ᠮᠠᠨ ᠤ᠋ ᠤᠷᠤᠨ ᠤ᠋ ᠲᠠᠷᠢᠶᠠᠯᠠᠩ ᠤ᠋ᠨ ᠰᠦᠯᠢᠶᠣᠣ ᠪᠦᠷᠬᠦᠪᠴᠢ ᠶ᠋ᠢ ᠬᠣᠷᠢᠶᠠᠨ ᠠᠪᠴᠤ᠌ ᠱᠢᠶ᠋ᠳᠪᠦᠷᠢᠯᠡᠬᠦ᠌ ᠠᠵᠢᠯᠯᠠᠭ᠎ᠠ᠎ᠪᠦᠬᠦ ᠲᠠᠯ᠎ᠠ ᠪᠡᠷ ᠡᠬᠢᠯᠡᠪᠡ
2026-03-30 10:20:27
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ  ᠪᠠ  ᠬᠥᠳᠡᠭᠡ  ᠲᠣᠰᠭᠣᠨ ᠮᠠᠯᠵᠢᠬᠤ ᠣᠷᠣᠨ ᠤ᠋ ᠲᠢᠩᠬᠢᠮ ᠤᠢᠷ᠎ᠠ ᠳ᠋ᠤ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠤᠨ ᠮᠠᠯ ᠠᠵᠤ ᠠᠬᠤᠶ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠵᠢᠴᠢ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠤ᠋ᠨ ᠪᠣᠯᠪᠠᠰᠤᠷᠠᠯ ᠤ᠋ᠨ ᠠᠩᠭᠢ ᠡᠷᠬᠢᠯᠡᠵᠦ᠂ ᠪᠦᠬᠦ ᠤᠷᠤᠨ ᠤ᠋ 2026 ᠣᠨ ᠤ᠋ ᠲᠠᠷᠢᠶᠠᠯᠠᠩ ᠤ᠋ᠨ ᠦᠯᠡᠳᠡᠭᠳᠡᠯ ᠰᠦᠯᠢᠶᠣᠣ ᠪᠦᠷᠬᠦᠪᠴᠢ ᠵᠢ ᠬᠣᠷᠢᠶᠠᠨ ᠠᠪᠴᠤ᠌ ᠱᠢᠶ᠋ᠳᠪᠦᠷᠢᠯᠡᠬᠦ᠌ ᠲᠥᠪᠯᠡᠷᠡᠩᠭᠦᠶ ᠪᠣᠭᠣᠮᠲᠠ ᠱᠢᠪᠲᠤᠯᠬᠤ ᠠᠵᠢᠯᠯᠠᠭ᠎ᠠ ᠵᠢ  ᠵᠢᠩᠬᠢᠨᠢ ᠪᠡᠷ  ᠡᠬᠢᠯᠡᠭᠦᠯᠪᠡ᠃

ᠪᠣᠯᠪᠠᠰᠤᠷᠠᠯ ᠤ᠋ᠨ ᠠᠩᠭᠢ ᠡᠴᠡ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠷᠪᠠᠳᠤᠭᠠᠷ ᠡᠭᠡᠯᠵᠢ ᠶ᠋ᠢᠨ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠱᠠᠯᠠᠪᠳᠠᠭᠤᠯᠤᠨ ᠪᠠᠢᠴᠠᠭᠠᠭ᠍ᠰᠠᠨ ᠮᠡᠳᠡᠭᠦᠯᠦᠯᠲᠡ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠴᠡᠭ᠌ᠴᠡᠯᠡᠨ ᠰᠠᠢᠵᠢᠷᠠᠭᠤᠯᠬᠤ ᠲᠥᠰᠦᠯ》 ᠤ᠋ᠨ ᠱᠠᠭᠠᠷᠳᠠᠯᠭ᠎ᠠ ᠵᠢ ᠴᠢᠩᠭ᠎ᠠ ᠡᠵᠡᠮᠳᠡᠵᠦ᠍᠂ ᠮᠠᠯ ᠠᠵᠤ ᠠᠬᠤᠶ ᠲᠠᠷᠢᠶᠠᠯᠠᠡᠭ ᠤ᠋ᠨ ᠬᠦᠷᠢᠶᠡᠨ ᠤ᠋ ᠴᠡᠭ᠌ᠴᠡᠯᠡᠨ ᠰᠠᠢᠵᠢᠷᠠᠭᠤᠯᠬᠤ ᠡᠭᠦᠷᠭᠡ ᠵᠢ ᠪᠥᠬᠥ᠌ ᠲᠠᠯ᠎ᠠ ᠪᠠᠷ ᠲᠣᠬᠢᠷᠠᠭᠤᠯᠤᠨ ᠪᠠᠢᠷᠢᠯᠠᠭᠤᠯᠪᠠ᠃ ᠪᠤᠯᠪᠠᠰᠤᠷᠠᠯ ᠨᠢ ᠲᠠᠷᠢᠶᠠᠯᠠᠩ ᠤ᠋ᠨ ᠰᠦᠯᠢᠶᠣᠣ ᠪᠦᠷᠬᠦᠪᠴᠢ᠂ ᠮᠠᠯ ᠵᠢᠬᠦᠷᠳᠡᠨ ᠤ᠋ ᠢᠯᠭᠠᠳᠠᠰᠤ ᠶ᠋ᠢᠨ ᠪᠣᠬᠢᠷᠲᠤᠯ᠂ ᠣᠷᠣᠱᠢᠨ ᠰᠠᠭᠤᠷᠢᠰᠢᠬᠤ ᠣᠷᠴᠢᠨ ᠨᠦᠬᠦᠴᠡᠯ᠂ ᠭᠡᠮ ᠬᠢᠵᠢᠭ ᠶ᠋ᠢᠡᠷ ᠰᠤᠢᠳᠦᠭᠰᠡᠨ ᠮᠠᠯ ᠵᠢᠬᠦᠷᠳᠡᠨ ᠢ᠋ ᠬᠤᠤᠷ ᠦᠭᠡᠢᠳᠡᠭᠦᠯᠦᠨ ᠱᠢᠶ᠋ᠳᠪᠦᠷᠢᠯᠡᠬᠦ᠌ ᠵᠡᠷᠭᠡ ᠲᠠᠯ᠎ᠠ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠡᠯ᠎ᠡ ᠭᠠᠵᠠᠷ ᠤ᠋ᠨ ᠬᠢᠨ ᠤᠯᠤᠰ ᠲᠥᠷᠥ ᠶ᠋ᠢᠨ ᠵᠣᠭ᠍ᠰᠣᠴᠠ ᠪᠠᠨ ᠳᠡᠭᠡᠭ᠌ᠰᠢᠯᠡᠭᠦᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠤᠨ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ ᠵᠢ ᠪᠣᠳᠠᠲᠠᠢᠵᠢᠭᠤᠯᠵᠤ᠂ ᠴᠡᠭ᠌ᠴᠡᠯᠡᠨ ᠰᠠᠢᠵᠢᠷᠠᠭᠤᠯᠬᠤ ᠠᠵᠢᠯ ᠢ᠋ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠪᠣᠳᠠᠲᠠᠶ ᠠᠵᠢᠯᠯᠠᠭ᠎ᠠ ᠪᠣᠯᠭᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠮᠠᠯ ᠠᠵᠤ ᠠᠬᠤᠶ᠎ᠲᠠᠷᠢᠶᠠᠯᠠᠡᠭ ᠤ᠋ᠨ ᠭᠤᠤᠯᠳᠠᠯᠭ᠎ᠠ ᠲᠠᠶ ᠠᠵᠢᠯ ᠳ᠋ᠤ ᠣᠷᠣᠭᠤᠯᠵᠤ᠂ ᠭᠤᠷᠪᠠᠳᠤᠭᠠᠷ ᠡᠭᠡᠯᠵᠢ ᠶ᠋ᠢᠨ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠢ᠋ ᠴᠠᠭ ᠲᠤᠬᠠᠶ ᠳ᠋ᠤᠨᠢ ᠴᠢᠨᠠᠷ ᠢ᠋ ᠪᠠᠲᠤᠯᠠᠨ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠪᠤᠯᠪᠠᠰᠤᠷᠠᠯ ᠤ᠋ᠨ ᠠᠡᠭᠬᠢ ᠡᠴᠡ᠂ ᠡᠯ᠎ᠡ ᠭᠠᠵᠠᠷ ᠤ᠋ᠨ ᠬᠢᠨ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠪᠠᠷ ᠶᠡᠷᠦᠩᠬᠡᠶ ᠭᠠᠷᠳᠠᠴᠠ ᠪᠣᠯᠭᠠᠨ᠂ ᠲᠠᠷᠢᠶᠠᠯᠠᠩ ᠤ᠋ᠨ ᠰᠦᠯᠢᠶᠣᠣ ᠪᠦᠷᠬᠦᠪᠴᠢ ᠵᠢ ᠬᠤᠷᠢᠶᠠᠨ ᠠᠪᠴᠤ  ᠱᠢᠶ᠋ᠳᠪᠦᠷᠢᠯᠡᠬᠦ᠌  ᠪᠣᠭᠣᠮᠲᠠ ᠱᠢᠪᠲᠤᠯᠬᠤ ᠠᠵᠢᠯᠯᠠᠭ᠎ᠠ ᠵᠢ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ᠂ ᠮᠠᠯ ᠠᠵᠤ ᠠᠬᠤᠶ ᠲᠠᠷᠢᠶᠠᠯᠠᠡᠭ ᠤ᠋ᠨ ᠴᠢᠨᠠᠷ ᠰᠠᠢᠲᠠᠶ ᠬᠥᠭ᠌ᠵᠢᠯᠲᠡ ᠯᠤᠭᠡ ᠭᠦᠨᠵᠡᠭᠡᠶ ᠠᠭᠤᠰᠤᠯᠴᠠᠭᠤᠯᠬᠤ ᠬᠡᠷᠡᠭᠲᠡᠢ; ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠪᠠᠷ ᠠᠵᠠ ᠲᠣᠬᠢᠶᠠᠯ ᠪᠣᠯᠭᠠᠨ ᠮᠠᠯ ᠠᠵᠤ ᠠᠬᠤᠶ ᠲᠠᠷᠢᠶᠠᠯᠠᠡᠭ ᠪᠤᠯᠤᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠳᠤᠲᠠᠭᠤᠳᠠᠯ ᠢ᠋ ᠨᠥᠬᠥᠪᠥᠷᠢᠯᠡᠵᠦ᠍᠂ ᠲᠠᠷᠢᠶᠠᠯᠠᠩ ᠤ᠋ᠨ ᠤᠰᠤ ᠠᠷᠪᠢᠯᠠᠬᠤ᠂ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠵᠡᠷᠭᠡ ᠠᠵᠢᠯ ᠢ᠋ ᠬᠠᠮᠵᠢᠯᠴᠠᠨ ᠠᠬᠢᠭᠤᠯᠵᠤ᠂  ᠮᠠᠯ ᠠᠵᠤ ᠠᠬᠤᠶ ᠲᠠᠷᠢᠶᠠᠯᠠᠡᠭ ᠤ᠋ᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌ ᠠᠯᠬᠤᠭ᠎ᠠ ᠵᠢ ᠲᠦᠷᠭᠡᠳᠭᠡᠨ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ  ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠡᠬᠢᠵᠢᠭᠦᠯᠬᠦ ᠳ᠋ᠦ ᠬᠦᠴᠦᠨ ᠨᠡᠮᠡᠷᠢᠯᠡᠬᠦ ᠬᠡᠷᠡᠭᠲᠡᠢ ᠬᠡᠵᠤ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号