2025 ᠣᠨᠳᠤ᠂ ᠥᠪᠥᠷ ᠮᠣᠩᠭᠣᠯ ᠣᠶ ᠱᠢᠭᠤᠶ ᠡᠪᠡᠰᠦᠨ ᠤ᠋ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷᠡ ᠠᠱᠢᠭ ᠢ᠋ ᠨᠡᠮᠡᠭ᠌ᠳᠡᠭᠦᠯᠵᠦ᠍᠂ ᠪᠥᠬᠥ᠌ ᠣᠷᠣᠨᠤ ᠣᠶ ᠱᠢᠭᠤᠶ ᠨᠤᠲᠤᠭ ᠪᠡᠯᠴᠢᠭᠡᠷᠤᠨ ᠠᠵᠤ ᠦᠶ᠋ᠯᠡᠰ ᠤ᠋ᠨ ᠦᠶ᠋ᠯᠡᠳᠬᠦᠨ ᠤ᠋ ᠶᠡᠷᠦᠩᠬᠡᠶ ᠥᠷᠲᠡᠭ 1120 ᠳ᠋ᠦᠩᠱᠢᠭᠤᠷ ᠲᠥᠭᠥᠷᠢᠭ ᠲᠤ᠌ ᠬᠦᠷᠴᠦ᠍᠂ ᠠᠯᠠᠱᠠ ᠵᠢᠨ ᠴᠠᠭᠠᠨ ᠭᠣᠶᠣᠣ᠂ ᠶᠡᠬᠡ ᠬᠢᠩᠭᠠᠨ ᠳᠠᠪᠠᠭᠠ ᠵᠢᠨ ᠢᠳᠡᠭᠡᠨ ᠤ᠋ ᠮᠥᠭᠥ᠌ ᠵᠡᠷᠭᠡᠨᠢ ᠬᠦᠮᠦᠰ ᠲᠦ᠍ ᠲᠠᠭᠠᠰᠢᠶᠠᠭᠳᠠᠪᠠ᠃
ᠥᠪᠥᠷ ᠮᠣᠩᠭᠣᠯ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠤᠯᠢ ᠲᠦᠷᠢᠮ ᠤ᠋ᠨ ᠱᠢᠰᠲ᠋ᠧᠮ ᠢ᠋ ᠲᠡᠭᠦᠯᠳᠡᠷᠵᠢᠭᠦᠯᠦᠭ᠌ᠰᠡᠨ ᠵᠢᠡᠷ ᠪᠠᠷᠠᠬᠤ ᠥᠬᠡᠶ ᠪᠠᠰᠠ ᠣᠶ ᠱᠢᠭᠤᠶ ᠪᠠ ᠨᠤᠲᠤᠭ ᠪᠡᠯᠴᠢᠭᠡᠷ ᠤ᠋ᠨ ᠵᠠᠰᠠᠭ ᠵᠠᠬᠢᠷᠭᠠᠨᠤ ᠬᠠᠤᠯᠢ ᠬᠡᠷᠡᠭ᠌ᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠱᠢᠰᠲ᠋ᠧᠮ ᠢ᠋ ᠳᠠᠬᠢᠨ ᠪᠠᠢᠭᠤᠯᠵᠦ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠤᠯᠢ ᠬᠡᠷᠡᠭ᠌ᠵᠢᠭᠦᠯᠦᠯᠲᠡ ᠵᠢᠴᠢ ᠲᠤᠰᠠᠯᠠᠬᠤ ᠡᠩᠨᠡᠭᠡ ᠶ᠋ᠢ 105 ᠪᠤᠯᠭᠠᠨ᠂ ᠦᠨᠳᠦᠰᠦᠨ ᠱᠠᠲᠤᠨᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯᠤᠨ ᠥᠷᠲᠡᠭᠡ ᠶ᠋ᠢ 779 ᠰᠡᠷᠭᠦᠭᠡᠨ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠱᠢᠶᠠᠩ ᠪᠠᠯᠭᠠᠰᠤ ᠳᠥᠷᠪᠡᠨ ᠱᠠᠲᠤ ᠶ᠋ᠢ ᠬᠣᠯᠪᠣᠭ᠍ᠰᠠᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠤᠯᠢ ᠬᠡᠷᠡᠭ᠌ᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠱᠢᠰᠲ᠋ᠧᠮ ᠢ᠋ ᠪᠠᠢᠭᠤᠯᠪᠠ᠃
ᠪᠥᠬᠥ᠌ ᠵᠢᠯ ᠳ᠋ᠤ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠳ᠋ᠤ ᠣᠢᠲᠤ ᠭᠠᠵᠠᠷ ᠢ᠋ ᠬᠡᠷᠡᠭ᠌ᠯᠡᠬᠦ᠌ ᠵᠠᠰᠠᠭ ᠵᠠᠬᠢᠷᠭᠠᠨᠤ ᠵᠥᠪᠱᠢᠶᠡᠷᠡᠯ ᠤ᠋ᠨ ᠵᠦᠶ᠋ᠯᠡᠰ ᠢ᠋ 3586 ᠭᠦᠶ᠋ᠴᠡᠳᠭᠡᠵᠦ᠍᠂ ᠴᠢᠬᠤᠯᠠ ᠶᠡᠬᠡ ᠲᠥᠷᠥᠯ ᠵᠦᠶ᠋ᠯ ᠢ᠋ ᠪᠣᠳᠠᠲᠠᠢᠵᠢᠭᠤᠯᠤᠨ ᠠᠵᠢᠯ ᠡᠬᠢᠯᠡᠭᠦᠯᠬᠦ᠌ ᠶ᠋ᠢ ᠬᠦᠴᠦᠲᠡᠶ ᠪᠠᠲᠤᠯᠠᠪᠠ᠃ ᠤᠯᠠᠭᠠᠨᠬᠠᠳᠠ ᠬᠣᠲᠠ ᠪᠥᠬᠥ᠌ ᠣᠷᠣᠨᠤ ᠠᠩᠬᠠᠳᠠᠭ᠍ᠴᠢ ᠭᠠᠵᠠᠷ ᠱᠢᠷᠣᠶ ᠬᠡᠷᠡᠭ᠌ᠯᠡᠬᠦ᠌ ᠣᠶ ᠱᠢᠭᠤᠶ ᠬᠡᠷᠡᠭ᠌ᠯᠡᠬᠦ᠌ ᠡᠪᠡᠰᠦ ᠪᠡᠯᠴᠢᠭᠡᠷ ᠬᠡᠷᠡᠭᠯᠡᠬᠦ 《ᠣᠯᠠᠨ ᠬᠢᠨᠠᠨ ᠵᠦᠪᠰᠢᠶᠡᠷᠡᠬᠦ ᠶ᠋ᠢ ᠬᠠᠮᠤᠷᠤᠭᠤᠯᠵᠤ ᠨᠢᠭᠡ ᠯᠡ ᠬᠢᠨᠠᠨ ᠵᠦᠪᠰᠢᠶᠡᠷᠡᠬᠦ ᠪᠣᠯᠭᠠᠬᠤ》 ᠬᠢᠨᠠᠨ ᠵᠥᠪᠱᠢᠶᠡᠷᠡᠬᠦ᠌ ᠲᠤᠷᠱᠢᠯᠲᠠ ᠵᠢᠨ ᠴᠡᠭ ᠢ᠋ᠨᠠᠢᠳᠠᠪᠤᠷᠢᠵᠢᠭᠤᠯᠪᠠ᠃
ᠬᠠᠮᠲᠤ ᠵᠢᠨ ᠤᠢ ᠰᠢᠭᠤᠢ ᠵᠢᠨ ᠡᠷᠬᠡ ᠵᠢᠨ ᠲᠦᠷᠢᠮ ᠤ᠋ᠨ ᠥᠭᠡᠷᠡᠴᠢᠯᠡᠯᠲᠡ᠂ ᠨᠤᠲᠤᠭ ᠪᠡᠯᠴᠢᠭᠡᠷ ᠤ᠋ᠨ ᠬᠣᠶᠠᠳᠠᠬᠢ ᠡᠭᠡᠯᠵᠢ ᠵᠢᠨ ᠳᠠᠭᠠᠭᠠᠴᠢᠯᠠᠯᠲᠠ ᠶ᠋ᠢ ᠤᠷᠲᠤᠳᠭᠠᠬᠤ ᠲᠤᠷᠱᠢᠯᠲᠠ ᠵᠢᠨ ᠴᠡᠭ᠂ ᠤᠯᠤᠰᠤᠨ ᠥᠮᠴᠢᠯᠡᠯ ᠤ᠋ᠨ ᠤᠢ ᠱᠢᠭᠤᠢ ᠵᠢᠨ ᠲᠠᠯᠠᠪᠠᠢ ᠵᠢᠨ ᠥᠭᠡᠷᠡᠴᠢᠯᠡᠯᠲᠡ ᠶ᠋ᠢ ᠯᠠᠪᠳᠠᠭᠤᠨ ᠵᠢᠡᠷ ᠠᠬᠢᠭᠤᠯᠪᠠ᠃ 《ᠨᠢᠭᠡ ᠭᠠᠵᠠᠷᠲᠤ ᠣᠯᠠᠨ ᠦᠨᠡᠮᠯᠡᠯᠲᠡᠶ ᠪᠠᠢᠬᠤ》 《ᠨᠢᠭᠡ ᠭᠠᠵᠠᠷᠲᠤ ᠣᠯᠠᠨ ᠨᠥᠬᠥᠪᠥᠷᠢᠲᠡᠶ ᠪᠠᠢᠬᠤ》 ᠠᠰᠠᠭᠤᠳᠠᠯ ᠢ᠋ ᠤᠢᠯᠠᠭᠠᠨ ᠵᠢᠭ᠍ᠰᠠᠭᠠᠬᠤ ᠠᠵᠢᠯ ᠢ᠋ ᠪᠥᠬᠥ᠌ ᠲᠠᠯᠠᠪᠠᠷ ᠪᠡᠶᠡᠯᠡᠭᠦᠯᠵᠦ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯᠤᠨ ᠬᠡᠪᠴᠢᠶᠡ ᠶ᠋ᠢ ᠥᠷᠭᠡᠳᠭᠡᠨ ᠦᠷᠡ ᠠᠱᠢᠭ ᠢ᠋ ᠳᠡᠭᠡᠭ᠌ᠰᠢᠯᠡᠭᠦᠯᠵᠦ᠍᠂ 3.54 ᠳ᠋ᠦᠩᠱᠢᠭᠤᠷ ᠮᠥ᠍ ᠣᠶ ᠱᠢᠭᠤᠶ ᠪᠠ ᠨᠤᠲᠤᠭ ᠪᠡᠯᠴᠢᠭᠡᠷ ᠲᠤ᠌ ᠲᠦᠭ᠌ᠰᠢᠭᠦᠷᠢ ᠵᠢᠨ ᠪᠠᠲᠤᠯᠠᠭᠠ ᠵᠢᠨ ᠲᠤᠤᠷ ᠢ᠋ ᠪᠠᠲᠤ ᠰᠦᠯᠵᠢᠪᠡ᠃
ᠥᠪᠥᠷ ᠮᠣᠩᠭᠣᠯ ᠪᠠᠰᠠ ᠣᠯᠠᠨ ᠠᠷᠭᠠ ᠵᠠᠮ ᠵᠢᠡᠷ ᠣᠶ ᠱᠢᠭᠤᠶ ᠪᠠ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠥᠷᠲᠡᠭ ᠢ᠋ 5000 ᠲᠦᠮᠡᠨ ᠲᠥᠭᠥᠷᠢᠭ ᠤᠯᠠᠷᠢᠭᠤᠯᠬᠤ ᠶ᠋ᠢ ᠠᠬᠢᠭᠤᠯᠵᠤ᠂ ᠨᠡᠭᠦᠷᠡᠰᠦᠲᠥ᠋ᠷᠥᠭ᠌ᠴᠢ ᠵᠢᠨ ᠰᠠᠭᠠᠷᠮᠠᠭᠵᠢᠯ ᠤ᠋ᠨ ᠣᠶ ᠵᠢᠨ ᠬᠡᠪᠴᠢᠶᠡ ᠶ᠋ᠢ 3 ᠲᠦᠮᠡᠨ ᠮᠤ᠌ ᠳ᠋ᠤ ᠬᠦᠷᠭᠡᠨ᠂ ᠪᠤᠭᠤᠲᠤ ᠬᠣᠲᠠ ᠪᠥᠬᠥ᠌ ᠣᠷᠣᠨᠤ ᠠᠩᠬᠠᠳᠠᠭ᠍ᠴᠢ ᠣᠷᠣᠨ ᠨᠤᠲᠤᠭᠤᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠠᠷᠠᠯᠵᠢᠶᠠᠨᠤ ᠦᠶ᠋ᠯᠡᠴᠢᠯᠡᠭᠡᠨ ᠤ᠋ ᠲᠥᠪ ᠢ᠋ ᠪᠠᠢᠭᠤᠯᠪᠠ᠃