《ᠭᠤᠷᠪᠠᠨ ᠬᠠᠮᠳᠦ》 ᠵᠢᠨ ᠬᠠᠷᠠᠯᠳᠠ ᠵᠢ ᠪᠡᠶᠡᠯᠡᠬᠦᠯᠦᠭᠰᠡᠨ ᠭᠠᠯᠠᠭᠤᠲᠤ ᠪᠠᠯᠭᠠᠰᠤᠨ᠎ᠤ ᠠᠵᠦ ᠦᠢᠯᠡᠰ᠎ᠤᠨ ᠬᠤᠯᠪᠤᠭᠠᠲᠦ ᠴᠤᠬᠴᠠ
2026-03-30 10:37:55
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠠᠵᠦ ᠦᠢᠯᠡᠰ ᠬᠦᠭᠵᠢᠪᠡᠯ ᠦᠨᠳᠦᠰᠦᠨ ᠱᠠᠲᠤᠨ ᠎ᠤ ᠵᠠᠰᠠᠯᠲᠠ ᠰᠢᠯᠢᠲᠡᠭᠵᠢᠵᠦ᠂ ᠦᠨᠳᠦᠰᠦᠨ ᠱᠠᠲᠤᠨ᠎ᠤ ᠵᠠᠰᠠᠯᠲᠠ ᠬᠦᠴᠦᠷᠭᠡᠭᠵᠢᠪᠡᠯ ᠠᠵᠦ ᠦᠢᠯᠡᠰ ᠮᠠᠨᠳᠤᠨ᠎ᠠ᠃ ᠣᠢᠷ᠎ᠠ᠎ᠶᠢᠨ ᠵᠢᠯ᠎ᠳᠦ᠂ ᠤᠷᠳᠤᠰ ᠬᠤᠲᠠ ᠢ᠋ᠢᠨ ᠦᠦᠰᠢᠨ ᠬᠤᠰᠢᠭᠤᠨ᠎ᠤ ᠭᠠᠯᠠᠭᠤᠲᠦ ᠪᠠᠯᠭᠠᠰᠤ ᠨᠠᠮ᠎ᠤᠨ ᠪᠠᠢᠭᠤᠯᠤᠯᠲᠠ ᠪᠡᠷ ᠶᠡᠷᠦᠩᠬᠡᠢᠯᠡᠨ ᠵᠢᠯᠤᠭᠤᠳᠴᠤ᠂ ᠬᠠᠮᠳᠦ ᠪᠡᠷ ᠬᠦᠭᠵᠢᠨ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ ᠬᠦᠭᠵᠢᠯᠲᠡ ᠢ᠋ᠢᠨ ᠠᠯᠬᠤᠴᠠ ᠪᠠᠨ ᠲᠦᠷᠬᠡᠳᠬᠡᠵᠦ᠂ ᠪᠥᠬᠥ ᠠᠵᠤ ᠦᠢᠯᠡᠰ᠎ᠦᠨ ᠬᠡᠯᠬᠢᠶ᠎ᠠ ᠢ᠋ᠢᠨ ᠥᠷᠲᠡᠭ᠎ᠤᠨ ᠨᠡᠮᠡᠭᠳᠡᠯ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠎ᠶᠢᠨ ᠬᠥᠭᠵᠢᠯᠲᠡ᠎ᠶᠢᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ《ᠨᠠᠮ᠎ᠤᠨ ᠡᠭᠦᠷ + ᠬᠤᠷᠱᠢᠶ᠎ᠠ + ᠰᠠᠭᠤᠷᠢᠨ + ᠮᠠᠯᠴᠢᠨ ᠲᠠᠷᠢᠶᠠᠴᠢᠨ ᠡᠷᠦᠬᠡ》᠂ 《ᠨᠠᠮ᠎ᠤᠨ ᠡᠭᠦᠷ + ᠠᠵᠤ ᠠᠬᠤᠢᠯᠠᠯ + ᠬᠤᠷᠱᠢᠶ᠎ᠠ + ᠮᠠᠯᠴᠢᠨ ᠲᠠᠷᠢᠶᠠᠴᠢᠨ ᠡᠷᠦᠬᠡ》 ᠢ᠋ᠢᠨ ᠠᠵᠤ ᠦᠶ᠋ᠯᠡᠰ᠎ᠤᠨ ᠬᠤᠯᠪᠣᠭᠠᠲᠤ ᠴᠣᠭ᠍ᠴᠠ᠎ᠶ᠋ᠢᠨ ᠬᠥᠭ᠌ᠵᠢᠯᠲᠡ᠎ᠶ᠋ᠢᠨ ᠵᠠᠭ᠍ᠪᠤᠷ ᠎ᠢ ᠳᠡᠯᠭᠡᠷᠡᠭᠦᠯᠵᠦ᠂ ᠠᠵᠤ ᠦᠢᠯᠡᠰ᠎ᠦᠨ ᠬᠣᠯᠪᠣᠭᠠᠲᠤ ᠴᠣᠭᠴᠠ᠎ᠪᠠᠷ ᠬᠠᠮᠲᠤ ᠎ᠪᠠᠷ ᠪᠠᠶᠠᠵᠢᠬᠤ᠎ᠶᠢ ᠠᠬᠢᠭᠤᠯᠤᠨ᠂ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠬᠦ᠎ᠶᠢ ᠡᠷᠴᠢᠮᠵᠢᠭᠦᠯᠦᠨ ᠳᠡᠭᠡᠭᠰᠢᠯᠡᠭᠦᠯᠵᠦ᠂ ᠠᠰᠢᠭ᠋ ᠲᠤᠰᠠ ᠎ᠶᠢ ᠬᠠᠮᠲᠤ ᠪᠠᠷ ᠡᠳ᠋ᠯᠡᠬᠦ᠎ᠶᠢ ᠣᠷᠳᠣ᠌ ᠬᠤᠭᠤᠴᠠᠭᠠᠨ ᠎ᠤ ᠪᠦᠲᠦᠮᠵᠢᠲᠡᠶ ᠳᠤᠬᠳᠠᠴᠠ ᠪᠣᠯᠭᠠᠵᠦ᠂ ᠠᠮᠢ ᠠᠬᠤᠢ᠎ᠶᠢᠨ ᠬᠠᠮᠵᠢᠯᠴᠠᠭ᠎ᠠ᠎ᠶᠢ ᠰᠢᠰᠲᠧᠮᠵᠢᠭᠦᠯᠦᠨ ᠠᠬᠢᠭᠤᠯᠪᠠ᠃


《ᠨᠢᠭᠡᠳᠦᠯᠲᠡᠢ ᠳᠠᠷᠢᠵᠤ ᠬᠠᠮᠲᠤ᠎ᠪᠠᠷ ᠪᠠᠶᠠᠵᠢᠬᠤ》 ᠰᠢᠨ᠎ᠡ   ᠵᠠᠮ᠎ᠢ ᠨᠡᠭᠡᠭᠡᠭᠰᠡᠨ ᠲᠠᠷᠢᠮᠠᠯ᠎ᠤᠨ ᠬᠣᠯᠪᠣᠭᠠᠲᠤ   ᠴᠣᠭᠴᠠ

ᠭᠠᠯᠠᠭᠤᠲᠦ ᠪᠠᠯᠭᠠᠰᠤ ᠭᠠᠵᠠᠷ ᠰᠢᠷᠣᠢ᠎ᠶᠢᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠡᠵᠡᠩᠨᠡᠯᠲᠡ᠎ᠶᠢᠨ ᠵᠠᠭᠪᠤᠷ᠎ᠤᠨ ᠰᠢᠨ᠎ᠡ ᠵᠢ ᠡᠬᠦᠲᠦᠨ᠂ 《ᠨᠢᠭᠡᠳᠦᠯᠲᠡᠢ ᠳᠠᠷᠢᠵᠤ ᠬᠣᠯᠪᠤᠭᠠᠯᠠᠨ ᠬᠠᠮᠢᠶᠠᠷᠴᠤ ᠬᠣᠯᠪᠤᠭᠠᠯᠠᠨ ᠬᠤᠷᠢᠶᠠᠬᠤ》 ᠦᠢᠯᠡᠴᠢᠯᠡᠭᠡᠨ᠎ᠦ ᠰᠢᠰᠲᠧᠮ᠎ᠢ᠋ ᠪᠠᠢᠭᠤᠯᠵᠤ᠂ ᠲᠠᠷᠢᠮᠠᠯ᠎ᠤᠨ ᠦᠢᠯᠡᠰ᠎ᠢ ᠪᠣᠬᠢᠷᠲᠤᠯ ᠦᠭᠡᠢ ᠪᠣᠯᠭᠠᠬᠤ᠂ ᠠᠵᠤ ᠦᠢᠯᠡᠰᠵᠢᠭᠦᠯᠬᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠪᠠ᠃

ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠎ᠶᠢ ᠡᠮᠬᠢ ᠵᠢᠷᠤᠮ ᠲᠠᠢ ᠠᠬᠢᠭᠤᠯᠵᠤ᠂ ᠨᠡᠶ᠋ᠢᠲᠡ 1 ᠲᠦᠮᠡ ᠭᠠᠷᠤᠢ ᠮᠦ᠍ ᠭᠠᠵᠠᠷ ᠰᠢᠷᠣᠢ᠎ᠶᠢ ᠨᠠᠢᠳᠠᠨ ᠬᠠᠮᠢᠶᠠᠷᠤᠭᠤᠯᠤᠨ᠂ 7 ᠲᠦᠮᠡ ᠭᠠᠷᠤᠢ ᠮᠦ᠍ ᠨᠡᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ᠂ ᠬᠠᠭᠠᠯᠪᠤᠷᠢᠯᠠᠬᠤ ᠳᠠᠷᠢᠬᠤ ᠬᠠᠮᠢᠶᠠᠷᠬᠤ ᠬᠤᠷᠢᠶᠠᠬᠤ ᠪᠦᠷᠢᠨ ᠬᠡᠯᠬᠢᠶᠡᠵᠢᠭᠰᠡᠨ ᠦᠢᠯᠡᠴᠢᠯᠡᠭᠡ᠎ᠶᠢ ᠪᠡᠶᠡᠯᠡᠭᠦᠯᠪᠡ᠃ ᠳᠠᠪᠴᠠᠭ ᠲᠣᠰᠬᠣᠨ 1400 ᠮᠦ᠍ ᠬᠠᠮᠲᠤ᠎ᠶᠢᠨ ᠭᠠᠵᠠᠷ ᠰᠢᠷᠣᠢ᠎ᠶᠢ ᠨᠡᠢᠳᠬᠡᠨ ᠡᠵᠡᠩᠨᠡᠯᠲᠡ ᠢ᠋ᠢᠨ ᠡᠷᠬᠡ ᠵᠢ ᠬᠦᠢᠯᠭᠡᠭᠡᠵᠦ᠂ 200 ᠭᠠᠷᠤᠢ ᠨᠡᠷᠡᠨ᠎ᠤ ᠭᠡᠷᠡᠯ᠎ᠦᠨ ᠬᠦᠯᠡᠮᠵᠢ᠎ᠶᠢ ᠭᠠᠳᠠᠭᠰᠢ ᠳᠠᠭᠠᠭᠠᠴᠢᠯᠠᠵᠤ᠂ 2023 ᠣᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ ᠨᠢ ᠠᠩᠬ᠎ᠠ ᠤᠳᠠᠭ᠎ᠠ 100 ᠲᠦᠮᠡᠨ ᠲᠥᠭᠥᠷᠢᠭ᠎ᠢ ᠳᠠᠪᠠᠵᠠᠢ᠃ ᠱᠸᠨ ᠱᠦᠢ ᠲᠠᠢ — ᠰᠠᠰᠠ ᠴᠠᠢᠲᠠᠮ — ᠰᠡᠪᠭᠦᠯ ᠭᠤᠷᠪᠠᠨ ᠲᠣᠰᠬᠣᠨ᠎ᠢ ᠨᠢᠭᠡ ᠴᠣᠭᠴᠠᠵᠢᠭᠤᠯᠬᠤ ᠲᠦᠷᠦᠯ ᠵᠦᠢᠯ᠎ᠢ ᠬᠡᠷᠡᠭᠵᠢᠭᠦᠯᠵᠦ᠂ 《ᠡᠬᠢ ᠪᠠᠶᠠᠯᠢᠭ᠋᠎ᠢ ᠡᠳ᠋ ᠬᠥᠷᠥᠩᠭᠡ ᠪᠣᠯᠭᠠᠬᠤ᠂ ᠪᠡᠯᠡ ᠮᠥᠩᠭᠥ᠎ᠶᠢ ᠬᠤᠪᠢ ᠣᠷᠣᠭᠤᠯᠤᠯᠲᠠ᠎ᠶᠢᠨ ᠮᠥᠩᠭᠥ ᠪᠣᠯᠭᠠᠬᠤ᠂ ᠲᠠᠷᠢᠶᠠᠴᠢᠨ ᠎ᠢ  ᠬᠤᠪᠢ ᠣᠷᠣᠭᠤᠯᠤᠭ᠍ᠴᠢ ᠪᠣᠯᠭᠠᠬᠤ》ᠥᠭᠡᠷᠡᠴᠢᠯᠡᠯᠲᠡ᠎ᠳᠦ ᠲᠦᠰᠢᠭᠯᠡᠨ 8000 ᠭᠠᠷᠤᠢ ᠮᠦ᠍ ᠭᠠᠵᠠᠷ ᠰᠢᠷᠣᠢ᠎ᠶᠢ ᠨᠡᠢᠳᠬᠡᠵᠦ᠂ ᠡᠷᠦᠬᠡ ᠳᠤᠮᠳᠠᠴᠢ ᠢ᠋ᠢᠨ  ᠣᠷᠣᠯᠭ᠎ᠠ᠎ᠶᠢᠨ ᠨᠡᠮᠡᠭᠳᠡᠯ 8000 ᠲᠥᠭᠥᠷᠢᠭ᠎ᠢ᠋ ᠲᠠᠪᠠᠵᠠᠢ᠃

ᠤᠨᠴᠠᠯᠢᠬᠲᠦ ᠲᠠᠷᠢᠵᠦ ᠲᠡᠵᠢᠭᠡᠬᠦ ᠤᠷᠴᠢᠯ᠎ᠳᠤ ᠠᠩᠬᠠᠷᠤᠯ ᠢ᠋ᠢᠡᠨ ᠲᠦᠪᠯᠡᠷᠡᠭᠦᠯᠦᠨ᠂ ᠡᠪᠡᠰᠦ ᠪᠣᠷᠳᠣᠭ᠎ᠠ᠎ᠶᠢᠨ 《ᠲᠥᠪ ᠦᠢᠯᠡᠳᠬᠡᠭᠦᠷ》 ᠢ᠋ ᠪᠦᠲᠦᠭᠡᠨ ᠪᠠᠢᠭᠤᠯᠵᠤ᠂ ᠡᠷᠲᠡ ᠪᠣᠯᠪᠠᠰᠤᠷᠠᠬᠤ ᠨᠣᠬᠠᠢ ᠬᠣᠰᠢᠭᠤ᠂ ᠨᠤᠭᠤᠭᠠᠨ ᠢ᠋ᠢᠡᠷ ᠲᠠᠷᠤᠰᠢᠭᠤᠯᠬᠤ ᠡᠷᠳᠡᠨᠢ ᠰᠢᠰᠢ᠎ᠶᠢ 4000 ᠮᠦ᠍ ᠡᠭᠡᠯᠵᠢᠯᠡᠨ ᠳᠠᠷᠢᠵᠤ᠂ ᠱᠧᠨ ᠱᠦᠢ᠎ᠲᠠᠢ ᠲᠣᠰᠬᠣᠨ᠎ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠ ᠤᠰᠤ ᠪᠣᠷᠳᠣᠭᠤᠷ᠎ᠤᠨ ᠬᠣᠣᠰ ᠡᠵᠡᠮᠳᠡᠯ᠎ᠦᠨ ᠲᠥᠷᠥᠯ ᠵᠦᠢᠯ᠎ᠢ 3000 ᠮᠦ᠍ ᠪᠡᠶᠡᠯᠡᠭᠦᠯᠵᠦ᠂ ᠡᠷᠳᠡᠨᠢ ᠰᠢᠰᠢ᠎ᠶᠢᠨ ᠮᠸ᠋ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠮᠡᠷᠭᠡᠵᠢᠯ᠎ᠢ 7000 ᠮᠦ᠍ ᠳᠡᠯᠭᠡᠷᠡᠭᠦᠯᠪᠡ᠃ ᠳ᠋ᠣᠺᠲ᠋ᠣᠷᠠᠨᠲ᠎ᠤᠨ ᠠᠵᠢᠯᠯᠠᠬᠤ ᠥᠷᠲᠡᠭᠡ᠎ᠳᠦ ᠲᠦᠰᠢᠭᠯᠡᠨ ᠢᠳᠡᠭᠡᠨ᠎ᠦ ᠮᠥᠭᠥ᠎ᠶᠢ ᠪᠣᠢᠵᠢᠭᠤᠯᠬᠤ ᠰᠠᠭᠤᠷᠢᠨ᠎ᠢ ᠪᠠᠢᠭᠤᠯᠵᠤ ᠂ 《ᠠᠯᠲᠠᠨ ᠮᠦᠬᠦ》2000 ᠪᠣᠭᠣᠯᠲᠠ᠂ ᠪᠤᠯᠳᠤᠷᠤᠤ ᠮᠥᠭᠥ᠎ᠶᠢ 8 ᠲᠦᠮᠡᠨ ᠪᠣᠭᠣᠯᠲᠠ ᠳᠠᠷᠢᠵᠤ ᠂ 《ᠰᠢᠨᠵᠢᠯᠡᠬᠦ ᠤᠬᠠᠭᠠᠨ᠎ᠤ ᠰᠤᠳᠤᠯᠭᠠᠨ + ᠰᠠᠭᠤᠷᠢᠨ+ ᠲᠠᠷᠢᠶᠠᠴᠢᠨ ᠡᠷᠦᠬᠡ》 ᠢ᠋ᠢᠨ ᠲᠠᠷᠢᠶᠠᠯᠠᠩ᠎ᠲᠠᠢ ᠬᠣᠯᠪᠤᠭᠠᠯᠠᠨ ᠲᠠᠷᠢᠶᠠᠯᠠᠩ᠎ᠢ ᠳᠠᠢᠴᠢᠯᠠᠬᠤ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠪᠡ᠃

ᠢᠲᠡᠰᠢᠨ ᠨᠤᠭᠤᠭ᠎ᠠ ᠢ᠋ᠢᠨ ᠬᠠᠩᠭᠠᠯᠭ᠎ᠠ ᠵᠢ ᠪᠠᠲᠤᠯᠠᠬᠤ ᠬᠡᠷᠡᠭᠴᠡᠭᠡ᠎ᠳᠤ ᠠᠩᠬᠠᠷᠤᠯ ᠢ᠋ᠢᠡᠨ ᠲᠦᠪᠯᠡᠷᠡᠭᠦᠯᠦᠨ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠢᠳᠡᠰᠢᠨ ᠨᠣᠭᠣᠭ᠎ᠠ᠎ᠶᠢᠨ ᠬᠠᠩᠭᠠᠯᠭ᠎ᠠ᠎ᠶᠢᠨ ᠰᠠᠭᠤᠷᠢᠨ᠎ᠢ ᠪᠠᠢᠭᠤᠯᠵᠤ᠂ ᠵᠢᠯ᠎ᠳᠦ 920 ᠲᠣᠨ ᠢᠳᠡᠰᠢᠨ ᠨᠣᠭᠣᠭ᠎ᠠ ᠬᠠᠩᠭᠠᠵᠤ᠂ ᠣᠷᠭᠠᠨᠢᠭ᠋ ᠬᠣᠯᠢᠮᠠᠭ ᠠᠮᠤ᠂ ᠣᠨᠴᠠᠯᠢᠭ᠍ᠲᠤ ᠵᠢᠮᠢᠰ ᠨᠣᠭᠣᠭ᠎ᠠ᠎ᠶᠢᠨ ᠲᠠᠷᠢᠮᠠᠯ᠎ᠢ 2000 ᠮᠦ᠍ ᠥᠷᠭᠡᠳᠬᠡᠨ᠂ 《ᠵᠠᠬᠢᠶᠠᠯᠠᠭ᠎ᠠ᠎ᠶᠢᠨ ᠲᠠᠷᠢᠶᠠᠯᠠᠩ》 ᠤ᠋ᠨ ᠰᠢᠨ᠎ᠡ ᠵᠠᠭᠪᠤᠷ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠵᠠᠢ᠃ᠭᠠᠯᠠᠭᠤᠲᠦ ᠪᠠᠯᠭᠠᠰᠤ ᠤᠯᠠᠮᠵᠢᠯᠠᠯᠲᠤ ᠲᠠᠷᠢᠶᠠᠨ ᠭᠠᠵᠠᠷ᠎ᠢ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠬᠠᠮᠲᠤ ᠪᠠᠷ ᠡᠳ᠋ᠯᠡᠬᠦ ᠲᠠᠷᠢᠶᠠᠨ ᠭᠠᠵᠠᠷ᠎ᠤᠨ ᠦᠢᠯᠡᠳᠦᠯᠭᠡ᠎ᠶᠢᠨ ᠰᠠᠭᠤᠷᠢᠨ ᠪᠣᠯᠭᠠᠨ ᠬᠤᠪᠢᠷᠠᠭᠤᠯᠵᠤ᠂ 《ᠭᠠᠵᠠᠷ ᠰᠢᠷᠣᠢ᠎ᠶᠢᠨ ᠦᠷᠳᠡᠭ᠎ᠢ ᠨᠡᠮᠡᠭᠳᠡᠭᠦᠯᠬᠦ ᠂ ᠬᠠᠮᠲᠤ᠎ᠶᠢᠨ ᠣᠷᠣᠯᠭ᠎ᠠ᠎ᠶᠢ ᠨᠡᠮᠡᠭᠳᠡᠭᠦᠯᠬᠦ᠂ ᠤᠯᠠᠨ ᠲᠦᠮᠡᠨ᠎ᠳᠦ ᠠᠰᠢᠭ᠋ ᠬᠦᠷᠲᠡᠭᠡᠬᠦ 》 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ᠎ᠶᠢᠨ ᠵᠠᠭᠪᠤᠷ᠎ᠢ ᠪᠦᠷᠢᠯᠳᠦᠭᠦᠯᠪᠡ᠃


 《ᠨᠢᠭᠡᠳᠦᠯᠲᠡᠢ ᠲᠡᠵᠢᠭᠡᠵᠦ ᠬᠠᠮᠲᠤ᠎ᠪᠠᠷ ᠪᠠᠶᠠᠵᠢᠬᠤ》ᠰᠢᠨ᠎ᠡ ᠪᠠᠢᠷᠢᠰᠢᠯ᠎ᠢ  ᠪᠦᠷᠢᠯᠲᠦᠭᠦᠯᠦᠭᠰᠡᠨ ᠲᠡᠵᠢᠭᠡᠨ ᠦᠷᠡᠵᠢᠭᠦᠯᠬᠦ ᠬᠣᠯᠪᠣᠭᠠᠲᠤ ᠴᠣᠭᠴᠠ

ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ᠂ ᠠᠰᠢᠭ᠋ ᠲᠤᠰᠠ᠎ᠶᠢᠨ ᠬᠣᠯᠪᠣᠭ᠎ᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠴᠦ᠂ 《ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ᠂ ᠣᠯᠠᠨ ᠡᠰᠢᠵᠢᠭᠦᠯᠦᠨ ᠬᠥᠭᠵᠢᠭᠦᠯᠬᠦ》 ᠵᠠᠭᠪᠤᠷ᠎ᠢ ᠪᠠᠢᠭᠤᠯᠵᠤ᠂ ᠭᠠᠯᠠᠭᠤᠲᠦ ᠪᠠᠯᠭᠠᠰᠤ ᠮᠠᠯ ᠠᠵᠤ ᠠᠬᠤᠢ᠎ᠶᠢᠨ ᠬᠡᠪᠴᠢᠶᠡᠵᠢᠬᠦ᠂ ᠲᠦᠷᠦᠯ ᠲᠡᠮᠳᠡᠭᠵᠢᠬᠦ᠂ ᠪᠠᠷᠢᠮᠵᠢᠶᠠᠵᠢᠬᠤ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠪᠠ᠃

ᠭᠠᠯᠠᠭᠤᠲᠦ ᠪᠠᠯᠭᠠᠰᠤ ᠣᠷᠳᠣᠰ᠎ᠤᠨ ᠨᠠᠷᠢᠨ ᠨᠣᠣᠰᠣᠲᠤ ᠬᠣᠨᠢᠨ᠎ᠤ ᠠᠵᠤ ᠦᠢᠯᠡᠰ᠎ᠦᠨ ᠬᠦᠴᠦᠷᠬᠡᠭ ᠪᠠᠯᠭᠠᠰᠤ᠂ ᠰᠡᠪᠬᠦᠯ ᠭᠠᠴᠠᠭ᠎ᠠ᠎ᠶᠢᠨ ᠠᠭᠤᠷᠬᠠᠢ᠎ᠶᠢᠨ ᠣᠷᠣᠨ᠎ᠤ ᠨᠡᠭᠦᠲᠡᠯ ᠠᠷᠠᠳ᠎ᠤᠨ ᠠᠵᠤ ᠦᠢᠯᠡᠰ᠎ᠦᠨ ᠬᠦᠷᠢᠶᠡᠯᠡᠩ᠎ᠦᠨ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠲᠣᠭᠣᠷᠢᠭ᠋᠂ ᠰᠠᠷᠠᠭᠤᠯ ᠨᠤᠳᠤᠭ ᠭᠠᠴᠠᠭᠠᠨ᠎ᠤ ᠬᠠᠮᠲᠤ᠎ᠶᠢᠨ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 19 ᠲᠥᠷᠥᠯ ᠵᠦᠢᠯ᠎ᠢ ᠪᠡᠶᠡᠯᠡᠭᠦᠯᠪᠡ᠃ 《ᠬᠠᠮᠲᠤ᠎ᠶᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠬᠡ》 ᠢ᠋ᠢᠨ ᠬᠥᠭᠵᠢᠯᠲᠡ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ 《ᠲᠡᠵᠢᠭᠡᠪᠦᠷᠢ ᠶ᠋ᠢᠨ ᠡᠷᠦᠬᠡ ᠪᠤᠢᠵᠢᠭᠤᠯᠵᠤ ᠠᠵᠤ ᠠᠬᠤᠢᠯᠠᠯ ᠡᠴᠡ ᠪᠤᠷᠳᠤᠵᠤ ᠲᠠᠷᠭᠤᠯᠠᠭᠤᠯᠬᠤ》 ᠳ᠋ᠤ ᠲᠦᠰᠢᠭᠯᠡᠨ 1000 ᠭᠠᠷᠤᠢ ᠳᠡᠭᠡᠳᠦ ᠲᠠᠰ᠎ᠤᠨ ᠮᠢᠬᠠᠨ᠎ᠤ ᠦᠬᠡᠷ᠎ᠢ ᠣᠷᠣᠭᠤᠯᠤᠨ ᠠᠪᠴᠢᠷᠠᠵᠤ᠂ 10 ᠪᠠᠷᠢᠮᠵᠢᠶᠠᠵᠢᠭ᠍ᠰᠠᠨ ᠮᠢᠬᠠᠨ᠎ᠤ ᠦᠬᠡᠷ ᠲᠡᠵᠢᠭᠡᠨ ᠪᠣᠷᠳᠣᠵᠤ ᠲᠠᠷᠭᠤᠯᠠᠭᠤᠯᠬᠤ ᠲᠠᠯᠠᠪᠠᠶ᠂ 19 ᠵᠢᠱ᠌ᠢᠶ᠎ᠡ ᠦᠵᠡᠭᠦᠯᠬᠦ ᠡᠷᠦᠬᠡ᠎ᠶᠢ ᠪᠠᠢᠭᠤᠯᠪᠠ᠃

《ᠬᠣᠨ ᠭᠠᠯᠠᠭᠤ》ᠲᠦᠷᠦᠯ ᠲᠡᠮᠲᠡᠭ ᠢ᠋ᠢᠡᠷ ᠵᠢᠯᠣᠭᠣᠳᠤᠮᠵᠢ ᠪᠣᠯᠭᠠᠵᠤ᠂ ᠣᠲᠣ᠌᠎ᠶᠢᠨ ᠪᠠᠢᠭ᠎ᠠ ᠴᠠᠭᠠᠨ ᠢᠳᠡᠭᠡᠨ᠎ᠦ ᠦᠢᠯᠡᠳᠬᠡᠯ᠎ᠦᠨ ᠭᠠᠵᠠᠷ᠎ᠢ ᠲᠠᠰ ᠳᠡᠪᠰᠢᠭᠦᠯᠦᠨ ᠥᠭᠡᠷᠡᠴᠢᠯᠡᠵᠦ᠂ ᠵᠢᠦᠸᠠᠨ ᠱᠠᠨ᠂ ᠬᠣᠯᠠᠨᠳ᠋᠎ᠤᠨ ᠰᠠᠭᠠᠯᠢ᠎ᠶᠢᠨ ᠦᠨᠢᠶ᠎ᠡ᠎ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠶ᠎ᠶᠢ ᠪᠣᠶ ᠪᠣᠯᠭᠠᠵᠤ᠂ ᠴᠢᠨᠠᠷ ᠰᠠᠢᠲᠠᠢ ᠵᠢᠦᠸᠠᠨ ᠱᠠᠨ ᠰᠠᠭᠠᠯᠢ᠎ᠶᠢᠨ ᠦᠨᠢᠶ᠎ᠡ᠎ᠶᠢ 130 ᠲᠤᠯᠤᠭᠠᠢ ᠪᠣᠢᠵᠢᠭᠤᠯᠤᠨ᠂ ᠴᠢᠨᠠᠷ ᠰᠠᠢᠲᠠᠢ ᠰᠢᠩᠭᠡᠨ ᠲᠦᠯᠤᠪᠲᠤ ᠰᠦ᠂ ᠣᠨᠴᠠᠯᠢᠭ᠍ᠲᠤ ᠬᠠᠭᠤᠷᠠᠢ ᠴᠠᠭᠠᠨ ᠢᠳᠡᠭᠡ ᠵᠡᠷᠭᠡ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂《ᠬᠠᠮᠤᠭ᠎ᠤᠨ ᠲᠣᠮᠣ᠌ ᠦᠷᠦᠮ᠎ᠡ》 ᠢ᠋ᠢᠨ ᠬᠢᠨᠢᠰ᠎ᠤᠨ ᠲᠡᠯᠡᠬᠡᠢ ᠢ᠋ᠢᠨ ᠲᠡᠮᠲᠡᠭᠯᠡᠯ ᠢ᠋ ᠡᠬᠦᠳᠪᠠ᠃ 260 ᠲᠦᠮᠡᠨ ᠲᠥᠭᠥᠷᠢᠭ ᠪᠡᠯᠡ ᠣᠷᠣᠭᠤᠯᠵᠤ ᠱᠧᠨ ᠱᠦᠢ ᠲᠠᠢ᠎ᠶᠢᠨ ᠨᠤᠲᠤᠭ᠎ᠤᠨ ᠲᠠᠬᠢᠶᠠᠨ᠎ᠤ ᠬᠦᠷᠢᠶ᠎ᠡ ᠬᠠᠰᠢᠶ᠎ᠠ᠎ᠶᠢᠨ ᠲᠡᠵᠢᠭᠡᠨ ᠦᠷᠡᠵᠢᠭᠦᠯᠬᠦ ᠰᠠᠭᠤᠷᠢᠨ᠎ᠢ ᠪᠠᠢᠭᠤᠯᠵᠤ᠂ ᠬᠡᠰᠡᠭᠯᠡᠨ ᠬᠤᠪᠢᠶᠠᠬᠤ ᠦᠢᠯᠡᠳᠪᠦᠷᠢ᠎ᠶᠢᠨ ᠲᠠᠰᠤᠭ᠂ ᠬᠦᠢᠲᠡᠨ ᠬᠥᠮᠥᠷᠭᠡ ᠪᠠ ᠲᠠᠬᠢᠶᠠᠨ ᠰᠠᠷᠠᠪᠴᠢ ᠵᠢ 10 ᠪᠠᠢᠭᠤᠯᠵᠤ᠂ 3 ᠲᠦᠮᠡᠨ ᠴᠤᠷᠪᠠᠭ᠎ᠠ ᠳᠠᠷᠤᠵᠦ ᠲᠠᠷᠬᠠᠭᠠᠪᠠ᠃ ᠥᠨᠳᠡᠭᠡᠨ ᠲᠠᠬᠢᠶ᠎ᠠ᠂ 《ᠢ ᠯᠠ ᠲᠸ᠋》ᠲᠠᠤᠯᠠᠢ᠂ ᠲᠥᠪᠡᠳ ᠭᠠᠬᠠᠢ ᠵᠡᠷᠭᠡ ᠣᠨᠴᠠᠯᠢᠭ᠍ᠲᠤ ᠲᠡᠵᠢᠭᠡᠨ ᠦᠷᠡᠵᠢᠭᠦᠯᠬᠦ ᠵᠦᠢᠯ ᠢ᠋ ᠵᠡᠷᠭᠡ ᠳ᠋ᠦ᠍ᠨᠢ ᠥᠷᠭᠡᠳᠬᠡᠵᠦ᠂ ᠮᠠᠯ ᠠᠵᠤ ᠠᠬᠤᠢ᠎ᠶᠢ ᠤᠯᠠᠮᠵᠢᠯᠠᠯᠲᠦ 《ᠤᠯᠠᠨ ᠲᠡᠵᠢᠭᠡᠵᠦ》 ᠪᠠᠢᠭᠰᠠᠨ ᠡᠴᠡ ᠶᠠᠰᠤ ᠴᠢᠨᠠᠷ ᠢ᠋ ᠲᠡᠭᠡᠭᠰᠢᠯᠡᠭᠦᠯᠬᠦ 《ᠨᠠᠷᠢᠯᠢᠭ᠋ ᠲᠡᠵᠢᠭᠡᠬᠦ》 ᠳᠠᠢᠰᠢ ᠬᠤᠪᠢᠷᠠᠭᠤᠯᠬᠤ᠎ᠶᠢ ᠠᠬᠢᠭᠤᠯᠪᠠ᠃

《 ᠲᠡᠵᠢᠭᠡᠨ ᠠᠷᠠᠴᠢᠯᠠᠬᠤ — ᠨᠢᠲᠤᠯᠬᠤ — ᠬᠥᠯᠳᠡᠭᠡᠵᠦ ᠬᠡᠯᠬᠢᠶᠡᠵᠢᠭᠦᠯᠬᠦ — ᠡᠳ᠋ᠰᠢᠭᠦᠯᠬᠦ — ᠪᠣᠷᠣᠯᠠᠭᠤᠯᠬᠤ 》 ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠨᠠᠷᠢᠯᠢᠭ᠋ ᠰᠠᠯᠭᠠᠬᠤ᠂ ᠪᠡᠯᠡᠭ ᠎ᠦᠨ ᠬᠠᠢᠷᠴᠠᠭ ᠎ᠤᠨ ᠪᠣᠭᠣᠳᠠᠯ ᠵᠡᠷᠭᠡ ᠥᠨᠳᠥᠷ ᠨᠡᠮᠡᠯᠲᠡ ᠥᠷᠲᠡᠭ᠎ᠲᠠᠢ ᠦᠢᠯᠡᠳᠬᠦᠨ᠎ᠢ ᠨᠡᠭᠡᠭᠡᠨ ᠬᠥᠭᠵᠢᠭᠦᠯᠵᠦ ᠂ 《ᠬᠣᠰᠢᠭᠤᠨ ᠳᠣᠲᠣᠷᠠᠬᠢ ᠬᠠᠩᠭᠠᠯᠭ᠎ᠠ᠎ᠶᠢ ᠪᠠᠲᠤᠯᠠᠵᠤ ᠦᠨ᠎ᠡ ᠬᠠᠩᠰᠢ᠎ᠶᠢ ᠲᠣᠭᠲᠠᠪᠤᠷᠢᠵᠢᠭᠤᠯᠬᠤ᠂ ᠬᠣᠰᠢᠭᠤᠨ ᠭᠠᠳᠠᠨᠠᠬᠢ ᠵᠠᠬ᠎ᠠ ᠳᠡᠯᠭᠡᠭᠦᠷ᠎ᠢ ᠥᠷᠭᠡᠳᠬᠡᠬᠦ 》 ᠬᠣᠣᠰ ᠡᠷᠭᠢᠯᠲᠡᠲᠦ ᠬᠥᠭᠵᠢᠯᠲᠡ᠎ᠶᠢᠨ ᠪᠠᠢᠷᠢᠰᠢᠯ᠎ᠢ ᠪᠣᠶ ᠪᠣᠯᠭᠠᠵᠤ᠂ ᠡᠯᠧᠺᠲᠷᠣᠨ ᠬᠤᠳᠠᠯᠳᠤᠭᠠᠨ ᠎ᠤ ᠰᠢᠭᠤᠳ ᠨᠡᠪᠲᠡᠷᠡᠭᠦᠯᠭᠡ ᠵᠡᠷᠭᠡ ᠠᠷᠭ᠎ᠠ ᠵᠠᠮ᠎ᠢᠶᠠᠷ ᠪᠣᠷᠤᠯᠠᠭᠤᠯᠭ᠎ᠠ᠎ᠶᠢᠨ ᠲᠣᠣᠷ ᠢ᠋ ᠥᠷᠭᠡᠳᠬᠡᠨ᠂ ᠠᠵᠤ ᠦᠢᠯᠡᠰ ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠎ᠳᠦ 《ᠬᠣᠶᠠᠷ ᠲᠠᠯ᠎ᠠ᠎ᠪᠠᠷ᠎ᠢᠶᠠᠨ ᠠᠰᠢᠭ᠋ ᠭᠥᠷᠳᠡᠬᠦ》 ᠵᠢ ᠪᠡᠶᠡᠯᠡᠭᠦᠯᠵᠡᠢ᠃

《ᠪᠦᠬᠦ ᠴᠠᠷᠠᠭ᠎ᠠ ᠎ᠪᠠᠷ᠎ᠢᠶᠠᠨ ᠬᠠᠮᠲᠤ ᠪᠠᠷ ᠬᠦᠭᠵᠢᠬᠦ》ᠰᠢᠨ᠎ᠡ  ᠲᠥᠰᠥᠪ ᠎ᠢ  ᠵᠢᠷᠤᠭᠯᠠᠬᠰᠠᠨ  ᠰᠣᠶᠣᠯ  ᠵᠢᠭᠤᠯᠴᠢᠯᠠᠯ ᠎ᠤᠨ  ᠬᠣᠯᠪᠣᠭᠠᠲᠤ  ᠴᠣᠭᠴᠠ

ᠭᠠᠯᠠᠭᠤᠲᠦ ᠪᠠᠯᠭᠠᠰᠤ ᠡᠮᠦᠨ᠎ᠡ ᠪᠡᠶ᠎ᠡ ᠢ᠋ᠢᠨ ᠬᠥᠳᠡᠭᠡ ᠲᠣᠰᠬᠣᠨ᠎ᠤ ᠶᠡᠷᠦᠩᠬᠡᠢᠯᠡᠭᠰᠡᠨ ᠴᠣᠭᠴᠠ᠎ᠪᠠᠷ ᠭᠣᠣᠯ ᠪᠣᠯᠭᠠᠵᠤ᠂ 4 ᠣᠨᠴᠠᠯᠢᠭ᠍ᠲᠤ ᠠᠷᠠᠳ᠎ᠤᠨ ᠣᠷᠣᠨ ᠰᠠᠭᠤᠴᠠ᠎ᠶᠢ ᠰᠢᠨ᠎ᠡ᠎ᠪᠡᠷ ᠪᠠᠢᠭᠤᠯᠵᠤ᠂ ᠱᠧᠨ ᠱᠦᠢ᠎ᠲᠠᠢ ᠲᠣᠰᠬᠣᠨ᠎ᠤ ᠬᠤᠳᠠᠯᠳᠤᠭᠠᠨ᠎ᠤ ᠵᠡᠭᠡᠯᠢ᠎ᠶᠢᠨ ᠪᠣᠳᠠᠲᠤ ᠴᠣᠭᠴᠠᠲᠤ ᠡᠵᠡᠩᠨᠡᠯᠲᠡ᠎ᠶᠢ ᠠᠬᠢᠭᠤᠯᠤᠨ᠂ ᠣᠨᠴᠠᠯᠢᠭ᠍ᠲᠤ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠵᠤᠭ᠎ᠠ ᠴᠡᠩᠭᠡᠯ ᠵᠡᠷᠭᠡ ᠣᠯᠠᠨ ᠡᠰᠢᠲᠦ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠣᠷᠣᠭᠤᠯᠪᠠ᠃ ᠬᠤᠢᠲᠦ ᠪᠡᠶ᠎ᠡ ᠢ᠋ᠢᠨ ᠦᠦᠰᠢᠨ ᠠᠳᠤᠭᠤ ᠲᠡᠵᠢᠭᠡᠨ ᠦᠷᠡᠵᠢᠭᠦᠯᠬᠦ ᠲᠠᠯᠠᠪᠠᠢ᠂ ᠰᠤᠯᠤᠩᠭᠠᠨ ᠥᠩᠭᠡᠲᠦ ᠳᠠᠪᠤᠰᠤᠨ ᠨᠠᠭᠤᠷ ᠵᠡᠷᠭᠡ ᠦᠵᠡᠮᠵᠢ᠎ᠶᠢᠨ ᠣᠷᠣᠨ᠎ᠲᠠᠢ ᠬᠣᠯᠪᠤᠭᠠᠯᠠᠨ ᠬᠥᠳᠡᠯᠦᠯᠴᠡᠵᠦ ᠂ 《 ᠡᠮᠦᠨ᠎ᠡ ᠪᠡᠶ᠎ᠡ ᠢ᠋ᠢᠨ ᠰᠡᠯᠡᠭᠦᠴᠡᠯ + ᠬᠤᠢᠲᠦ ᠪᠡᠶ᠎ᠡ ᠢ᠋ᠢᠨ ᠠᠮᠢ ᠠᠬᠤᠢ 》 ᠭᠡᠬᠦ ᠬᠣᠣᠰ ᠵᠢᠭᠤᠯᠴᠢᠯᠠᠯ᠎ᠤᠨ ᠲᠣᠭᠣᠷᠢᠯᠲᠠ᠎ᠶᠢᠨ ᠱᠤᠭᠤᠮ᠎ᠢ ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠬᠥᠮᠦᠵᠢᠯ ᠦᠢᠯᠡᠳᠦᠯᠭᠡ᠎ᠶᠢᠨ ᠰᠠᠭᠤᠷᠢᠨ᠎ᠢ ᠵᠡᠷᠭᠡ᠎ᠪᠡᠷ ᠲᠡᠭᠦᠯᠳᠡᠷᠵᠢᠭᠦᠯᠵᠦ᠂ ᠵᠢᠭᠤᠯᠴᠢᠯᠠᠬᠰᠠᠳ ᠢ᠋ ᠨᠡᠢ᠍ᠢᠳᠡ 2.1 ᠲᠦᠮᠡ ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ 《ᠪᠦᠯᠬᠦᠮᠳᠡᠯ ᠮᠠᠶᠢᠭ᠋᠎ᠤᠨ ᠬᠥᠭᠵᠢᠯᠲᠡ 》 ᠪᠡᠷ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ ᠪᠣᠯᠣᠨ ᠲᠠᠯ᠎ᠠ ᠨᠤᠲᠤᠭ᠎ᠤᠨ ᠵᠠᠩ ᠦᠢᠯᠡ᠎ᠶᠢᠨ ᠣᠢᠯᠠᠭᠠᠯᠲᠠ᠎ᠶᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠪᠠ᠃

ᠰᠣᠶᠣᠯ᠎ᠢᠶᠠᠷ ᠰᠤᠳᠠᠰᠤ ᠪᠣᠯᠭᠠᠵᠤ᠂ ᠠᠮᠲᠠᠲᠤ ᠢᠳᠡᠭᠡᠨ᠎ᠢᠶᠡᠷ ᠠᠴᠢᠶᠠᠯᠠᠪᠤᠷᠢ ᠪᠣᠯᠭᠠᠨ᠂ ᠬᠡᠷᠡᠯ ᠵᠢᠷᠤᠭ᠎ᠢᠶᠠᠷ ᠵᠠᠭᠤᠴᠢ ᠪᠣᠯᠭᠠᠵᠤ᠂ 《ᠦᠷᠦᠮ᠎ᠡ᠎ᠶᠢᠨ ᠠᠮᠳᠠᠳᠦ ᠵᠢᠵᠢᠭ ᠪᠠᠯᠭᠠᠰᠤ》 ᠵᠢᠨ ᠰᠣᠳᠣᠨ ᠵᠠᠮ ᠱᠤᠭᠤᠮ᠎ᠢ ᠵᠢᠷᠤᠵᠤ ᠲᠥᠯᠥᠪᠯᠡᠨ᠂ ᠰᠦ᠎ᠲᠠᠢ ᠴᠠᠢ᠎ᠶᠢᠨ ᠵᠣᠴᠢᠳ᠎ᠤᠨ ᠲᠢᠩᠬᠢᠮ ᠂ ᠰᠣᠶᠣᠯ᠎ᠤᠨ ᠡᠭᠦᠳᠦᠯᠲᠡ᠎ᠶᠢᠨ ᠰᠢᠭᠤᠳ ᠡᠵᠡᠩᠨᠡᠯᠲᠡ᠎ᠶᠢᠨ ᠳᠡᠯᠭᠡᠭᠦᠷ ᠵᠡᠷᠭᠡ ᠰᠢᠨ᠎ᠡ ᠬᠡᠷᠡᠭᠯᠡᠭᠡᠨ᠎ᠦ ᠲᠠᠯᠠᠪᠤᠷ᠎ᠢ ᠪᠠᠢᠭᠤᠯᠵᠦ᠂ ᠵᠠᠯᠠᠭᠤᠴᠤᠳ᠎ᠤᠨ ᠬᠡᠷᠡᠭᠯᠡᠭᠡᠨ᠎ᠦ ᠬᠥᠳᠡᠯᠭᠡᠬᠦ ᠬᠦᠴᠦᠨ᠎ᠢ ᠪᠠᠳᠠᠷᠠᠭᠤᠯᠪᠠ ᠃ ᠵᠠᠬ᠎ᠠ ᠳᠡᠯᠭᠡᠭᠦᠷ᠎ᠦᠨ ᠭᠤᠳᠤᠮᠵᠢ᠎ᠶᠢ ᠲᠡᠰ ᠳᠡᠪᠰᠢᠭᠦᠯᠦᠨ ᠥᠭᠡᠷᠡᠴᠢᠯᠡᠵᠦ᠂ 《ᠰᠥᠨᠢ᠎ᠶᠢᠨ ᠠᠵᠤ ᠠᠬᠤᠢ》 ᠶ᠋ᠢ ᠬᠠᠢᠨ ᠰᠦᠪᠡᠭᠴᠢᠯᠡᠵᠦ᠂ ᠪᠢᠴᠢᠯ ᠸᠢᠳᠢᠤ᠋᠎ᠶᠢᠨ ᠲᠠᠪᠴᠠᠩ᠎ᠳᠤ ᠲᠦᠰᠢᠭᠯᠡᠨ᠂ ᠵᠡᠭᠡᠯᠢ ᠲᠣᠭᠣᠷᠢᠭ᠋᠎ᠤᠨ ᠬᠤᠳᠠᠯᠳᠤᠭᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠰᠢᠨ᠎ᠡ ᠭᠠᠵᠠᠷ᠎ᠤᠨ ᠲᠡᠮᠲᠡᠭ ᠢ᠋ ᠪᠦᠷᠢᠯᠳᠦᠭᠦᠯᠪᠡ᠃

 《ᠠᠭᠤᠰᠤᠯᠴᠠᠨ ᠬᠠᠮᠵᠢᠯᠴᠠᠬᠤ   ᠬᠠᠮᠳᠦ  ᠪᠡᠷ ᠡᠳ᠋ᠯᠡᠬᠦ  》  ᠰᠢᠨ᠎ᠡ    ᠳᠠᠯᠳᠠ  ᠴᠢᠳᠠᠪᠤᠷᠢ᠎ᠶᠢ ᠪᠠᠳᠠᠷᠠᠭᠤᠯᠤᠬᠰᠠᠨ ᠣᠯᠠᠨ ᠡᠰᠢᠲᠦ ᠬᠣᠯᠪᠣᠭᠠᠲᠤ ᠴᠣᠭᠴᠠ

ᠭᠠᠯᠠᠭᠤᠲᠦ ᠪᠠᠯᠭᠠᠰᠤ ᠢ᠋ᠢᠨ ᠠᠮᠢᠳᠤ ᠪᠣᠳᠠᠰ᠎ᠤᠨ ᠮᠥᠬᠥᠯᠢᠭ᠎ᠦᠨ ᠦᠢᠯᠡᠳᠪᠦᠷᠢ ᠡᠳᠦᠷ᠎ᠲᠦ 55 ᠲᠣᠨ ᠮᠥᠬᠥᠯᠢᠭ ᠡᠳ᠋ᠰᠢᠭᠦᠯᠦᠨ ᠦᠢᠯᠡᠳᠪᠦᠷᠢᠯᠡᠵᠦ᠂ 2 ᠲᠦᠮᠡᠨ ᠲᠣᠨ ᠪᠣᠷᠣᠯᠠᠭᠤᠯᠵᠤ᠂ ᠪᠠᠶᠠᠨᠴᠠᠢ᠍ᠢᠳᠠᠮ ᠲᠣᠰᠬᠣᠨ ᠢ᠋ ᠲᠠᠢᠴᠢᠯᠠᠨ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ ᠵᠢ 5 ᠲᠦᠮᠡᠨ ᠲᠥᠭᠥᠷᠢᠭ ᠨᠡᠮᠡᠭᠳᠡᠭᠦᠯᠵᠡᠢ᠃《ᠤᠷᠤᠨ ᠰᠤᠨᠳᠠᠯᠠᠬᠰᠠᠨ ᠠᠵᠤ ᠠᠬᠤᠢ》 ᠵᠢ ᠬᠥᠭᠵᠢᠭᠦᠯᠵᠦ᠂ ᠪᠥᠬᠥ ᠪᠠᠯᠭᠠᠰᠤᠨ᠎ᠤ 33 ᠰᠠᠭᠤᠭᠠᠯᠢ ᠠᠷᠠᠳ᠎ᠤᠨ ᠲᠣᠭᠣᠷᠢᠭ᠋᠎ᠲᠤ 101 ᠣᠶᠤᠨᠲᠤ ᠴᠠᠬᠢᠯᠭᠠᠨ ᠴᠡᠨᠡᠭᠯᠡᠬᠦ ᠱᠣᠩ᠂ 2᠎ᠰᠢᠩᠭᠡᠨᠵᠢᠭᠦᠯᠦᠭᠰᠡᠨ ᠴᠢᠯᠠᠭᠤᠨ ᠲᠣᠰᠣᠨ᠎ᠤ ᠬᠡᠢ ᠢ᠋ᠢᠨ《ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠴᠡᠭ》 ᠢ᠋ ᠪᠠᠢᠭᠤᠯᠪᠠ᠃ ᠠᠵᠢᠳᠠᠢ ᠠᠭᠤᠷᠬᠠᠢ᠎ᠶᠢᠨ ᠣᠷᠣᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠣᠷᠢᠭ᠋᠎ᠲᠤ ᠨᠡᠭᠦᠷᠡᠰᠦ ᠪᠣᠷᠣᠯᠠᠭᠤᠯᠬᠤ᠂ ᠬᠥᠳᠡᠯᠮᠦᠷᠢ ᠬᠦᠴᠦᠨ᠎ᠢ ᠭᠠᠳᠠᠭ᠍ᠰᠢ ᠭᠠᠷᠭᠠᠬᠤ᠂ ᠲᠡᠷᠭᠡ ᠵᠣᠭᠰᠤᠭᠠᠬᠤ ᠦᠢᠯᠡᠴᠢᠯᠡᠭᠡ᠂ ᠢᠳᠡᠵᠦ ᠤᠤᠭᠤᠬᠤ ᠬᠣᠨᠣᠵᠤ ᠬᠡᠪᠲᠡᠬᠦ ᠵᠡᠷᠭᠡ ᠦᠢᠯᠡᠴᠢᠯᠡᠭᠡ᠎ᠶᠢ ᠥᠷᠨᠢᠭᠦᠯᠵᠦ᠂ ᠡᠷᠬᠢᠨ ᠲᠣᠭᠣᠷᠢᠨ᠎ᠤ ᠭᠠᠴᠠᠭ᠎ᠠ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ᠎ᠶᠢ 1700 ᠭᠠᠷᠤᠢ ᠲᠦᠮᠡᠨ ᠲᠥᠭᠥᠷᠢᠭ ᠨᠡᠮᠡᠭᠳᠡᠭᠦᠯᠦᠨ᠂ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠠᠷᠢᠯᠴᠠᠨ ᠨᠥᠬᠥᠪᠦᠷᠢᠯᠡᠬᠦ᠂ ᠪᠥᠬᠥ ᠬᠡᠯᠬᠢᠶ᠎ᠡ᠎ᠪᠡᠷ ᠥᠷᠲᠡᠭ ᠨᠡᠮᠡᠭᠳᠡᠭᠦᠯᠬᠦ ᠬᠥᠭᠵᠢᠯᠲᠡ᠎ᠶᠢᠨ ᠪᠠᠢᠳᠠᠯ᠎ᠢ ᠪᠣᠶ ᠪᠣᠯᠭᠠᠪᠠ᠃

《ᠤᠯᠠᠮᠵᠢᠯᠠᠯᠲᠤ ᠮᠠᠯ ᠠᠵᠦ ᠠᠬᠤᠢ ᠲᠠᠷᠢᠶᠠᠯᠠᠩ》 ᠡᠴᠡ《ᠭᠤᠷᠪᠠᠨ ᠠᠵᠤ ᠦᠢᠯᠡᠰ᠎ᠢ ᠠᠭᠤᠰᠤᠯᠴᠠᠭᠤᠯᠬᠤ》ᠬᠦᠷᠲᠡᠯ᠎ᠡ᠂ ᠭᠠᠯᠠᠭᠤᠲᠦ ᠪᠠᠯᠭᠠᠰᠤ ᠠᠵᠤ ᠦᠢᠯᠡᠰ᠎ᠦᠨ ᠬᠣᠯᠪᠣᠭᠠᠲᠤ ᠴᠣᠭᠴᠠ᠎ᠪᠠᠷ ᠰᠢᠪᠲᠤᠯᠤᠯᠲᠠ ᠭᠠᠷᠭᠠᠨ᠂ ᠣᠷᠣᠨ ᠪᠦᠰᠡ᠎ᠶᠢᠨ ᠣᠨᠴᠠᠯᠢᠭ᠋᠎ᠲᠠᠢ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠠᠮ᠎ᠢᠶᠠᠷ ᠵᠠᠮᠨᠠᠵᠦ᠂ ᠪᠥᠬᠥ ᠤᠯᠤᠰ᠎ᠤᠨ《ᠨᠢᠭᠡ ᠲᠣᠰᠬᠣᠨ ᠨᠢᠭᠡ ᠲᠦᠷᠦᠯ ᠲᠡᠮᠲᠡᠭ》 ᠲᠠᠢ ᠪᠠᠢᠬᠤ ᠵᠢᠱ᠌ᠢᠶ᠎ᠡ ᠦᠵᠡᠭᠦᠯᠬᠦ ᠪᠠᠯᠭᠠᠰᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠪᠠᠯᠭᠠᠰᠤ ᠵᠡᠷᠭᠡ ᠤᠯᠤᠰ᠎ᠤᠨ ᠲᠠᠰ᠎ᠤᠨ ᠣᠯᠠᠨ ᠲᠦᠷᠦᠯ᠎ᠤᠨ ᠢᠷᠠᠭᠤ ᠠᠯᠳᠠᠷ ᠢ᠋ ᠭᠥᠷᠳᠡᠭᠰᠡᠨ ᠢ᠋ᠢᠡᠷ ᠪᠠᠷᠠᠬᠤ ᠦᠭᠡᠢ᠂ ᠨᠠᠮ᠎ᠤᠨ ᠪᠠᠢᠭᠤᠯᠤᠯᠲᠠ ᠪᠡᠷ ᠶᠡᠷᠦᠩᠬᠡᠢᠯᠡᠨ ᠵᠢᠯᠤᠭᠤᠳᠴᠤ᠂ ᠪᠤᠲᠠᠲᠤ ᠠᠵᠢᠯᠯᠠᠭ᠎ᠠ ᠪᠡᠷ ᠢ᠋ᠢᠡᠨ ᠬᠦᠭᠵᠢᠯᠲᠡ ᠢ᠋ᠢᠨ ᠬᠦᠲᠡᠯᠭᠡᠬᠦ ᠬᠦᠴᠦᠨ ᠢ᠋ ᠬᠦᠭᠵᠢᠭᠡᠵᠦ᠂ ᠵᠠᠰᠠᠯᠲᠠ ᠢ᠋ᠢᠨ ᠬᠦᠴᠢᠷ ᠰᠡᠲᠦᠪ ᠢ᠋ ᠡᠪᠲᠡᠵᠦ᠂ ᠮᠠᠯᠴᠢᠨ ᠲᠠᠷᠢᠶᠠᠴᠢᠳ᠎ᠤᠨ ᠵᠢᠷᠭᠠᠯᠲᠦ ᠲᠦᠷᠦᠭᠲᠡᠯ ᠢ᠋ ᠨᠡᠮᠡᠭᠲᠡᠭᠦᠯᠦᠭᠰᠡᠨ ᠪᠠᠢᠨ᠎ᠠ᠃


ᠬᠡᠷᠡᠯ ᠵᠢᠷᠤᠭ᠎ᠢ᠋ ᠤᠷᠳᠤᠰ ᠬᠤᠲᠠ ᠢ᠋ᠢᠨ ᠨᠠᠮ᠎ᠤᠨ ᠬᠤᠷᠢᠶ᠎ᠠ ᠢ᠋ᠢᠨ ᠨᠡᠢᠭᠡᠮ᠎ᠤᠨ ᠠᠵᠢᠯ᠎ᠤᠨ ᠬᠡᠯᠲᠡᠰ ᠡᠴᠡ ᠬᠠᠩᠭᠠᠪᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号