ᠳ᠋ᠠᠢᠲ᠋ᠠ᠎ᠶᠢᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠭᠦᠨᠵᠡᠭᠡᠢᠷᠡᠭᠦᠯᠦᠶ᠎ᠡ
2026-03-30 10:41:14
ᠵᠣᠬᠢᠶᠠᠭ᠍ᠴᠢ᠄
​ᠽᠦᠸᠧ ᠮᠢᠨ
ᠣᠩᠱᠢᠭ᠍ᠰᠠᠨ ᠣᠳᠠᠭ᠎ᠠ᠄
★★★☆☆

ᠣᠳᠣᠬᠠᠨ᠎ᠳᠤ ᠮᠠᠨ᠎ᠤ ᠤᠯᠤᠰ᠎ᠤᠨ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ ᠭᠦᠨᠵᠡᠭᠡᠢ ᠠᠭᠤᠰᠤᠯᠴᠠᠬᠤ ᠱᠠᠲᠤᠨ᠎ᠳᠤ ᠣᠷᠣᠵᠠᠢ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠵᠣᠬᠢᠶᠠᠮᠠᠯ ᠣᠶᠤᠨ ᠴᠢᠳᠠᠪᠤᠷᠢ᠎ᠶᠢᠨ ᠭᠣᠣᠯᠯᠠᠬᠤ ᠠᠵᠤ ᠦᠢᠯᠡᠰ᠎ᠦᠨ ᠬᠡᠪᠴᠢᠶ᠎ᠡ ᠵᠢᠱ᠌ᠢᠯᠲᠡ᠎ᠪᠡᠷ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠲᠣᠭᠠᠴᠢᠯᠠᠭᠰᠠᠨ ᠠᠵᠤ ᠦᠢᠯᠡᠰ᠎ᠦᠨ ᠲᠤᠬᠠᠢᠯᠠᠭᠰᠠᠨ ᠠᠵᠢᠯ᠎ᠤᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ ᠪᠠᠷᠤᠭ 9% ᠪᠠᠷ ᠨᠡᠮᠡᠭᠳᠡᠪᠡ᠃ ᠡᠨᠡ ᠵᠢᠯ᠎ᠦᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ 《ᠳ᠋ᠠᠢᠲ᠋ᠠ᠎ᠶᠢᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠭᠦᠨᠵᠡᠭᠡᠢᠷᠡᠭᠦᠯᠵᠦ᠂ ᠳ᠋ᠠᠢᠲ᠋ᠠ᠎ᠶᠢᠨ ᠡᠯᠧᠮᠧᠨ᠋ᠲ᠎ᠦᠨ ᠰᠠᠭᠤᠷᠢ ᠳᠦᠷᠢᠮ᠎ᠢ ᠪᠦᠷᠢᠨᠰᠢᠭᠦᠯᠵᠦ᠂ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠢ ᠪᠠᠢᠭᠤᠯᠤᠨ᠎ᠠ》 ᠭᠡᠵᠦ ᠳᠤᠷᠠᠳᠴᠠᠢ᠃ ᠲᠣᠭ᠎ᠠ ᠪᠠᠷᠢᠮᠲᠠ ᠨᠢ ᠰᠢᠨ᠎ᠡ ᠬᠡᠯᠪᠡᠷᠢ᠎ᠶᠢᠨ ᠦᠢᠯᠡᠳᠪᠦᠷᠢᠯᠡᠯ᠎ᠦᠨ ᠡᠯᠧᠮᠧᠨ᠋ᠲ ᠪᠣᠯᠤᠭᠰᠠᠨ᠎ᠤ ᠬᠤᠪᠢ᠎ᠳᠤ᠂ ᠲᠡᠭᠦᠨ᠎ᠦ ᠥᠷᠲᠡᠭ᠎ᠦᠨ ᠢᠯᠡᠷᠡᠭᠦᠯᠬᠦ ᠭᠦᠨᠴᠡ ᠪᠠ ᠦᠷ᠎ᠡ ᠪᠦᠲᠦᠮᠵᠢ ᠨᠢ ᠡᠳᠦᠷ ᠢᠷᠡᠬᠦᠶ᠎ᠡ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ ᠪᠠ ᠤᠶᠠᠨ ᠬᠠᠲᠠᠨ ᠴᠢᠨᠠᠷ᠎ᠢ ᠬᠡᠮᠵᠢᠬᠦ ᠴᠢᠬᠤᠯᠠ ᠪᠡᠯᠭᠡ ᠲᠡᠮᠳᠡᠭ ᠪᠣᠯᠵᠤ ᠪᠠᠢᠨ᠎ᠠ᠃

ᠲᠣᠭᠠᠴᠢᠯᠠᠭᠰᠠᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠣᠯ ᠤᠯᠠᠮᠵᠢᠯᠠᠯᠲᠤ ᠡᠯᠧᠮᠧᠨ᠋ᠲ᠎ᠢᠶᠡᠷ ᠬᠥᠳᠡᠯᠭᠡᠭᠦᠷ ᠪᠣᠯᠭᠠᠵᠤ ᠪᠠᠢᠭᠰᠠᠨ᠎ᠠᠴᠠ ᠲᠣᠭ᠎ᠠ ᠪᠠᠷᠢᠮᠲᠠ᠎ᠶᠢᠨ ᠡᠯᠧᠮᠧᠨ᠋ᠲ᠎ᠢᠶᠡᠷ ᠬᠥᠳᠡᠯᠭᠡᠭᠦᠷ ᠪᠣᠯᠭᠠᠬᠤ ᠶᠠᠪᠤᠴᠠ ᠪᠣᠯᠣᠨ᠎ᠠ᠃ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ᠂ ᠳ᠋ᠠᠢᠲ᠋ᠠ᠎ᠶᠢᠨ ᠭᠦᠢᠯᠭᠡᠭᠡ᠂ ᠠᠭᠤᠰᠤᠯᠴᠠᠯ ᠪᠣᠯᠣᠨ ᠬᠡᠷᠡᠭᠯᠡᠭᠡ ᠨᠢ ᠰᠢᠨ᠎ᠡ ᠮᠡᠷᠭᠡᠵᠢᠯ᠎ᠦᠨ ᠬᠡᠪ ᠵᠠᠭᠪᠤᠷ᠎ᠢ ᠪᠤᠢ ᠪᠣᠯᠭᠠᠵᠤ᠂ ᠬᠤᠳᠠᠯᠳᠤᠭᠠᠨ᠎ᠤ ᠵᠠᠭᠪᠤᠷ ᠪᠣᠯᠣᠨ ᠠᠵᠤ ᠦᠢᠯᠡᠰ᠎ᠦᠨ ᠬᠡᠯᠪᠡᠷᠢ᠂ ᠳ᠋ᠠᠢᠲ᠋ᠠ᠎ᠶᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ ᠪᠠᠢᠨ᠎ᠠ᠃ ᠪᠦᠷᠢᠳᠬᠡᠯ᠎ᠳᠦ ᠬᠠᠷᠠᠭᠤᠯᠤᠭᠰᠠᠨ᠎ᠢᠶᠠᠷ᠂ 2025 ᠣᠨ᠎ᠳᠤ᠂ 《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠪᠦᠬᠦ ᠤᠯᠤᠰ᠎ᠤᠨ 80% ᠵᠢᠨ ᠣᠶᠤᠨᠲᠤ ᠪᠣᠳᠣᠯᠳᠠ᠎ᠶᠢᠨ ᠡᠬᠢ ᠪᠠᠶᠠᠯᠢᠭ᠋ ᠨᠠᠢ᠍ᠮᠠᠨ ᠶᠡᠬᠡ ᠲᠦᠪ᠎ᠲᠦ ᠲᠥᠪᠯᠡᠷᠡᠵᠡᠢ; ᠪᠦᠬᠦ ᠤᠯᠤᠰ᠎ᠤᠨ ᠪᠣᠳᠣᠯᠳᠠ᠎ᠶᠢᠨ ᠬᠦᠴᠦᠨ᠎ᠦ ᠡᠬᠢ ᠪᠠᠶᠠᠯᠢᠭ᠋᠎ᠢ ᠬᠢᠨᠠᠨ ᠬᠡᠮᠵᠢᠵᠦ ᠲᠣᠬᠢᠷᠠᠭᠤᠯᠬᠤ ᠰᠢᠰᠲᠧᠮ᠎ᠢ ᠠᠩᠬ᠎ᠠ ᠠᠯᠬᠤᠮ ᠪᠠᠢᠭᠤᠯᠵᠤ᠂ ᠬᠢᠨᠠᠨ ᠬᠡᠮᠵᠢᠵᠦ ᠪᠣᠯᠬᠤ ᠪᠠ ᠲᠣᠬᠢᠷᠠᠭᠤᠯᠵᠤ ᠪᠣᠯᠬᠤ ᠪᠣᠳᠣᠯᠳᠠ᠎ᠶᠢᠨ ᠬᠦᠴᠦᠨ᠎ᠦ ᠡᠬᠢ ᠪᠠᠶᠠᠯᠢᠭ᠋ ᠲᠤᠰ ᠲᠤᠰ 85.7 ᠲᠦᠮᠡᠨ PFlops ᠪᠣᠯᠣᠨ 9.6 ᠲᠦᠮᠡᠨ PFlops ᠲᠦ᠍ ᠬᠦᠷᠴᠡᠢ᠃ ᠳ᠋ᠠᠢᠲ᠋ᠠ᠎ᠶᠢᠨ ᠡᠯᠧᠮᠧᠨ᠋ᠲ᠎ᠦᠨ ᠵᠠᠬ᠎ᠠ ᠳᠡᠯᠭᠡᠭᠦᠷ᠎ᠢ ᠲᠦᠷᠭᠡᠨ ᠪᠣᠢᠵᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠣᠰᠢᠭᠤᠷᠠᠯ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠳᠦ ᠬᠥᠳᠡᠯᠭᠡᠬᠦ ᠬᠦᠴᠦᠨ ᠨᠡᠮᠡᠷᠢᠯᠡᠪᠡ᠃

ᠵᠠᠰᠠᠯᠲᠠ᠎ᠶᠢᠨ ᠣᠳᠣᠬᠢᠴᠢᠯᠠᠯᠲᠠ᠎ᠶᠢᠨ ᠲᠠᠯ᠎ᠠ᠎ᠪᠠᠷ᠂ ᠲᠣᠭ᠎ᠠ ᠪᠠᠷᠢᠮᠲᠠ᠎ᠶᠢᠨ ᠡᠯᠧᠮᠧᠨ᠋ᠲ᠎ᠦᠨ ᠭᠦᠨᠵᠡᠭᠡᠢ ᠬᠡᠷᠡᠭᠯᠡᠯᠲᠡ ᠨᠢ ᠣᠨᠣᠪᠴᠢᠲᠠᠶ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠥᠳᠡᠯᠦᠩᠭᠦᠢ᠎ᠪᠡᠷ ᠲᠣᠬᠢᠷᠠᠭᠤᠯᠤᠨ ᠡᠵᠡᠮᠳᠡᠬᠦ ᠪᠠ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠳᠦ ᠴᠣ᠌ ᠰᠢᠨ᠎ᠡ ᠠᠷᠭ᠎ᠠ ᠵᠠᠮ ᠬᠠᠩᠭᠠᠪᠠ᠃ 2025 ᠣᠨ᠎ᠳᠤ ᠪᠦᠬᠦ ᠤᠯᠤᠰ᠎ᠤᠨ ᠨᠢᠭᠡ ᠴᠣᠭᠴᠠᠵᠢᠭ᠍ᠰᠠᠨ ᠤᠯᠠᠨ ᠨᠡᠶ᠋ᠢᠲᠡ᠎ᠶᠢᠨ ᠳ᠋ᠠᠢᠲ᠋ᠠ᠎ᠶᠢᠨ ᠡᠬᠢ ᠪᠠᠶᠠᠯᠢᠭ᠋᠎ᠢ ᠳᠠᠩᠰᠠᠯᠠᠬᠤ ᠰᠢᠰᠲ᠋ᠸᠮ᠎ᠢ ᠦᠨᠳᠦᠰᠦᠨ᠎ᠳᠡᠭᠡᠨ ᠪᠠᠢᠭᠤᠯᠵᠤ᠂ ᠮᠤᠵᠢ᠎ᠶᠢᠨ ᠬᠡᠪᠴᠢᠶᠡᠨ᠎ᠳᠦ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠳᠠᠩᠰᠠᠯᠠᠭᠰᠠᠨ ᠬᠡᠮᠵᠢᠶ᠎ᠡ 13 ᠲᠦᠮᠡ᠎ᠶᠢ ᠳᠠᠪᠠᠪᠠ᠃ ᠤᠯᠤᠰ᠎ᠤᠨ ᠲᠣᠭ᠎ᠠ ᠪᠠᠷᠢᠮᠲᠠ᠎ᠶᠢᠨ ᠲᠣᠪᠴᠢᠶ᠎ᠠ᠎ᠠᠴᠠ ᠪᠥᠬᠥ ᠤᠯᠤᠰ᠎ᠤᠨ ᠲᠣᠭ᠎ᠠ ᠪᠠᠷᠢᠮᠲᠠ᠎ᠶᠢᠨ ᠵᠥᠪᠯᠡᠯ᠎ᠦᠨ ᠲᠣᠭ᠎ᠠ ᠪᠠᠷᠢᠮᠲᠠ᠎ᠶᠢᠨ ᠰᠠᠭᠤᠷᠢ ᠲᠦᠬᠦᠬᠡᠷᠦᠮᠵᠢ᠂ ᠲᠣᠭ᠎ᠠ ᠪᠠᠷᠢᠮᠲᠠ᠎ᠶᠢᠨ ᠦᠢᠯᠡᠳᠬᠦᠨ ᠵᠡᠷᠭᠡ ᠬᠠᠮᠢᠶ᠎ᠠ ᠪᠦᠬᠦᠢ ᠤᠯᠤᠰ᠎ᠤᠨ ᠪᠠᠷᠢᠮᠵᠢᠶ᠎ᠠ ᠬᠢᠭᠡᠳ ᠮᠡᠷᠭᠡᠵᠢᠯ᠎ᠦᠨ ᠪᠢᠴᠢᠭ ᠮᠠᠲᠧᠷᠢᠶᠠᠯ᠎ᠢ 48 ᠵᠦᠢᠯ ᠵᠢᠭᠠᠨ ᠵᠢᠯᠤᠭᠣᠳᠴᠤ᠂ ᠠᠩᠬᠠᠨ᠎ᠤ ᠲᠣᠭ᠎ᠠ ᠪᠠᠷᠢᠮᠲᠠ᠂ ᠲᠣᠭ᠎ᠠ ᠪᠠᠷᠢᠮᠲᠠ᠎ᠶᠢᠨ ᠶᠠᠰᠤ ᠴᠢᠨᠠᠷ ᠵᠡᠷᠭᠡ 4 ᠵᠦᠢᠯ᠎ᠦᠨ ᠣᠯᠠᠨ ᠤᠯᠤᠰ᠎ᠤᠨ ᠪᠠᠷᠢᠮᠵᠢᠶ᠎ᠠ᠎ᠶᠢ ᠲᠦᠷᠦᠭᠦᠯᠡᠨ ᠨᠡᠢᠲᠡᠯᠡᠭᠰᠡᠨ ᠪᠥᠭᠡᠳ ᠪᠠᠷᠢᠮᠵᠢᠶ᠎ᠠ᠎ᠶᠢᠨ ᠰᠢᠯᠭᠠᠨ ᠪᠠᠲᠤᠯᠠᠬᠤ ᠲᠤᠷᠰᠢᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ 6 ᠠᠵᠢᠯ ᠲᠥᠷᠥᠯ᠎ᠦᠨ ᠬᠡᠷᠡᠭᠯᠡᠭᠡᠨ᠎ᠦ ᠳᠤᠭᠤᠢᠯᠠᠩ᠎ᠢ ᠪᠠᠢᠭᠤᠯᠪᠠ᠃

ᠮᠠᠨ᠎ᠤ ᠤᠯᠤᠰ ᠲᠣᠭ᠎ᠠ ᠪᠠᠷᠢᠮᠲᠠ᠎ᠶᠢᠨ ᠡᠯᠧᠮᠧᠨ᠋ᠲ᠎ᠦᠨ ᠥᠷᠲᠡᠭ᠎ᠢ ᠪᠠᠳᠠᠷᠠᠭᠤᠯᠬᠤ ᠶᠠᠪᠤᠴᠠ᠎ᠳᠤ ᠮᠥᠨ ᠬᠦ᠌ ᠣᠯᠠᠨ ᠲᠠᠯ᠎ᠠ᠎ᠶᠢᠨ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠃ ᠵᠢᠱ᠌ᠢᠶᠡᠯᠡᠪᠡᠯ᠂ ᠲᠣᠭ᠎ᠠ ᠪᠠᠷᠢᠮᠲᠠ᠎ᠶᠢᠨ ᠥᠮᠴᠢᠯᠡᠬᠦ ᠡᠷᠬᠡ᠎ᠶᠢ ᠵᠠᠭᠠᠭᠯᠠᠨ ᠲᠣᠭᠲᠠᠭᠠᠬᠤ᠂ ᠭᠦᠢᠯᠭᠡᠭᠡ ᠠᠷᠠᠯᠵᠢᠶ᠎ᠠ ᠬᠢᠭᠡᠳ ᠠᠰᠢᠭ᠋ ᠣᠷᠣᠯᠭ᠎ᠠ᠎ᠶᠢ ᠬᠤᠪᠢᠶᠠᠷᠢᠯᠠᠬᠤ ᠵᠡᠷᠭᠡ ᠰᠠᠭᠤᠷᠢ ᠴᠢᠨᠠᠷᠲᠠᠢ ᠳᠦᠷᠢᠮ ᠬᠠᠷᠠᠬᠠᠨ ᠲᠡᠭᠦᠯᠳᠡᠷᠵᠢᠭᠡᠳᠦᠢ ᠪᠠᠢᠵᠤ᠂ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠦᠷ᠎ᠡ ᠪᠦᠲᠦᠮᠵᠢ᠎ᠶᠢ ᠬᠢᠵᠠᠭᠠᠷᠯᠠᠵᠤ ᠪᠠᠢᠨ᠎ᠠ᠃ ᠪᠠᠰᠠ ᠵᠢᠱ᠌ᠢᠶᠡᠯᠡᠪᠡᠯ ᠲᠣᠭ᠎ᠠ ᠪᠠᠷᠢᠮᠲᠠ ᠴᠤᠭᠯᠠᠭᠤᠯᠬᠤ᠂ ᠵᠠᠰᠠᠬᠤ᠎ᠶᠢ ᠬᠠᠮᠤᠷᠴᠤ᠂ ᠠᠷᠠᠯᠵᠢᠶᠠᠨ᠎ᠤ ᠪᠦᠬᠦ ᠬᠡᠯᠬᠢᠶᠡᠨ᠎ᠦ ᠮᠡᠷᠭᠡᠵᠢᠯ᠎ᠦᠨ ᠰᠢᠰᠲᠧᠮ ᠮᠥᠨ ᠯᠡ ᠪᠣᠯᠪᠠᠰᠤᠷᠠᠩᠭᠤᠢ ᠪᠣᠰᠣ ᠪᠠᠢᠬᠣ᠂ ᠴᠦᠷᠬᠦᠯᠡᠬᠡ ᠬᠡᠯᠬᠢᠶ᠎ᠡ ᠵᠡᠷᠭᠡ ᠬᠣᠰᠢᠭᠤᠷᠠᠯ ᠮᠡᠷᠭᠡᠵᠢᠯ ᠬᠢᠭᠡᠳ ᠪᠣᠳᠠᠲᠠᠢ ᠠᠬᠤᠢ ᠲᠠᠯᠠᠪᠤᠷ᠎ᠤᠨ ᠠᠭᠤᠰᠤᠯᠴᠠᠯ᠎ᠤᠨ ᠭᠦᠨᠴᠡ᠎ᠶᠢ ᠴᠢᠩᠭᠠᠳᠬᠠᠬᠤ ᠴᠢᠬᠤᠯᠠᠲᠠᠢ; ᠳ᠋ᠠᠢᠲ᠋ᠠ ᠬᠠᠩᠭᠠᠬᠤ ᠲᠠᠯ᠎ᠠ᠂ ᠬᠡᠷᠡᠭᠴᠡᠭᠡ ᠵᠢᠨ ᠲᠠᠯ᠎ᠠ ᠬᠢᠭᠡᠳ ᠦᠢᠯᠡᠴᠢᠯᠡᠬᠦ ᠲᠠᠯ᠎ᠠ᠎ᠶᠢᠨ ᠬᠣᠭᠣᠷᠣᠨᠳᠣᠬᠢ ᠪᠦᠲᠦᠮᠵᠢᠲᠡᠶ ᠬᠠᠮᠵᠢᠯᠴᠠᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠢ ᠪᠠᠢᠵᠤ᠂ ᠠᠵᠢᠯ ᠲᠥᠷᠥᠯ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠳ᠋ᠠᠢᠲ᠋ᠠ᠎ᠶᠢᠨ ᠠᠭᠤᠰᠤᠯᠴᠠᠯ᠎ᠳᠤ ᠮᠥᠨ ᠬᠦ᠌ ᠬᠣᠷᠢᠭ᠎ᠠ ᠰᠠᠭᠠᠳ ᠣᠷᠣᠰᠢᠵᠤ ᠪᠣᠢ᠃ ᠡᠭᠦᠨ᠎ᠳᠦ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ᠂ ᠤᠯᠠᠨ ᠲᠠᠯ᠎ᠠ᠎ᠪᠠᠷ ᠬᠠᠮᠵᠢᠯᠴᠠᠬᠤ᠂ ᠠᠮᠢ ᠠᠬᠤᠢ᠎ᠶᠢ ᠬᠠᠮᠲᠤ᠎ᠪᠠᠷ ᠪᠠᠶ᠋ᠢᠭᠤᠯᠬᠤ ᠰᠢᠰᠲᠧᠮ᠎ᠦᠨ ᠴᠢᠨᠠᠷᠲᠠᠢ ᠰᠢᠨ᠎ᠡ᠎ᠶᠢ ᠡᠭᠦᠳᠬᠦ ᠰᠢᠰᠲᠧᠮ᠎ᠢ ᠪᠠᠶ᠋ᠢᠭᠤᠯᠬᠤ ᠬᠡᠷᠡᠭᠲᠡᠢ᠃

ᠰᠠᠭᠤᠷᠢ ᠳᠦᠷᠢᠮ᠎ᠦᠨ ᠰᠢᠰᠲᠧᠮ ᠨᠢ ᠳ᠋ᠠᠢᠲ᠋ᠠ᠎ᠶᠢᠨ ᠡᠯᠧᠮᠧᠨ᠋ᠲ᠎ᠦᠨ ᠵᠠᠬ᠎ᠠ ᠳᠡᠯᠭᠡᠭᠦᠷ᠎ᠦᠨ ᠬᠥᠭᠵᠢᠯᠲᠡ᠎ᠳᠦ ᠲᠤᠢᠯ᠎ᠤᠨ ᠴᠢᠬᠤᠯᠠ ᠶᠤᠮ᠃ ᠳ᠋ᠠᠢᠲ᠋ᠠ᠎ᠶᠢᠨ ᠥᠮᠴᠢᠯᠡᠬᠦ ᠡᠷᠬᠡ᠎ᠶᠢ ᠪᠦᠲᠦᠴᠡ᠎ᠶᠢᠨ ᠴᠢᠨᠠᠷᠲᠠᠢ ᠰᠠᠯᠭᠠᠨ ᠲᠣᠬᠢᠷᠠᠭᠤᠯᠬᠤ ᠳᠦᠷᠢᠮ᠎ᠢ ᠲᠦᠷᠭᠡᠳᠬᠡᠨ ᠪᠠᠶ᠋ᠢᠭᠤᠯᠬᠤ᠎ᠶᠢᠨ ᠬᠠᠮᠲᠤ ᠲᠡᠭᠦᠯᠳᠡᠷᠵᠢᠭᠦᠯᠵᠦ᠂ ᠳ᠋ᠠᠢᠲ᠋ᠠ᠎ᠶᠢᠨ ᠡᠬᠢ ᠪᠠᠶᠠᠯᠢᠭ᠋᠎ᠢ ᠡᠵᠡᠮᠰᠢᠬᠦ ᠡᠷᠬᠡ᠂ ᠳ᠋ᠠᠢᠲ᠋ᠠ᠎ᠶᠢ ᠪᠣᠯᠪᠠᠰᠤᠷᠠᠭᠤᠯᠬᠤ ᠬᠡᠷᠡᠭᠯᠡᠬᠦ ᠡᠷᠬᠡ᠂ ᠳ᠋ᠠᠢᠲ᠋ᠠ᠎ᠶᠢᠨ ᠪᠦᠲᠦᠭᠡᠭᠳᠡᠬᠦᠨ᠎ᠦ ᠡᠵᠡᠩᠨᠡᠬᠦ ᠡᠷᠬᠡ ᠵᠡᠷᠭᠡ ᠡᠷᠬᠡ᠎ᠶᠢᠨ ᠪᠣᠷᠣ᠌ ᠲᠥᠯᠥᠪ ᠬᠢᠭᠡᠳ ᠠᠵᠢᠯᠯᠠᠭᠠᠨ᠎ᠤ ᠳᠦᠷᠢᠮ᠎ᠢ ᠲᠣᠳᠣᠷᠬᠠᠢᠯᠠᠨ᠎ᠠ᠃ ᠪᠥᠬᠥ ᠤᠯᠤᠰ᠎ᠤᠨ ᠨᠢᠭᠡᠳᠦᠯᠲᠡᠢ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠳ᠋ᠠᠢᠲ᠋ᠠ᠎ᠶᠢᠨ ᠲᠥᠷᠥᠯ ᠲᠠᠰ ᠬᠤᠪᠢᠶᠠᠬᠤ ᠪᠠᠷᠢᠮᠵᠢᠶ᠎ᠠ᠂ ᠶᠠᠰᠤ ᠴᠢᠨᠠᠷ᠎ᠤᠨ ᠪᠠᠷᠢᠮᠵᠢᠶ᠎ᠠ᠂ ᠠᠷᠠᠯᠵᠢᠶᠠᠨ᠎ᠤ ᠳᠦᠷᠢᠮ ᠬᠢᠭᠡᠳ ᠠᠮᠤᠷ ᠲᠦᠪᠰᠢᠨ᠎ᠢ ᠦᠨᠡᠯᠡᠨ ᠵᠢᠱ᠌ᠢᠬᠦ ᠰᠢᠰᠲᠧᠮ᠎ᠢ ᠪᠠᠶ᠋ᠢᠭᠤᠯᠬᠤ᠎ᠶᠢ ᠠᠬᠢᠭᠤᠯᠵᠤ᠂ ᠳ᠋ᠠᠢᠲ᠋ᠠ᠎ᠶᠢᠨ ᠬᠦᠴᠦᠨ ᠵᠦᠢᠯ᠎ᠦᠨ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠲᠣᠭᠲᠠᠭᠠᠯ᠎ᠳᠤ ᠨᠡᠢᠴᠡᠭᠰᠡᠨ ᠥᠨᠳᠥᠷ ᠦᠷ᠎ᠡ ᠪᠦᠲᠦᠮᠵᠢᠲᠡᠶ ᠭᠦᠢᠯᠭᠡᠭᠡᠨ᠎ᠳᠦ ᠪᠠᠲᠤ ᠪᠡᠬᠢ ᠳᠦᠷᠢᠮ᠎ᠦᠨ ᠰᠠᠭᠤᠷᠢ᠎ᠶᠢ ᠲᠠᠯᠪᠢᠨ᠎ᠠ᠃ ᠣᠯᠠᠨ ᠨᠡᠶ᠋ᠢᠲᠡ᠎ᠶᠢᠨ ᠳ᠋ᠠᠢᠲ᠋ᠠ᠎ᠶᠢᠨ ᠡᠷᠬᠡ ᠣᠯᠭᠣᠵᠤ ᠠᠵᠢᠯᠯᠠᠭᠤᠯᠬᠤ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠣᠯᠠᠨ ᠨᠡᠶ᠋ᠢᠲᠡ᠎ᠶᠢᠨ ᠳ᠋ᠠᠢᠲ᠋ᠠ᠎ᠶᠢᠨ ᠠᠭᠤᠯᠤᠭᠳᠠᠵᠤ ᠪᠦᠬᠦᠢ ᠯᠤᠲᠤ ᠶᠡᠬᠡ ᠨᠡᠢᠭᠡᠮ᠎ᠦᠨ ᠦᠨ᠎ᠡ ᠥᠷᠲᠡᠭ ᠪᠠ ᠠᠵᠤ ᠠᠬᠤᠢ᠎ᠶᠢᠨ ᠦᠨ᠎ᠡ ᠥᠷᠲᠡᠭ᠎ᠢ ᠡᠮᠬᠢ ᠵᠢᠷᠤᠮ᠎ᠲᠠᠢ᠎ᠪᠠᠷ ᠢᠯᠡᠷᠡᠬᠦᠯᠦᠨ᠎ᠠ᠃

ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠳ᠋ᠠᠢᠲ᠋ᠠ᠎ᠶᠢᠨ ᠥᠷᠲᠡᠭ᠎ᠢ ᠪᠠᠳᠠᠷᠠᠭᠣᠯᠬᠣ ᠭᠣᠣᠯ ᠬᠥᠳᠡᠯᠭᠡᠭᠦᠷ ᠮᠥᠨ᠃ ᠬᠤᠪᠢ᠎ᠶᠢᠨ ᠨᠢᠭᠤᠴᠠ᠂ ᠴᠦᠷᠬᠦᠯᠡᠬᠡ ᠬᠡᠯᠬᠢᠶ᠎ᠡ᠂ ᠲᠣᠭ᠎ᠠ ᠪᠠᠷᠢᠮᠲᠠ᠎ᠶᠢᠨ ᠣᠷᠣᠨ ᠵᠠᠢ ᠵᠡᠷᠭᠡ ᠵᠠᠩᠭᠢᠯᠠᠭ᠎ᠠ᠎ᠶᠢᠨ ᠡᠨᠧᠷᠭᠢ ᠬᠡᠷᠡᠭᠯᠡᠬᠦ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠬᠦ᠎ᠶᠢᠨ ᠬᠠᠮᠲᠤ ᠭᠣᠣᠯᠳᠠᠯᠭ᠎ᠠ᠎ᠲᠠᠢ ᠰᠢᠪᠲᠤᠯᠤᠯᠲᠠ ᠭᠠᠷᠭᠠᠵᠤ᠂ ᠲᠣᠭ᠎ᠠ ᠪᠠᠷᠢᠮᠲᠠ᠎ᠶᠢᠨ ᠨᠠᠢᠳᠠᠪᠤᠷᠢᠲᠠᠢ ᠮᠡᠷᠭᠡᠵᠢᠯ᠎ᠦᠨ ᠲᠤᠯᠭᠠᠭᠤᠷᠢᠯᠠᠬᠤ ᠰᠢᠰᠲᠧᠮ᠎ᠢ ᠬᠦᠴᠦᠯᠡᠨ ᠪᠠᠢᠭᠤᠯᠤᠨ᠎ᠠ᠃ ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠡᠯ᠎ᠡ ᠬᠦᠷᠢᠶᠡᠨ᠎ᠦ ᠠᠭᠤᠰᠤᠯᠴᠠᠯ᠎ᠢ ᠭᠦᠨᠵᠡᠭᠡᠢᠷᠡᠭᠦᠯᠵᠦ᠂ ᠠᠳᠠᠯᠢ ᠪᠤᠰᠤ ᠠᠵᠢᠯ ᠲᠦᠷᠦᠯ᠎ᠦᠨ ᠠᠬᠤᠢ ᠪᠠᠢᠳᠠᠯ᠎ᠢ ᠨᠡᠭᠡᠭᠡᠨ ᠬᠥᠭᠵᠢᠭᠦᠯᠬᠦ᠎ᠳᠦ ᠴᠢᠭᠯᠡᠭᠦᠯᠦᠨ ᠲᠣᠭ᠎ᠠ ᠪᠠᠷᠢᠮᠲᠠ᠎ᠶᠢ ᠰᠢᠢᠳᠪᠦᠷᠢᠯᠡᠬᠦ ᠲᠥᠰᠥᠯ ᠲᠣᠭᠲᠠᠭᠠᠨ᠎ᠠ᠃ ᠰᠢᠨ᠎ᠡ ᠮᠠᠶᠢᠬ᠎ᠦᠨ᠎ᠳ᠋ᠠᠢᠲ᠋ᠠ᠎ᠶᠢᠨ ᠰᠠᠭᠤᠷᠢ ᠲᠦᠬᠦᠬᠡᠷᠦᠮᠵᠢ ᠬᠢᠭᠡᠳ ᠨᠡᠢᠲᠡᠯᠢᠭ ᠴᠢᠨᠠᠷᠲᠠᠢ ᠮᠡᠷᠭᠡᠵᠢᠯ᠎ᠦᠨ ᠲᠠᠪᠴᠠᠩ᠎ᠤᠨ ᠪᠠᠢᠭᠤᠯᠤᠯᠲᠠ᠎ᠶᠢ ᠴᠢᠩᠭᠠᠳᠬᠠᠨ᠂ ᠥᠷᠭᠡᠨ ᠣᠯᠠᠨ ᠠᠵᠤ ᠠᠬᠤᠢᠯᠠᠯ᠂ ᠢᠯᠠᠩᠭᠤᠶ᠎ᠠ ᠳᠤᠮᠳᠠ ᠵᠢᠵᠢᠭ ᠠᠵᠤ ᠠᠬᠤᠢᠯᠠᠯ᠎ᠤᠨ ᠳ᠋ᠠᠢᠲ᠋ᠠ᠎ᠶᠢᠨ ᠮᠡᠷᠭᠡᠵᠢᠯ ᠣᠯᠬᠤ ᠪᠠ ᠠᠰᠢᠭ᠍ᠯᠠᠬᠤ ᠦᠶ᠎ᠡ᠎ᠶᠢᠨ ᠨᠥᠬᠥᠴᠡᠯ ᠱᠠᠭᠠᠷᠳᠠᠯᠭ᠎ᠠ ᠬᠢᠭᠡᠳ ᠶᠡᠷᠦᠩᠬᠡᠢᠯᠡᠭᠰᠡᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠎ᠠ᠃

ᠠᠮᠢ ᠠᠬᠤᠢ᠎ᠶᠢᠨ ᠪᠣᠢᠵᠢᠭᠤᠯᠤᠯᠲᠠ ᠪᠣᠯ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠬᠦ᠎ᠶᠢᠨ ᠦᠨᠳᠦᠰᠦᠨ ᠪᠠᠲᠤᠯᠠᠭ᠎ᠠ ᠮᠥᠨ᠃ ᠣᠯᠠᠨ ᠡᠰᠢᠵᠢᠭᠰᠡᠨ ᠳ᠋ᠠᠢᠲ᠋ᠠ᠎ᠶᠢᠨ ᠦᠢᠯᠡᠴᠢᠯᠡᠭᠡᠨ᠎ᠦ ᠬᠤᠳᠠᠯᠳᠤᠭᠠᠴᠢᠨ ᠬᠢᠭᠡᠳ ᠭᠤᠷᠪᠠᠳᠠᠭᠢ ᠡᠲᠡᠭᠡᠳ᠎ᠦᠨ ᠲᠤᠰᠬᠠᠢ ᠠᠵᠢᠯ᠎ᠤᠨ ᠪᠠᠢᠭᠤᠯᠤᠮᠵᠢ᠎ᠶᠢ ᠢᠳᠡᠪᠬᠢᠲᠡᠢ᠎ᠪᠡᠷ ᠵᠣᠷᠢᠭ᠍ᠵᠢᠭᠤᠯᠬᠤ ᠪᠠ ᠪᠣᠢᠵᠢᠭᠤᠯᠵᠤ᠂ ᠳ᠋ᠠᠢᠲ᠋ᠠ ᠴᠤᠭᠯᠠᠭᠤᠯᠬᠤ᠂ ᠬᠤᠷᠠᠮᠳᠤᠭᠤᠯᠬᠤ᠂ ᠵᠠᠰᠠᠬᠤ᠂ ᠵᠠᠳᠠᠯᠬᠤ᠂ ᠡᠷᠬᠡ᠎ᠶᠢ ᠨᠤᠲᠠᠯᠠᠨ ᠲᠣᠭᠲᠠᠭᠠᠬᠤ᠂ ᠦᠨᠡᠯᠡᠨ ᠵᠢᠱ᠌ᠢᠬᠦ᠂ ᠠᠷᠠᠯᠵᠢᠶᠠᠯᠠᠬᠤ ᠵᠡᠷᠭᠡ ᠪᠥᠬᠥ ᠬᠡᠯᠬᠢᠶᠡᠨ᠎ᠦ ᠭᠣᠭᠴᠣᠭ᠎ᠠ᠎ᠳᠤ ᠲᠤᠰᠬᠠᠢ ᠮᠡᠷᠭᠡᠵᠢᠯ᠎ᠦᠨ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ᠎ᠦ ᠴᠢᠳᠠᠪᠤᠷᠢ᠎ᠶᠢ ᠪᠦᠷᠢᠯᠳᠦᠭᠦᠯᠵᠦ ᠦᠭᠬᠦᠨ᠎ᠡ᠃ ᠨᠢᠭᠡ ᠪᠦᠯᠦᠭ ᠳ᠋ᠠᠢᠲ᠋ᠠ᠎ᠶᠢᠨ ᠡᠯᠧᠮᠧᠨ᠋ᠲ᠎ᠦᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠰᠢᠨ᠎ᠡ᠎ᠶᠢ ᠡᠭᠦᠳᠬᠦ ᠨᠡᠪᠴᠢᠭᠦᠯᠬᠦ ᠲᠠᠪᠴᠠᠩ ᠬᠢᠭᠡᠳ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠶ᠋ᠢᠭᠤᠯᠬᠤ᠎ᠶᠢ ᠳᠡᠮᠵᠢᠵᠦ᠂ ᠳ᠋ᠠᠢᠲ᠋ᠠ᠂ ᠮᠡᠷᠭᠡᠵᠢᠯ᠂ ᠬᠥᠷᠥᠩᠭᠡ᠂ ᠴᠢᠳᠠᠪᠤᠷᠢᠲᠠᠨ ᠵᠡᠷᠭᠡ ᠡᠯ᠎ᠡ ᠲᠥᠷᠥᠯ᠎ᠦᠨ ᠰᠢᠨ᠎ᠡ᠎ᠶᠢ ᠡᠭᠦᠳᠬᠦ ᠡᠯᠧᠮᠧᠨ᠋ᠲ᠎ᠢ ᠲᠥᠪᠯᠡᠷᠡᠭᠦᠯᠬᠦ ᠪᠠ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠤᠨ᠎ᠠ᠃ 《ᠵᠠᠰᠠᠭ᠎ᠦᠨ ᠣᠷᠳᠣᠨ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ ᠬᠡᠷᠡᠭᠯᠡᠯᠲᠡ》᠎ᠶᠢᠨ ᠨᠢᠭ᠍ᠲᠠ ᠬᠠᠮᠵᠢᠯᠴᠠᠭᠰᠠᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ ᠪᠦᠷᠢᠯᠳᠦᠬᠦ᠎ᠶᠢ ᠶᠡᠬᠡᠪᠡᠷ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠥᠷᠥᠯ ᠪᠠ ᠬᠦᠷᠢᠶ᠎ᠡ ᠴᠠᠷᠠᠭ᠎ᠠ᠎ᠳᠤ ᠳ᠋ᠠᠢᠲ᠋ᠠ᠎ᠶᠢᠨ ᠬᠦᠴᠦᠨ ᠵᠦᠢᠯ᠎ᠦᠨ ᠦᠨ᠎ᠡ ᠥᠷᠲᠡᠭ᠎ᠢ ᠪᠠᠳᠠᠷᠠᠭᠣᠯᠬᠤ ᠨᠡᠢᠲᠡᠯᠢᠭ ᠵᠢᠱ᠌ᠢᠶ᠎ᠡ ᠦᠵᠡᠭᠦᠯᠬᠦ ᠪᠠ ᠬᠡᠪ ᠳᠠᠭᠤᠷᠢᠶᠠᠯ ᠪᠣᠯᠬᠤ ᠬᠡᠷᠡᠭ᠎ᠦᠨ ᠵᠢᠱ᠌ᠢᠶ᠎ᠡ ᠳᠡᠯᠭᠡᠷᠡᠭᠦᠯᠬᠦ᠎ᠶᠢ ᠵᠣᠬᠢᠶᠠᠨ ᠪᠠᠢᠭᠤᠯᠤᠨ ᠥᠷᠨᠢᠭᠦᠯᠦᠨ᠎ᠡ᠃

ᠠᠮᠤᠷ ᠲᠦᠪᠰᠢᠨ ᠬᠢᠭᠡᠳ ᠬᠥᠭᠵᠢᠯᠲᠡ ᠨᠢ ᠡᠷᠬᠡᠪᠰᠢ ᠬᠥᠳᠡᠯᠦᠩᠭᠦᠢ ᠲᠡᠩᠴᠡᠭᠦᠷᠢ᠎ᠶᠢ ᠪᠡᠶᠡᠯᠡᠭᠦᠯᠬᠦ ᠬᠡᠷᠡᠭᠲᠡᠢ᠃ ᠳ᠋ᠠᠢᠲ᠋ᠠ᠎ᠶᠢᠨ ᠬᠦᠴᠦᠨ ᠵᠦᠢᠯ᠎ᠦᠨ ᠲᠣᠭᠲᠠᠭᠠᠯ᠎ᠳᠤ ᠨᠡᠢᠴᠡᠭᠦᠯᠦᠨ ᠴᠢᠯᠦᠭᠡᠲᠡᠢ ᠰᠢᠯᠵᠢᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ᠎ᠶᠢᠨ ᠬᠠᠮᠲᠤ᠂ ᠳ᠋ᠠᠢᠲ᠋ᠠ᠎ᠶᠢᠨ ᠠᠮᠤᠷ ᠲᠦᠪᠰᠢᠨ᠎ᠦ ᠪᠠᠲᠤᠯᠠᠭ᠎ᠠ ᠬᠢᠭᠡᠳ ᠵᠠᠰᠠᠯᠲᠠ᠎ᠶᠢᠨ ᠪᠦᠷᠢᠨ ᠲᠡᠭᠦᠯᠳᠡᠷ ᠪᠥᠭᠡᠳ ᠥᠨᠳᠥᠷ ᠪᠦᠲᠦᠮᠵᠢᠲᠡᠶ ᠰᠢᠰᠲᠧᠮ᠎ᠢ ᠡᠷᠬᠡᠪᠰᠢ ᠵᠡᠷᠭᠡ ᠪᠡᠷ ᠪᠠᠶ᠋ᠢᠭᠤᠯᠬᠤ ᠬᠡᠷᠡᠭᠲᠡᠢ᠃ ᠤᠯᠤᠰ᠎ᠤᠨ ᠭᠣᠣᠯ ᠲᠣᠭ᠎ᠠ ᠪᠠᠷᠢᠮᠲᠠ᠂ ᠴᠢᠬᠤᠯᠠ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠬᠠᠮᠠᠭᠠᠯᠠᠯᠲᠠ᠎ᠶᠢ ᠴᠢᠩᠭᠠᠳᠬᠠᠵᠤ᠂ ᠲᠣᠭ᠎ᠠ ᠪᠠᠷᠢᠮᠲᠠ᠎ᠶᠢᠨ ᠬᠢᠯᠢ ᠠᠯᠤᠰᠯᠠᠨ ᠰᠢᠯᠵᠢᠬᠦ᠎ᠶᠢᠨ ᠠᠮᠤᠷ ᠲᠦᠪᠰᠢᠨ᠎ᠢ ᠦᠨᠡᠯᠡᠨ ᠵᠢᠱ᠌ᠢᠬᠦ ᠪᠠ ᠬᠠᠮᠢᠶᠠᠷᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ᠎ᠦᠨ ᠠᠵᠤ ᠠᠬᠤᠢᠯᠠᠯ᠎ᠤᠨ ᠲᠣᠭ᠎ᠠ ᠪᠠᠷᠢᠮᠲᠠ᠎ᠶᠢᠨ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ᠎ᠶᠢ ᠬᠠᠮᠤᠷᠤᠭᠰᠠᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠣᠲᠣᠭᠠᠳᠤ᠎ᠳᠠᠬᠢ ᠡᠵᠡᠮᠳᠡᠬᠦ ᠳᠦᠷᠢᠮ ᠬᠢᠭᠡᠳ ᠰᠡᠷᠭᠡᠢᠯᠡᠨ ᠬᠠᠮᠠᠭᠠᠯᠠᠬᠤ ᠮᠡᠷᠭᠡᠵᠢᠯ᠎ᠦᠨ ᠰᠢᠰᠲᠧᠮ ᠎ᠢ ᠪᠠᠢᠭᠤᠯᠤᠨ ᠪᠦᠷᠢᠨᠰᠢᠭᠦᠯᠬᠦ᠎ᠶᠢ ᠠᠬᠢᠭᠤᠯᠵᠤ᠂ ᠪᠥᠬᠥ ᠠᠵᠢᠯ ᠲᠥᠷᠥᠯ᠎ᠦᠨ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠨ ᠬᠠᠮᠠᠭᠠᠯᠠᠬᠤ ᠦᠵᠡᠯ ᠤᠬᠠᠮᠰᠠᠷ ᠬᠢᠭᠡᠳ ᠪᠣᠳᠠᠲᠠᠢ ᠠᠵᠢᠯᠯᠠᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤᠯᠠᠬᠤ᠎ᠶᠢᠨ ᠬᠠᠮᠲᠤ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠤᠨ᠎ᠠ᠃

— 《ᠠᠵᠦ ᠠᠬᠤᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号