᠶ᠎ᠡ ᠢ᠋ᠢ ᠦᠷᠭᠦᠯᠵᠢᠯᠡᠨ ᠲᠣᠭ᠍ᠲᠠᠪᠤᠷᠢᠵᠢᠭᠤᠯᠵᠤ ᠂ ᠪᠥᠬᠥ᠌ ᠵᠢᠯ ᠳ᠋ᠤ ᠵᠠᠮ ᠬᠠᠷᠢᠯᠴᠠᠭᠠᠨ ᠤ᠋ ᠲᠣᠭ᠍ᠲᠠᠮᠠᠯ ᠬᠥᠷᠥᠩᠭᠡ ᠢ᠋ᠢᠨ ᠪᠠᠯᠠ ᠣᠷᠣᠭᠤᠯᠤᠯᠲᠠ ᠢ᠋ᠢ 9.8 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ ᠬᠠᠷᠠᠯᠲᠠᠲᠤ ᠡᠭᠦᠷᠭᠡ ᠪᠡᠨ 119.8% ᠪᠡᠷ ᠪᠠᠶᠠᠯᠠᠭᠦᠯᠪᠠ᠃ ᠡᠨᠡ ᠵᠢᠯ ᠬᠥᠬᠡᠬᠣᠲᠠ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠣᠪᠴᠢᠶ᠎ᠠ ᠰᠠᠭᠤᠷᠢ ᠲᠥᠬᠥᠭᠡᠷᠦᠮᠵᠢ ᠢ᠋ᠢᠨ ᠪᠠᠯᠠ ᠣᠷᠣᠭᠤᠯᠤᠯᠲᠠ ᠢ᠋ᠢᠨ ᠡᠭᠦᠷᠭᠡ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠢ᠋ᠢᠨ ᠪᠠᠯᠠ ᠣᠷᠣᠭᠤᠯᠤᠯᠲᠠ ᠢ᠋ᠢ 30 ᠳ᠋ᠦᠩᠱᠢᠭᠤᠷ ᠲᠥᠭᠥᠷᠢᠭ ᠲᠦ᠍ ᠬᠦᠷᠭᠡᠨ᠂ 《 ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠵᠦ᠍᠂ ᠪᠥᠬᠥ᠌ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠣᠷᠣᠨ ᠤ᠋ ᠲᠥᠪ ᠤ᠋ᠨ ᠬᠦᠴᠦᠨ ᠴᠢᠳᠠᠯ ᠢ᠋ᠢᠡᠨ ᠡᠷᠭᠦᠬᠦ᠌ ᠪᠡᠷ ᠴᠢᠷᠮᠠᠢᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号