ᠢᠳᠡᠭᠡᠨ᠎ᠦ ᠠᠮᠤᠷ ᠲᠦᠪᠰᠢᠨ᠎ᠢ ᠴᠢᠩᠭ᠎ᠠ ᠬᠠᠮᠢᠶᠠᠷᠴᠤ ᠬᠠᠮᠲᠤ᠎ᠪᠠᠷ ᠵᠠᠰᠠᠶ᠎ᠠ
2026-03-30 11:07:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠦᠯᠵᠢᠶᠡᠨ᠎ᠦ ᠢᠳᠡᠭᠡᠨ᠎ᠦ ᠬᠤᠳᠠᠯᠳᠤᠭᠠᠨ᠎ᠤ ᠲᠠᠪᠴᠠᠩ ᠵᠢᠴᠢ ᠡᠵᠡᠩᠨᠡᠭᠴᠢ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠨᠠᠢᠳᠠᠪᠣᠷᠢᠵᠢᠭᠣᠯᠬᠣ ᠵᠢᠨ ᠲᠦᠯᠦᠬᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ 3 ᠰᠠᠷ᠎ᠠ᠎ᠶᠢᠨ 16᠎ᠤ ᠡᠳᠦᠷ᠎ᠡᠴᠡ ᠡᠬᠢᠯᠡᠨ ᠰᠦᠯᠵᠢᠶᠡᠨ᠎ᠦ ᠢᠳᠡᠭᠡᠨ᠎ᠦ ᠠᠮᠤᠷ ᠲᠦᠪᠰᠢᠨ᠎ᠦ ᠲᠣᠭᠲᠠᠭᠠᠯ᠎ᠳᠤ ᠨᠡᠢᠴᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠪᠡ᠃ ᠲᠤᠰ ᠠᠵᠢᠯᠯᠠᠭ᠎ᠠ ᠨᠢ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠳᠦ᠂ ᠲᠠᠪᠴᠠᠩ ᠡᠴᠡ ᠡᠷᠬᠡᠪᠰᠢ 《ᠨᠢᠭᠡᠳᠦᠭᠡᠷ ᠪᠣᠭᠣᠮᠲᠠ》 ᠵᠢ ᠴᠢᠩᠭ᠎ᠠ ᠰᠠᠬᠢᠵᠤ᠂ ᠵᠥᠪᠰᠢᠶᠡᠷᠡᠨ ᠣᠷᠣᠭᠤᠯᠬᠤ ᠪᠣᠭᠣᠮᠲᠠ᠎ᠶᠢ ᠴᠢᠩᠭ᠎ᠠ ᠰᠠᠬᠢᠵᠦ᠂ ᠰᠢᠭᠤᠳ ᠨᠡᠪᠲᠡᠷᠡᠭᠦᠯᠬᠡ ᠵᠢᠨ ᠡᠵᠡᠩᠨᠡᠨ ᠪᠣᠷᠣᠯᠠᠭᠤᠯᠬᠤ ᠦᠭᠡ ᠬᠡᠯᠡᠨ᠎ᠦ  ᠮᠡᠷᠭᠡᠵᠢᠯ᠂ ᠢᠳᠡᠭᠡᠨ᠎ᠦ ᠮᠡᠳᠡᠭᠡ ᠵᠠᠩᠭᠢ᠎ᠶᠢ ᠳᠡᠯᠭᠡᠨ ᠦᠵᠡᠭᠦᠯᠬᠦ ᠬᠥᠳᠡᠯᠦᠩᠭᠦᠢ ᠲᠣᠭᠣᠷᠢᠨ ᠪᠠᠢᠴᠠᠭᠠᠬᠤ ᠲᠣᠭᠲᠠᠴᠠ᠎ᠶᠢ ᠪᠠᠢᠭᠤᠯᠵᠤ᠂ ᠮᠡᠷᠭᠡᠵᠢᠯ᠎ᠦᠨ ᠠᠷᠭ᠎ᠠ ᠪᠠᠷᠢᠯ᠎ᠢ ᠠᠰᠢᠭ᠍ᠯᠠᠨ ᠳᠦᠷᠢᠮ ᠲᠣᠭᠲᠠᠭᠠᠯ᠎ᠠᠴᠠ ᠵᠥᠷᠢᠴᠡᠭᠰᠡᠨ ᠠᠭᠤᠯᠭ᠎ᠠ᠎ᠶᠢ ᠬᠣᠷᠢᠭ᠍ᠯᠠᠵᠤ᠂ ᠣᠯᠠᠨᠲᠠ ᠰᠠᠨᠠᠭᠤᠯᠤᠬᠰᠠᠨ᠎ᠴᠦ ᠥᠯᠥ ᠵᠠᠰᠠᠷᠠᠭᠰᠠᠳ᠎ᠲᠤ ᠬᠠᠨᠳᠣᠭᠣᠯᠵᠦ ᠤᠬᠤᠷᠢᠨ ᠭᠠᠷᠭᠠᠬᠤ ᠴᠢᠩᠭ᠎ᠠ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠬᠢᠨ 《ᠨᠢᠭᠡ ᠬᠥᠯᠭᠡ ᠰᠢᠲᠠᠷ᠎ᠠ》 ᠵᠢᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠰᠦᠯᠵᠢᠶᠡᠨ᠎ᠦ ᠢᠳᠡᠭᠡᠨ᠎ᠦ ᠬᠡᠯᠬᠢᠶ᠎ᠡ ᠣᠷᠳᠣ᠌ ᠪᠠᠢᠬᠤ ᠣᠨᠴᠠᠯᠢᠭ᠋᠎ᠲᠤ ᠴᠢᠭᠯᠡᠭᠦᠯᠦᠨ᠂ ᠣᠷᠣᠨ ᠪᠦᠰᠡ ᠠᠯᠤᠰᠯᠠᠭᠰᠠᠨ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ ᠬᠠᠮᠵᠢᠯᠴᠠᠨ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠎ᠪᠠᠷ ᠳᠠᠮᠵᠢᠨ᠂ ᠢᠲᠡᠭᠡᠮᠵᠢ ᠠᠯᠳᠠᠭᠰᠠᠳ᠎ᠢ 《ᠨᠢᠭᠡ  ᠣᠳᠠᠭ᠎ᠠ ᠢᠲᠡᠭᠡᠯ ᠠᠯᠳᠠᠪᠠᠯ᠂ ᠭᠠᠵᠠᠷ ᠪᠣᠯᠭᠠᠨ᠎ᠳᠤ ᠬᠢᠵᠠᠭᠠᠷᠯᠠᠭᠳᠠᠬᠤ》 ᠪᠣᠯᠭᠠᠨ᠎ᠠ᠃ ᠬᠡᠷᠡᠭᠯᠡᠭᠡ ᠎ᠵᠢᠨ ᠲᠠᠯ᠎ᠠ᠎ᠠᠴᠠ ᠠᠪᠴᠤ ᠦᠵᠡᠪᠡᠯ᠂ ᠪᠠᠰᠠ ᠬᠤᠳᠠᠯᠳᠤᠭᠠᠴᠢᠳ᠎ᠤᠨ ᠭᠡᠷᠡᠴᠢ ᠦᠨᠡᠮᠯᠡᠯ᠎ᠢᠶᠡᠨ ᠵᠠᠷᠯᠠᠨ ᠨᠡᠢᠲᠡᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠪᠠᠢᠳᠠᠯ᠎ᠢ ᠮᠡᠳᠡᠬᠦ ᠡᠷᠬᠡ᠎ᠶᠢ ᠪᠠᠲᠤᠯᠠᠬᠤ᠎ᠶᠢ ᠵᠣᠷᠢᠭ᠍ᠵᠢᠭᠤᠯᠬᠤ ᠬᠡᠷᠡᠭᠲᠡᠢ᠂ ᠬᠡᠷᠡᠭᠯᠡᠭᠴᠢᠳ ᠴᠦ᠍ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠡᠳᠦ ᠤᠬᠠᠭᠤᠯᠭ᠎ᠠ᠎ᠳᠤ ᠰᠣᠨᠣᠷ ᠰᠡᠷᠡᠮᠵᠢ ᠲᠠᠢ ᠪᠠᠢᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠎ᠳᠦ ᠢᠳᠡᠪᠬᠢᠲᠡᠢ ᠣᠷᠣᠯᠴᠠᠬᠤ ᠬᠡᠷᠡᠭᠲᠡᠢ᠃       (ᠱᠢ ᠹᠧᠩ)


QQ截图20260312093543.png


ᠸᠠᠩ  ᠫᠧᠩ  ᠵᠢᠷᠣᠪᠠ   ᠰᠢᠨᠬᠤᠸᠠ ᠬᠣᠷᠢᠶ᠎ᠠ ᠵᠢᠨ ᠵᠢᠷᠣᠭ

— 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号