ᠡᠨᠡ ᠵᠢᠯ ᠥᠪᠥᠷ ᠮᠣᠩᠭᠣᠯ ᠤᠰᠤᠨ ᠤ᠋ ᠡᠬᠢ ᠪᠠᠶᠠᠯᠢᠭ ᠤ᠋ᠨ ᠬᠠᠲᠠᠭᠤ ᠬᠢᠵᠠᠭᠠᠷᠯᠠᠯ ᠤ᠋ᠨ ᠲᠦᠷᠢᠮ ᠢ᠋ ᠨᠠᠢᠳᠠᠪᠤᠷᠢᠵᠢᠭᠤᠯᠵᠤ᠂ ᠣᠳᠣᠬᠢᠴᠢᠯᠠᠭ᠍ᠰᠠᠨ ᠤᠰᠤᠨ ᠲᠤᠤᠷ ᠤ᠋ᠨ ᠪᠥᠲᠥᠭᠡᠨ ᠪᠠᠢᠭᠤᠯᠤᠯᠲᠠ ᠢ᠋ᠢ ᠪᠥᠬᠥ᠌ ᠲᠠᠯᠠ ᠪᠠᠷ ᠲᠦᠷᠭᠡᠳᠭᠡᠵᠤ ᠪᠤᠢ᠃
ᠬᠠᠪᠤᠷ ᠤ᠋ᠨ ᠤᠷᠢ ᠤᠷᠤᠮᠠᠭᠴᠠ ᠲᠦᠩᠯᠢᠶᠣᠤ ᠬᠤᠳᠠ ᠢ᠋ᠢᠨ ᠱᠢᠶᠤᠤ ᠵᠤᠸᠠᠩ ᠾᠧ ᠭᠣᠣᠯ ᠤ᠋ᠨ ᠵᠤᠯ ᠵᠢᠷᠭᠠᠯᠲᠤ ᠭᠣᠣᠯ ᠤ᠋ᠨ ᠪᠦᠳᠦᠭᠡᠨ ᠪᠠᠢᠭᠤᠯᠤᠯᠲᠠ ᠢ᠋ᠢᠨ ᠲᠦᠷᠦᠯ ᠵᠦᠢᠯᠦᠨ ᠲᠤᠬᠠᠢ ᠢ᠋ᠢᠨ ᠲᠠᠯᠠᠪᠠᠢ ᠳ᠋ᠤ ᠠᠵᠢᠯᠴᠢᠳ ᠶᠠᠭᠠᠷᠠᠯᠲᠠᠢ ᠠᠵᠢᠯᠯᠠᠨᠠ᠃ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠵᠥᠪᠱᠢᠶᠡᠷᠡᠯ ᠣᠯᠤᠭ᠍ᠰᠠᠨ ᠵᠤᠯ ᠵᠢᠷᠭᠠᠯᠲᠤ ᠭᠤᠤᠯ ᠤ᠋ᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠪᠣᠯᠤᠭ᠍ᠰᠠᠨ ᠤ᠋ ᠬᠤᠪᠢ ᠳ᠋ᠤ ᠣᠳᠣᠬᠠᠨ ᠳ᠋ᠤ ᠭᠤᠤᠯ ᠴᠣᠭ᠍ᠴᠠ ᠢ᠋ᠢᠨ ᠪᠠᠷᠢᠯᠭᠠ ᠢ᠋ᠢ ᠦᠨᠳᠦᠰᠦᠨᠳᠡᠭᠡᠨ ᠳᠠᠭᠤᠰᠬᠠᠵᠤ᠂ ᠡᠨᠡ ᠵᠢᠯᠦᠨ 6 ᠰᠠᠷᠠ ᠢ᠋ᠢᠨ ᠰᠡᠭᠦᠯᠴᠢ ᠪᠡᠷ ᠪᠦᠬᠦᠨ ᠢ᠋ ᠳᠠᠭᠤᠰᠭᠠᠬᠤ ᠪᠠᠷ ᠲᠥᠯᠥᠪᠯᠡᠵᠦ᠍ ᠪᠤᠢ᠃ ᠲᠤᠰ ᠢᠨᠵᠧᠨᠧᠷᠢᠩᠨᠢ ᠤᠰᠤᠨ ᠤ᠋ ᠱᠢᠰᠲ᠋ᠧᠮ ᠢ᠋ ᠨᠡᠪᠲᠡᠷᠡᠭᠦᠯᠬᠦ᠌᠂ ᠳᠠᠯᠠᠩ ᠬᠠᠱᠢᠯᠭᠠ ᠢ᠋ᠢᠨ ᠴᠢᠳᠠᠮᠵᠢ ᠢ᠋ᠢ ᠲᠡᠭᠦᠯᠳᠡᠷᠵᠢᠭᠦᠯᠬᠦ᠌᠂ ᠤᠰᠤᠨ ᠣᠷᠣᠨ ᠤ᠋ ᠣᠷᠣᠨ ᠵᠠᠶ ᠢ᠋ᠢ ᠰᠡᠷᠭᠦᠭᠡᠬᠦ᠌᠂ ᠡᠷᠭᠢ ᠢ᠋ᠢᠨ ᠱᠤᠭᠤᠮ ᠢ᠋ ᠬᠠᠮᠢᠶᠠᠷᠴᠤ᠌ ᠬᠠᠮᠠᠭᠠᠯᠠᠬᠤ ᠪᠠ ᠣᠶᠤᠨᠴᠢᠪᠠᠷ ᠬᠢᠨᠠᠨ ᠬᠡᠮᠵᠢᠬᠦ᠌ ᠲᠦᠬᠦᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠵᠡᠷᠭᠡ ᠲᠠᠪᠤᠨ ᠭᠤᠤᠯ ᠠᠭᠤᠯᠭᠠ ᠢ᠋ᠢᠨ ᠲᠣᠭᠣᠷᠢᠨ ᠳ᠋ᠤ ᠶᠠᠪᠤᠭ᠍ᠳᠠᠵᠤ᠂ ᠪᠠᠢᠭᠤᠯᠵᠤ ᠳᠠᠭᠤᠰᠤᠭ᠍ᠰᠠᠨ ᠤ᠋ ᠳᠠᠷᠠᠭᠠ ᠣᠷᠣᠨ ᠪᠦᠰᠡ ᠢ᠋ᠢᠨ ᠦᠶᠡᠷ ᠢ᠋ ᠰᠡᠷᠭᠡᠢᠯᠡᠬᠦ ᠪᠠ ᠠᠮᠢ ᠠᠬᠤᠶ ᠢ᠋ᠢ ᠪᠠᠲᠤᠯᠠᠬᠤ ᠴᠢᠳᠠᠪᠤᠷᠢ ᠢ᠋ᠢ ᠳᠡᠭᠡᠭ᠌ᠰᠢᠯᠡᠭᠦᠯᠵᠦ᠍᠂ ᠪᠠᠷᠠᠭᠤᠨ ᠯᠢᠶᠣᠤᠾᠧ ᠭᠤᠤᠯ ᠤ᠋ᠨ ᠭᠤᠤᠯ ᠤᠷᠤᠰᠭᠠᠯ ᠤ᠋ᠨ ᠦᠷᠭᠦᠯᠵᠢᠯᠡᠨ ᠨᠡᠪᠲᠡᠷᠡᠬᠦ᠌ ᠳ᠋ᠤ ᠬᠦᠴᠦᠨ ᠨᠡᠮᠡᠷᠢᠯᠡᠬᠦ᠌ ᠪᠣᠯᠤᠨᠠ᠃
ᠡᠨᠡ ᠵᠢᠯ ᠦᠪᠦᠷ ᠮᠤᠡᠭᠭᠤᠯ ᠲᠠᠷᠢᠶᠠᠯᠠᠩ ᠤ᠋ᠨ ᠤᠰᠤ ᠠᠷᠪᠢᠯᠠᠵᠤ ᠦᠷᠡ ᠠᠱᠢᠭ ᠢ᠋ ᠨᠡᠮᠡᠭ᠌ᠳᠡᠭᠦᠯᠬᠦ᠌᠂ ᠠᠵᠤ ᠦᠶ᠋ᠯᠡᠳᠪᠦᠷᠢ ᠢ᠋ᠢᠨ ᠤᠰᠤ ᠠᠷᠪᠢᠯᠠᠵᠤ ᠪᠣᠬᠢᠷ ᠤᠰᠤ ᠵᠢ ᠭᠠᠳᠠᠭ᠍ᠰᠢᠯᠠᠭᠤᠯᠬᠤ ᠢ᠋ᠢ ᠪᠠᠭᠠᠰᠭᠠᠬᠤ᠂ ᠬᠣᠲᠠ ᠪᠠᠯᠭᠠᠰᠤ ᠢ᠋ᠢᠨ ᠤᠰᠤ ᠠᠷᠪᠢᠯᠠᠵᠤ ᠬᠣᠬᠢᠷᠠᠯ ᠢ᠋ ᠪᠠᠭᠠᠰᠭᠠᠬᠤ ᠢ᠋ᠢ ᠰᠠᠢᠲᠤᠷ ᠠᠳᠭᠤᠵᠤ᠂ ᠪᠥᠬᠥ᠌ ᠵᠢᠯ ᠳ᠋ᠤ ᠤᠰᠤ ᠠᠷᠪᠢᠯᠠᠬᠤ ᠴᠢᠳᠠᠪᠤᠷᠢ ᠢ᠋ᠢ 2.7 ᠳ᠋ᠦᠩᠱᠢᠭᠤᠷ ᠪᠣᠰᠣᠭᠠ ᠳᠥᠷᠪᠡᠯᠵᠢᠨ ᠮᠧᠲ᠋ᠷ ᠱᠢᠨᠡ ᠪᠡᠷ ᠨᠡᠮᠡᠭ᠌ᠳᠡᠭᠦᠯᠦᠨ᠂ ᠲᠠᠷᠢᠶᠠᠨ ᠭᠠᠵᠠᠷ ᠤ᠋ᠨ ᠤᠰᠤᠯᠠᠯᠲᠠ ᠢ᠋ᠢᠨ ᠤᠰᠤᠨ ᠤ᠋ ᠪᠦᠲᠦᠮᠵᠢᠲᠡᠶ ᠠᠱᠢᠭ᠍ᠯᠠᠯᠲᠠ ᠢ᠋ᠢᠨ ᠢᠯᠡᠳᠭᠡᠮᠵᠢ ᠢ᠋ᠢ 0.593ᠳ᠋ᠤ ᠬᠦᠷᠭᠡᠬᠦ ᠪᠡᠷ ᠴᠢᠷᠮᠠᠢᠨᠠ᠃ ᠲᠣᠭ᠍ᠲᠠᠭᠠᠯ ᠡᠴᠡ ᠵᠥᠷᠢᠴᠡᠨ ᠤᠰᠤ ᠲᠠᠲᠠᠬᠤ ᠢ᠋ᠢ ᠲᠤᠰᠭᠠᠶ ᠵᠦᠢᠯ ᠢ᠋ᠢᠡᠷ ᠢ᠋ᠢᠡᠨ ᠴᠡᠭ᠌ᠴᠡᠯᠡᠨ ᠵᠠᠰᠠᠵᠤ᠂ ᠤᠰᠤ ᠲᠠᠲᠠᠵᠤ ᠬᠡᠷᠡᠭ᠌ᠯᠡᠬᠦ᠌ ᠢ᠋ᠢ ᠡᠮᠬᠢ ᠳᠢᠭ᠌ᠯᠢᠮ ᠲᠠᠢ ᠪᠤᠯᠭᠠᠨᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号