ᠬᠦᠬᠡᠬᠤᠳᠠ᠎ᠵᠢᠨ ᠠᠮᠢ ᠠᠬᠤᠢ᠎ᠵᠢᠨ ᠨᠤᠭᠤᠭᠠᠨ ᠡᠭᠡᠰᠢᠭᠯᠡᠡᠭ
2026-03-30 10:34:57
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠡᠭᠰᠢᠯᠭ᠎ᠠ᠎ᠵᠢᠨ ᠬᠦᠳᠤᠯᠤᠮᠵᠢ

ᠤᠢ᠍ᠢᠷ᠎ᠠ ᠵᠢᠨ ᠵᠢᠯ ᠡᠴᠡ ᠨᠠᠭᠠᠰᠢ᠂ ᠬᠥᠬᠡᠬᠣᠲᠠ᠎ᠵᠢᠨ ᠬᠢᠨ 《ᠠᠭᠤᠯᠠ᠂ ᠡᠪᠡᠰᠦ᠂ ᠬᠤᠳᠠ᠂ ᠤᠰᠤ》 ᠶ᠋ᠢ ᠨᠢᠭᠡ ᠴᠤᠬ᠍ᠴᠠᠵᠢᠭᠤᠯᠤᠨ ᠵᠠᠰᠠᠬᠤ ᠪᠡᠷ ᠴᠢᠬᠤᠯᠠ ᠭᠠᠷᠳᠠᠴᠠ ᠪᠣᠯᠭᠠᠨ ᠠᠮᠢ ᠠᠬᠤᠢ ᠶ᠋ᠢ ᠬᠠᠮᠠᠭᠠᠯᠠᠨ ᠰᠡᠷᠭᠦᠭᠡᠬᠦ᠌ ᠪᠠ ᠬᠤᠳᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 257.96 ᠲᠦᠮᠡᠨ ᠮᠥ᠍ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠶ᠋ᠢ ᠪᠡᠶᠡᠯᠡᠭᠦᠯᠤᠨ᠂ 70.39 ᠲᠦᠮᠡᠨ ᠮᠥ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠵᠤ᠂ ᠤᠯᠠᠨ ᠲᠦᠮᠡᠨ᠎ᠳᠤ ᠰᠠᠢᠨ ᠰᠠᠢᠬᠠᠨ ᠪᠠᠢᠭᠠᠯᠢ ᠤᠷᠴᠢᠨ ᠬᠠᠡᠭᠭᠠᠨ ᠦᠭᠴᠤ ᠪᠠᠢᠨ᠎ᠠ᠃


ᠬᠠᠪᠤᠷ ᠤ᠋ᠨ ᠲᠡᠭᠷᠢ ᠳᠤᠯᠠᠭᠠᠷᠠᠬᠤ ᠶ᠋ᠢ ᠳᠠᠭᠠᠯᠳᠤᠨ᠂ ᠬᠦᠬᠡᠬᠤᠲᠠ ᠵᠢᠨ ᠴᠡᠴᠡᠷᠯᠢᠭ ᠵᠢᠡᠷ ᠰᠡᠯᠡᠭᠦᠴᠡᠨ ᠲᠤᠭᠤᠷᠢᠬᠰᠠᠳ ᠤᠯᠠᠰᠢᠷᠠᠵᠤ᠂ ᠴᠡᠯᠮᠡᠭ ᠲᠩᠷᠢ᠎ᠵᠢᠨ ᠲᠤᠤᠷ᠎ᠠ᠂ ᠴᠡᠪᠡᠷ ᠠᠭᠠᠷ ᠠᠮᠢᠰᠬᠤᠵᠤ᠂ ᠴᠡᠪᠡᠷᠭᠡᠨ ᠬᠣᠲᠠ ᠎ᠵᠢᠨ ᠭᠣᠶᠣᠮᠰᠤᠭ ᠦᠵᠡᠮᠵᠢ᠎ᠳᠤ ᠰᠤᠭᠳᠤᠭᠤᠷᠠᠨ᠎ᠠ᠃

ᠥᠷ ᠤ᠋ᠨ ᠭᠡᠭᠡ ᠪᠡᠷ ᠳᠠᠯᠠᠨ ᠬᠠᠷ᠎ᠠ ᠠᠭᠤᠯᠠ ᠮᠠᠨᠠᠨ᠎ᠬᠦᠳᠡᠩ ᠤ᠋ᠨ ᠳᠤᠮᠳᠠ ᠰᠦᠮᠡᠯᠵᠡᠨ ᠬᠠᠷᠠᠭᠳᠠᠨ᠎ᠠ᠃ 《ᠲᠡᠷᠡ ᠬᠥᠲᠥᠯ ᠢ᠋ ᠬᠠᠷᠠᠭᠠᠴᠢ᠂ ᠬᠡᠳᠦᠬᠡᠨ ᠵᠢᠯ ᠤ᠋ᠨ ᠡᠮᠤᠨ᠎ᠡ ᠠᠭᠤᠷᠬᠠᠶ ᠮᠠᠯᠲᠠᠵᠤ ᠦᠯᠡᠳᠡᠭᠡᠭᠰᠡᠨ 〈ᠱᠢᠷᠬ᠎ᠠ〉 ᠲᠠᠢ ᠭᠠᠵᠠᠷ ᠪᠠᠢᠭᠰᠠᠨ ᠵᠢᠡᠨ ᠣᠳᠣ ᠱᠢᠨ᠎ᠡ ᠪᠡᠷ ᠲᠠᠷᠢᠭ᠍ᠰᠠᠨ ᠮᠣᠳᠣ ᠨᠢᠭᠡᠨᠲᠡ ᠤᠷᠭᠤᠵᠤ ᠠᠮᠵᠢᠵᠠᠢ》 ᠭᠡᠵᠤ ᠨᠢᠭᠡ ᠡᠳᠦᠷ ᠤ᠋ᠨ ᠲᠤᠭᠤᠷᠢᠨ ᠬᠠᠮᠠᠭᠠᠯᠠᠬᠤ ᠠᠵᠢᠯ ᠵᠢᠡᠨ ᠡᠬᠢᠯᠡᠭᠦᠯᠦᠭᠰᠡᠨ ᠤᠢ ᠬᠠᠮᠠᠭᠠᠯᠠᠭᠴᠢ ᠵᠠᠩ ᠴᠢᠶᠠᠩ ᠠᠯᠤᠰ ᠢ᠋ ᠪᠠᠷᠠᠯᠠᠨ ᠬᠡᠯᠡᠨ᠎ᠡ᠃

ᠳᠠᠯᠠᠨ ᠬᠠᠷ᠎ᠠ ᠠᠭᠤᠯᠠ ᠵᠢᠨ ᠠᠮᠢ ᠠᠬᠤᠢ᠎ᠵᠢᠨ ᠰᠠᠢᠵᠢᠷᠠᠯᠳᠠ ᠨᠢ  ᠬᠥᠬᠡᠬᠣᠲᠠ ᠵᠢᠨ ᠴᠡᠭᠴᠡᠯᠡᠨ ᠵᠠᠰᠠᠯᠲᠠ ᠵᠢᠨ ᠪᠤᠳᠠᠳᠠᠢ ᠵᠢᠱ᠌ᠢᠶ᠎ᠡ ᠪᠣᠯᠬᠤ ᠶᠤᠮ᠃ ᠲᠣᠰ ᠵᠠᠭᠤᠨ ᠤ᠋ ᠡᠬᠢ ᠪᠠᠷ᠂ ᠣᠷᠳᠣ ᠬᠤᠭᠤᠴᠠᠭ᠎ᠠ ᠪᠡᠷ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠵᠤ᠂ ᠡᠮᠬᠢ ᠵᠢᠷᠤᠮ ᠥᠬᠡᠶ ᠨᠡᠭᠡᠭᠡᠨ ᠮᠠᠯᠲᠠᠭ᠍ᠰᠠᠨ ᠡᠴᠡ ᠪᠣᠯᠵᠣ᠂ ᠡᠨᠡ ᠬᠦ᠌ ᠬᠣᠲᠠ ᠵᠢᠨ ᠲᠣᠭᠣᠷᠢᠭ ᠡᠴᠡ ᠬᠡᠳᠦᠬᠡᠨ ᠺᠢᠯᠣᠮᠧᠲ᠋ᠷ ᠵᠠᠢᠲᠠᠶ ᠠᠭᠤᠯᠠ ᠨᠢᠷᠤᠭᠤ ᠵᠢᠨ ᠠᠮᠢ ᠠᠬᠤᠶ ᠵᠢᠨ ᠴᠢᠳᠠᠮᠵᠢ ᠬᠦᠨᠳᠦ ᠨᠣᠴᠢᠲᠠᠶ ᠨᠦᠯᠦᠭᠡᠯᠡᠭᠳᠡᠵᠤ᠂ ᠵᠠᠷᠢᠮ ᠭᠠᠵᠠᠷ ᠣᠷᠣᠨ ᠤ᠋ ᠬᠠᠲᠠ ᠴᠢᠯᠠᠭᠤ ᠨᠢ ᠢᠯᠡ ᠬᠠᠷᠠᠭᠳᠠᠵᠤ᠂ ᠬᠥᠷᠥᠰᠥ᠍ ᠱᠢᠷᠣᠶ ᠵᠢᠨ ᠢᠳᠡᠭ᠌ᠳᠡᠯ ᠬᠡᠴᠡᠭᠦᠳᠡᠨ᠂ ᠬᠠᠪᠤᠷ ᠤ᠋ᠨ ᠤᠯᠠᠷᠢᠯ᠎ᠳ᠋ᠤ ᠲᠣᠭᠣᠰᠣ ᠰᠢᠷᠤᠢ ᠳᠡᠭᠳᠡᠬᠦ ᠨᠢ ᠪᠠᠢᠩᠭᠤ ᠵᠢᠨ ᠦᠵᠡᠭᠳᠡᠯ ᠪᠠᠢᠵᠠᠢ ᠁ 2012 ᠣᠨ ᠡᠴᠡ ᠡᠬᠢᠯᠡᠵᠤ ᠬᠡᠷᠡᠭᠵᠢᠭᠦᠯᠦᠭᠰᠡᠨ ᠲᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ ᠠᠮᠢ ᠠᠬᠤᠢ ᠵᠢᠨ ᠬᠠᠮᠠᠭᠠᠯᠠᠯᠲᠠ ᠵᠢᠨ ᠶᠡᠷᠦᠩᠬᠡᠢᠯᠡᠨ ᠵᠠᠰᠠᠯᠲᠠ ᠵᠢᠨ ᠢᠨᠵᠧᠨᠧᠷᠢᠩ ᠡᠨᠡ ᠬᠦ᠌ ᠪᠠᠢᠳᠠᠯ ᠢ᠋ ᠡᠴᠦᠰᠯᠡᠭᠦᠯᠵᠤ᠂ ᠲᠥᠯᠥᠪᠵᠢᠭᠦᠯᠭᠡ ᠵᠢᠨ ᠲᠠᠯᠠᠪᠠᠢ ᠨᠢ 150 ᠲᠡᠭ᠌ᠰᠢ ᠳᠥᠷᠪᠡᠯᠵᠢᠨ ᠺᠢᠯᠤᠮᠸᠲᠷ ᠱᠢᠬᠠᠮ ᠱᠢᠰᠲ᠋ᠧᠮᠲᠦ ᠴᠢᠨᠠᠷᠲᠠᠢ ᠰᠡᠷᠭᠦᠭᠡᠨ ᠵᠠᠰᠠᠬᠤ ᠲᠦᠷᠦᠯ ᠵᠦᠢᠯ ᠨᠢ ᠨᠣᠮᠢᠨ ᠨᠣᠭᠣᠭᠠᠨ ᠢᠨᠵᠸᠨ᠋ᠸᠷᠢᠩ ᠤ᠋ᠨ ᠬᠥᠱᠢᠭᠡ ᠶ᠋ᠢ ᠰᠡᠬᠦᠭᠰᠡᠨ ᠪᠠᠢᠨ᠎ᠠ᠃


d90824a8-65d2-4fb4-a111-8aa13d3f88c3.png


ᠬᠥᠬᠡᠬᠣᠲᠠ᠎ᠵᠢᠨ ᠬᠢᠨ ᠨᠤᠮᠢᠨ ᠨᠤᠭᠤᠭᠠᠨ ᠵᠢᠡᠷ ᠲᠠᠪᠢᠰᠭᠡᠷ ᠦᠡᠭᠭᠡ ᠪᠣᠯᠭᠠᠵᠤ᠂ ᠶᠡᠬᠡ ᠬᠡᠪᠴᠢᠶᠡᠨ ᠤ᠋ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠪᠠ 《ᠠᠭᠤᠯᠠ ᠤᠰᠤ ᠭᠤᠤᠯ ᠮᠥᠷᠡᠨ》 ᠤ᠋ ᠠᠵᠢᠯᠯᠠᠭ᠎ᠠ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠵᠠᠰᠠᠨ ᠰᠡᠷᠭᠦᠭᠡᠬᠦ᠌᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠵᠡᠷᠭᠡ ᠭᠤᠤᠯᠳᠠᠯᠭ᠎ᠠ ᠲᠠᠶ ᠲᠥᠷᠥᠯ ᠵᠦᠶ᠋ᠯ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠡᠯᠡᠭᠡᠷ ᠲᠠᠯ᠎ᠠ᠂ ᠢᠮᠠᠭᠠᠲᠤ ᠣᠶ ᠱᠢᠭᠤᠶ ᠵᠢᠨ ᠴᠡᠴᠡᠷᠯᠢᠭ ᠵᠡᠷᠭᠡ ᠠᠮᠢ ᠠᠬᠤᠶ ᠵᠢᠨ ᠭᠠᠵᠠᠷ ᠤᠷᠤᠨ ᠤ᠋ ᠢᠯᠡᠷᠬᠡᠢᠯᠡᠯᠲᠤ ᠭᠠᠵᠠᠷ ᠢ᠋ ᠪᠦᠲᠦᠭᠡᠨ ᠪᠠᠢᠭᠤᠯᠵᠤ᠂ ᠱᠢᠷ᠎ᠠ ᠬᠥᠷᠥᠰᠥᠲᠦ ᠥᠨᠳᠥᠷᠯᠢᠭ ᠤ᠋ᠨ ᠬᠥᠷᠥᠰᠥ᠍ ᠱᠢᠷᠣᠶ ᠵᠢᠨ ᠢᠳᠡᠭ᠌ᠳᠡᠯ ᠤ᠋ᠨ ᠣᠷᠣᠨ᠂ ᠤᠮᠠᠷᠠᠲᠤ ᠵᠢᠨ ᠡᠯᠡᠰᠦ ᠶ᠋ᠢ ᠰᠡᠷᠭᠡᠢᠯᠡᠬᠦ᠌ ᠪᠦᠰᠡ ᠶ᠋ᠢ ᠣᠨᠣᠴᠠᠲᠠᠶ ᠪᠡᠷ ᠪᠠᠢᠭᠤᠯᠵᠤ᠂ 257.96 ᠲᠦᠮᠡᠨ ᠮᠥ᠍ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠶ᠋ᠢ ᠪᠡᠶᠡᠯᠡᠭᠦᠯᠤᠨ᠂ ᠨᠡᠢᠲᠡ 70.39 ᠲᠦᠮᠡᠨ ᠮᠥ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠵᠤ᠂ ᠪᠠᠲᠤ ᠪᠠᠬᠢ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠴᠤᠭᠴᠠᠯᠠᠪᠠ᠃

ᠪᠦᠳᠤᠮᠵᠢᠳᠠᠢ ᠱᠢᠷᠢᠰ ᠠᠷᠭ᠎ᠠ ᠬᠡᠮᠵᠢᠶ᠎ᠡ ᠨᠢ ᠠᠮᠢ ᠠᠬᠤᠶ ᠵᠢᠨ ᠦᠷᠭᠦᠯᠵᠢᠯᠡᠨ ᠰᠠᠢᠵᠢᠷᠠᠬᠤ ᠶ᠋ᠢ ᠠᠬᠢᠭᠤᠯᠵᠤ᠂ ᠣᠲᠣ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ 80% ᠵᠢᠨ ᠭᠠᠵᠠᠷ ᠱᠢᠷᠣᠶ ᠳ᠋ᠤ ᠠᠮᠢ ᠠᠬᠤᠶ ᠵᠢᠨ ᠨᠣᠭᠣᠭᠠᠷᠠᠭᠤᠯᠤᠯᠲᠠ ᠶ᠋ᠢ ᠪᠡᠶᠡᠯᠡᠭᠦᠯᠵᠤ᠂ ᠣᠷᠣᠨ ᠪᠦᠰᠡ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠦᠷᠭᠦᠯᠵᠢᠯᠡᠨ ᠰᠡᠷᠭᠦᠭᠡᠪᠡ; ᠠᠮᠢ ᠠᠬᠤᠶ ᠵᠢᠨ ᠱᠢᠰᠲ᠋ᠧᠮ ᠡᠳᠦᠷ ᠢᠷᠡᠬᠦᠶ᠎ᠡ ᠲᠣᠭ᠍ᠲᠠᠭᠤᠨ ᠪᠣᠯᠵᠣ᠂ ᠨᠠᠩ ᠴᠤ᠌ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ ᠴᠡᠩᠭᠡᠯ ᠤ᠋ᠨ ᠬᠦᠷᠢᠶᠡᠯᠡᠩ ᠪᠣᠯᠪᠠ; ᠳᠠᠯᠠᠨ ᠬᠠᠷ᠎ᠠ ᠠᠭᠤᠯᠠ ᠵᠢᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠪᠤᠭᠤ ᠤᠷᠤᠮᠳᠠᠵᠤ᠂ ᠶᠡᠬᠡ ᠪᠠᠭ᠎ᠠ ᠲᠦᠷᠭᠡᠨ ᠭᠤᠤᠯ ᠵᠢᠡᠷ ᠵᠦᠢᠯ ᠤ᠋ᠨ ᠰᠢᠪᠠᠭᠤᠳ ᠬᠤᠷᠠᠨ ᠴᠤᠭ᠍ᠯᠠᠷᠠᠬᠤ ᠨᠢ ᠠᠮᠢ ᠠᠬᠤᠶ ᠎ᠵᠢᠨ ᠰᠠᠢᠵᠢᠷᠠᠯᠳᠠ᠎ᠵᠢ ᠬᠠᠷᠠᠭᠤᠯᠤᠨ᠎ᠠ᠃

ᠬᠦᠬᠡᠬᠤᠲᠠ᠎ᠵᠢᠨ ᠬᠢᠨ ᠪᠣᠬᠢᠷᠲᠤᠯ ᠥᠬᠡᠶ ᠬᠠᠯᠬᠠᠪᠴᠢ ᠶ᠋ᠢ ᠪᠠᠲᠤ ᠴᠣᠭ᠍ᠴᠠᠯᠠᠬᠤ ᠵᠢᠨ ᠬᠠᠮᠲᠤ᠂ ᠨᠢᠭᠡ ᠤᠳᠠᠭᠠᠨ ᠤ᠋ ᠪᠥᠬᠥ᠌ ᠣᠷᠣᠨ ᠪᠦᠰᠡ ᠵᠢᠨ ᠴᠢᠨᠠᠷᠲᠠᠶ ᠪᠣᠬᠢᠷᠲᠤᠯ ᠢ᠋ ᠰᠡᠷᠭᠡᠢᠯᠡᠨ ᠵᠠᠰᠠᠬᠤ ᠪᠤᠭᠤᠮᠲᠠ ᠱᠢᠪᠲᠤᠯᠤᠯᠲᠠ ᠵᠢᠨ ᠳᠠᠢᠯᠠᠯᠳᠤᠭᠠᠨ ᠢ᠋ ᠵᠡᠷᠭᠡ ᠪᠡᠷ ᠠᠬᠢᠭᠤᠯᠪᠠ᠃

ᠤᠮᠠᠷᠠᠲᠤ ᠣᠷᠣᠨ ᠤ᠋ ᠡᠪᠦᠯ ᠤ᠋ᠨ ᠤᠯᠠᠷᠢᠯ ᠤ᠋ᠨ ᠴᠡᠪᠡᠷ ᠳᠤᠯᠠᠭᠠᠯᠠᠭ᠎ᠠ ᠵᠢᠨ ᠲᠤᠷᠱᠢᠯᠲᠠ ᠵᠢᠨ ᠴᠡᠭ ᠤ᠋ᠨ ᠬᠤᠳᠠ ᠪᠣᠯᠤᠭ᠍ᠰᠠᠨ ᠤ᠋ ᠬᠤᠪᠢ ᠳ᠋ᠤ᠂ ᠬᠥᠬᠡᠬᠣᠲᠠ᠎ᠵᠢᠨ ᠬᠢᠨ ᠵᠠᠳᠠᠭᠠᠢ ᠨᠡᠭᠦᠷᠡᠰᠤ ᠰᠢᠲᠠᠭᠠᠵᠤ ᠪᠠᠢᠭ᠎ᠠ 14.84 ᠲᠦᠮᠡᠨ ᠡᠷᠦᠬᠡ ᠶ᠋ᠢ ᠵᠠᠰᠠᠨ ᠴᠡᠭᠴᠡᠯᠡᠵᠤ᠂ 85 ᠨᠡᠭᠦᠷᠡᠰᠦ ᠱᠢᠲᠠᠭᠠᠬᠤ ᠭᠦᠸᠧᠯᠦ᠍ ᠶ᠋ᠢ ᠱᠢᠭ᠌ᠰᠢᠭ᠌ᠳᠡᠭᠦᠯᠪᠡ᠃ 2025 ᠣᠨ ᠤ᠋ ᠵᠢᠯ ᠤ᠋ᠨ ᠰᠡᠭᠦᠯᠴᠢ ᠪᠣᠯᠲᠠᠯ᠎ᠠ᠂ ᠪᠥᠬᠥ᠌ ᠬᠣᠲᠠ ᠵᠢᠨ ᠠᠭᠠᠷ ᠤ᠋ᠨ ᠶᠠᠰᠤ ᠴᠢᠨᠠᠷ ᠱᠢᠯᠢᠳᠡᠭ ᠰᠠᠢᠨ ᠡᠳᠦᠷ ᠤ᠋ᠨ ᠲᠤᠭ᠎ᠠ 324᠂ ᠱᠢᠯᠢᠳᠡᠭ ᠰᠠᠢᠨ ᠨᠣᠷᠮ᠎ᠠ 90.8%᠎ᠳ᠋ᠤ ᠬᠦᠷᠴᠦ᠍᠂ 2024 ᠤᠨ ᠤ᠋ ᠠᠳᠠᠯᠢ ᠬᠤᠭᠤᠴᠠᠭᠠᠨ ᠤ᠋᠎ᠬᠢ ᠡᠴᠡ 17 ᠡᠳᠦᠷ ᠨᠡᠮᠡᠭ᠌ᠳᠡᠨ᠂ 5.3% ᠪᠡᠷ ᠳᠡᠭᠡᠭ᠌ᠰᠢᠯᠡᠪᠡ; 6 ᠵᠦᠶ᠋ᠯ ᠤ᠋ᠨ ᠪᠣᠬᠢᠷᠲᠤᠯ ᠪᠣᠳᠠᠰ ᠤ᠋ᠨ ᠳᠤᠮᠳᠠᠴᠢ ᠥᠳᠭᠡᠴᠡ ᠴᠦᠮ ᠪᠠᠭᠤᠷᠠᠪᠠ᠃ ᠤᠮᠠᠷᠠᠲᠤ ᠵᠢᠨ 15 ᠳᠤᠯᠠᠭᠠᠯᠠᠭ᠎ᠠ ᠵᠢᠨ ᠭᠤᠤᠯᠳᠠᠯᠭ᠎ᠠ ᠲᠠᠶ ᠬᠣᠲᠠ ᠵᠢᠨ ᠳᠣᠲᠣᠷ᠎ᠠ᠂ ᠱᠢᠯᠢᠳᠡᠭ ᠡᠳᠦᠷ ᠤ᠋ᠨ ᠲᠣᠭ᠎ᠠ 3 ᠳ᠋ᠤᠭᠠᠷ ᠲᠤ᠌ ᠵᠢᠭ᠍ᠰᠠᠭᠠᠭ᠍ᠳᠠᠵᠤ᠂ PM 2.5 ᠵᠢᠨ ᠳᠤᠮᠳᠠᠴᠢ ᠥᠳᠭᠡᠴᠡ 2 ᠳ᠋ᠤᠭᠠᠷ ᠲᠤ᠌ ᠵᠢᠭ᠍ᠰᠠᠭᠠᠭ᠍ᠳᠠᠨ᠂ ᠴᠡᠯᠮᠡᠭ ᠬᠦᠬᠡ ᠣᠭ᠍ᠲᠠᠷᠭᠤᠶ ᠪᠠᠢᠩᠭᠤ ᠬᠠᠷᠠᠭᠳᠠᠬᠤ ᠪᠤᠯᠵᠠᠢ᠃

ᠤᠰᠤᠨ ᠤ᠋ ᠣᠷᠴᠢᠨ ᠲᠣᠭᠣᠷᠢᠨ ᠤ᠋ ᠵᠠᠰᠠᠯᠲᠠ ᠶ᠋ᠢ ᠤᠨᠢᠨ ᠳᠡᠭᠡᠷ᠎ᠡ ᠨᠢ ᠬᠦᠴᠦᠯᠡᠪᠡ᠃ ᠤᠤᠭᠤᠬᠤ ᠤᠰᠤᠨ ᠤ᠋ ᠤᠰᠤᠨ ᠰᠤᠷᠪᠤᠯᠵᠢ ᠵᠢᠨ ᠬᠠᠮᠠᠭᠠᠯᠠᠯᠲᠠ ᠵᠢᠨ ᠣᠷᠣᠨ ᠢ᠋ ᠱᠢᠯᠢᠳᠡᠭ᠌ᠵᠢᠭᠦᠯᠬᠦ᠌ ᠪᠡᠷ ᠳᠠᠮᠵᠢᠨ ᠤᠰᠤᠨ ᠰᠤᠷᠪᠤᠯᠵᠢ ᠵᠢᠨ ᠭᠠᠵᠠᠷ ᠢ᠋ ᠵᠢᠷᠤᠮᠵᠢᠭᠤᠯᠤᠨ ᠬᠠᠮᠠᠭᠠᠯᠠᠬᠤ ᠶ᠋ᠢ ᠪᠡᠶᠡᠯᠡᠭᠦᠯᠵᠦ᠍᠂ ᠤᠰᠤᠨ ᠰᠤᠷᠪᠤᠯᠵᠢ ᠵᠢᠨ ᠭᠠᠵᠠᠷ ᠤ᠋ᠨ ᠤᠰᠤᠨ ᠤ᠋ ᠴᠢᠨᠠᠷ ᠤ᠋ᠨ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ ᠶ᠋ᠢ 100%  ᠳ᠋ᠤ ᠲᠣᠭ᠍ᠲᠠᠭᠤᠨ ᠪᠠᠢᠯᠭᠠᠪᠠ; ᠪᠣᠬᠢᠷ ᠤᠰᠤ ᠶ᠋ᠢ ᠭᠤᠤᠯ ᠳ᠋ᠤ ᠭᠠᠳᠠᠭ᠍ᠰᠢᠯᠠᠭᠤᠯᠬᠤ 508 ᠠᠮᠠ ᠶ᠋ᠢ ᠴᠡᠭ᠌ᠴᠡᠯᠡᠨ ᠵᠠᠰᠠᠵᠤ᠂ 8 ᠬᠡᠰᠡᠭ ᠪᠣᠬᠢᠷ ᠦᠮᠡᠬᠡᠶ ᠤᠰᠤᠨ ᠴᠣᠭ᠍ᠴᠠ ᠶ᠋ᠢ ᠠᠷᠢᠯᠭᠠᠨ᠂ ᠬᠥᠳᠡᠭᠡ ᠲᠣᠰᠭᠣᠨ ᠤ᠋ ᠠᠮᠢᠳᠤᠷᠠᠯ ᠤ᠋ᠨ ᠪᠣᠬᠢᠷ ᠤᠰᠤ ᠶ᠋ᠢ ᠵᠠᠰᠠᠬᠤ ᠵᠢᠱ᠌ᠢᠶ᠎ᠡ ᠦᠵᠡᠭᠦᠯᠬᠦ᠌ ᠲᠣᠰᠭᠣᠨ ᠢ᠋ 200 ᠪᠠᠢᠭᠤᠯᠵᠤ᠂Ⅲᠲᠥᠷᠥᠯ ᠵᠢᠴᠢ ᠲᠡᠭᠦᠨ ᠡᠴᠡ ᠳᠡᠭᠡᠭ᠌ᠰᠢᠬᠢ ᠤᠰᠤᠨ ᠤ᠋ ᠴᠢᠨᠠᠷ ᠤ᠋ᠨ ᠣᠭ᠍ᠲᠣᠯᠤᠭᠠᠰᠤ ᠵᠢᠨ ᠬᠠᠷᠢᠴᠠᠯ ᠢ᠋ 60%᠎ᠳ᠋ᠤ ᠬᠦᠷᠭᠡᠪᠡ᠃ ᠡᠭᠦᠨ ᠤ᠋ ᠬᠠᠮᠲᠤ  ᠣᠷᠣᠨ ᠪᠦᠰᠡ ᠵᠢᠨ ᠳᠠᠬᠢᠯᠲᠠ ᠤᠰᠤ ᠶ᠋ᠢ ᠡᠷᠭᠢᠯᠳᠦᠭᠦᠯᠦᠨ ᠠᠱᠢᠭ᠍ᠯᠠᠬᠤ ᠲᠤᠷᠱᠢᠯᠲᠠ ᠵᠢᠨ ᠴᠡᠭ ᠲᠤ᠌ ᠠᠮᠵᠢᠯᠲᠠ ᠲᠠᠢ ᠰᠣᠩᠭᠣᠭ᠍ᠳᠠᠨ᠂ ᠰᠢᠰᠢ ᠵᠢᠨ ᠪᠠᠢᠰᠢᠩ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠵᠢᠨ ᠪᠤᠬᠢᠷ ᠤᠰᠤ ᠶ᠋ᠢ ᠴᠡᠪᠡᠷᠰᠢᠭᠦᠯᠤᠨ ᠨᠤᠭᠤ ᠭᠠᠵᠠᠷ ᠪᠤᠯᠭᠠᠬᠤ ᠵᠡᠷᠭᠡ ᠢᠨᠵᠧᠨᠧᠷᠢᠩ ᠢ᠋ ᠪᠠᠢᠭᠤᠯᠵᠤ᠂ ᠰᠢᠰᠢ ᠵᠢᠨ ᠪᠠᠢᠰᠢᠩ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠲᠦᠷᠦᠭᠦᠦ ᠪᠦᠯᠦᠭ ᠤᠯᠤᠰ ᠤ᠋ᠨ ᠲᠠᠰ ᠤ᠋ᠨ 《ᠪᠣᠬᠢᠷ ᠤᠰᠤ ᠶ᠋ᠢ ᠱᠢᠶ᠋ᠳᠪᠦᠷᠢᠯᠡᠬᠦ᠌ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠪᠠᠷᠢᠮᠵᠢᠶᠠᠳᠤ ᠦᠶ᠋ᠯᠡᠳᠪᠦᠷᠢ》 ᠪᠡᠷ ᠰᠣᠩᠭᠣᠭ᠍ᠳᠠᠨ᠂ ᠪᠥᠬᠥ᠌ ᠬᠣᠲᠠ ᠵᠢᠨ 《ᠮᠢᠩᠭᠠᠨ ᠲᠦᠮᠡᠨ ᠲᠣᠨ》 ᠡᠴᠡ ᠳᠡᠭᠡᠭ᠌ᠰᠢᠬᠢ ᠬᠡᠪᠴᠢᠶᠡᠵᠢᠭ᠌ᠰᠡᠨ 16 ᠤᠰᠤᠨ ᠤ᠋ ᠦᠶ᠋ᠯᠡᠳᠪᠦᠷᠢ ᠶ᠋ᠢ ᠪᠦᠬᠦᠨ ᠢ᠋ ᠤᠯᠤᠰ ᠤ᠋ᠨ ᠥᠮᠴᠢᠯᠡᠯᠲᠦ ᠤᠰᠤ ᠬᠠᠩᠭᠠᠬᠤ ᠠᠵᠤ ᠠᠬᠤᠢᠯᠠᠯ ᠳ᠋ᠤ ᠱᠢᠯᠵᠢᠭᠦᠯᠦᠨ ᠲᠤᠱᠢᠶᠠᠵᠤ ᠲᠤᠰᠭᠠᠢᠵᠢᠭ᠍ᠰᠠᠨ ᠬᠠᠮᠢᠶᠠᠷᠤᠯᠲᠠ ᠬᠢᠯᠭᠡᠵᠦ᠍᠂ ᠤᠰᠤᠨ ᠤ᠋ ᠣᠷᠴᠢᠨ ᠳᠤᠭᠤᠷᠢᠨ ᠤ᠋ ᠶᠠᠰᠤ ᠴᠢᠨᠠᠷ ᠦᠷᠭᠦᠯᠵᠢᠯᠡᠨ ᠳᠡᠭᠡᠭ᠌ᠰᠢᠯᠡᠪᠡ ᠃

ᠬᠥᠷᠥᠰᠥ᠍ ᠱᠢᠷᠣᠶ ᠵᠢᠨ ᠣᠷᠴᠢᠨ ᠲᠣᠭᠣᠷᠢᠨ ᠤ᠋ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠪᠠ᠃ 77 《ᠤᠷᠤᠨ ᠰᠠᠭᠤᠴᠠ ᠵᠢᠨ ᠬᠡᠷᠡᠭᠯᠡᠭᠦ ᠭᠠᠵᠠᠷ᠂ ᠤᠯᠠᠨ ᠨᠡᠢᠳᠡ ᠵᠢᠨ ᠬᠠᠮᠢᠶᠠᠷᠤᠯᠳᠠ ᠬᠢᠭᠡᠳ ᠤᠯᠠᠨ ᠨᠡᠢᠳᠡ ᠵᠢᠨ ᠦᠢᠯᠡᠴᠢᠯᠡᠭᠡᠨ ᠤ᠋ ᠬᠡᠷᠡᠭᠯᠡᠭᠦ ᠭᠠᠵᠠᠷ》 ᠤ᠋ᠨ ᠬᠥᠷᠥᠰᠥ᠍ ᠱᠢᠷᠣᠶ ᠵᠢᠨ ᠪᠣᠬᠢᠷᠲᠤᠯ ᠤ᠋ᠨ ᠪᠠᠢᠳᠠᠯ ᠢ᠋ ᠪᠠᠢᠴᠠᠭᠠᠵᠤ᠂ ᠬᠥᠬᠡᠬᠣᠲᠠ 《ᠬᠠᠶᠠᠭ᠍ᠳᠠᠮᠠᠯ ᠪᠣᠳᠠᠰ ᠥᠬᠡᠶ》 ᠵᠢᠨ ᠪᠥᠲᠥᠭᠡᠨ ᠪᠠᠢᠭᠤᠯᠤᠯᠲᠠ ᠵᠢᠨ ᠪᠠᠷᠢᠮᠵᠢᠶ᠎ᠠ ᠶ᠋ᠢ ᠨᠡᠢᠲᠡᠯᠡᠵᠦ᠍᠂ 《ᠬᠠᠶᠠᠭ᠍ᠳᠠᠮᠠᠯ ᠪᠣᠳᠠᠰ ᠥᠬᠡᠶ ᠪᠠᠢᠭᠤᠯᠭ᠎ᠠ》᠂ 《ᠬᠠᠶᠠᠭ᠍ᠳᠠᠮᠠᠯ ᠪᠣᠳᠠᠰ ᠥᠬᠡᠶ ᠨᠡᠢᠭᠡᠮ ᠲᠣᠭᠣᠷᠢᠭ》᠂ 《ᠬᠠᠶᠠᠭ᠍ᠳᠠᠮᠠᠯ ᠪᠣᠳᠠᠰ ᠥᠬᠡᠶ ᠰᠤᠷᠭᠠᠭᠤᠯᠢ》 ᠵᠡᠷᠭᠡ ᠎ᠶᠢ ᠡᠭᠦᠳᠦᠨ ᠪᠠᠢᠭᠤᠯᠪᠠ᠃ ᠪᠦᠲᠦᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠭᠠᠵᠠᠷ ᠂ ᠲᠠᠷᠢᠶᠠᠯᠠᠩ ᠳ᠋ᠤ ᠬᠡᠷᠡᠭ᠌ᠯᠡᠬᠦ᠌ ᠭᠠᠵᠠᠷ᠂ ᠪᠣᠬᠢᠷᠲᠤᠭ᠍ᠰᠠᠨ ᠭᠠᠵᠠᠷ ᠢ᠋ ᠠᠶᠤᠯᠭᠦᠢ ᠠᠱᠢᠭ᠍ᠯᠠᠬᠤ ᠨᠣᠷᠮ᠎ᠠ ᠶ᠋ᠢ ᠴᠥᠮ 100% ᠳ᠋ᠤ ᠲᠣᠭ᠍ᠲᠠᠭᠤᠨ ᠪᠠᠢᠯᠭᠠᠵᠤ᠂ ᠬᠥᠷᠥᠰᠥ᠍ ᠱᠢᠷᠣᠶ ᠵᠢᠨ ᠣᠷᠴᠢᠨ ᠲᠣᠭᠣᠷᠢᠨ ᠤ᠋ ᠶᠠᠰᠤ ᠴᠢᠨᠠᠷ ᠪᠦᠬᠦ᠌ ᠣᠷᠣᠨ ᠤ᠋ ᠡᠮᠦᠨ᠎ᠡ ᠡᠩᠨᠡᠭᠡᠨ ᠳ᠋ᠦ ᠲᠤᠳᠤᠷᠠᠪᠠ᠃

ᠠᠮᠢ ᠠᠬᠤᠶ ᠵᠢᠨ ᠪᠦᠲᠦᠭᠡᠨ ᠪᠠᠢᠭᠤᠯᠤᠯᠲᠠ ᠵᠢᠨ ᠦᠷ᠎ᠡ ᠪᠦᠲᠦᠭᠡᠯ ᠢ᠋ ᠠᠷᠠᠳ ᠣᠯᠠᠨ ᠳ᠋ᠤ ᠦᠨᠡᠨ ᠬᠦ᠌ ᠡᠳ᠋ᠯᠡᠭᠦᠯᠵᠠᠢ᠃ ᠠᠮᠢ ᠠᠬᠤᠢ ᠪᠡᠷ ᠬᠦᠴᠦᠨ ᠨᠡᠮᠡᠷᠢᠯᠡᠬᠦ ᠨᠢ ᠬᠥᠳᠡᠭᠡ ᠲᠣᠰᠭᠣᠨ ᠤ᠋ ᠠᠮᠢᠵᠢᠷᠠᠯ ᠤ᠋ᠨ ᠬᠦᠴᠦᠨ ᠢ᠋ ᠭᠦᠢᠴᠡᠳ ᠬᠠᠷᠠᠭᠤᠯᠵᠤ᠂ ᠨᠤᠲᠤᠭ ᠲᠠᠭᠠᠨ ᠪᠤᠴᠠᠵᠤ ᠦᠢᠯᠡᠰ ᠪᠤᠰᠭᠠᠭ᠍ᠰᠠᠨ ᠪᠠ ᠤᠢ᠍ᠢᠷ᠎ᠠ ᠬᠠᠪᠢ ᠳ᠋ᠠᠭᠠᠨ ᠣᠷᠣᠯᠭ᠎ᠠ ᠪᠡᠨ ᠨᠡᠮᠡᠭ᠌ᠳᠡᠭᠦᠯᠦᠭ᠌ᠰᠡᠨ ᠦᠯᠢᠭᠡᠷ ᠲᠠᠯᠠᠨ ᠬᠠᠷ᠎ᠠ ᠠᠭᠤᠯᠠ ᠵᠢᠨ ᠡᠮᠦᠨ᠎ᠡ ᠪᠡᠯ ᠵᠢᠡᠷ ᠵᠦᠩᠳᠡᠭᠡᠨ ᠰᠤᠨᠤᠰᠳᠠᠬᠤ ᠪᠤᠯᠵᠠᠢ᠃ ᠲᠠᠯᠠᠨ ᠬᠠᠷ᠎ᠠ ᠠᠭᠤᠯᠠ ᠵᠢᠨ ᠬᠣᠷᠮᠣᠢ ᠳ᠋ᠠᠬᠢ ᠲᠠᠪᠤᠨ ᠲᠤᠯᠤᠭᠠᠢ ᠲᠣᠰᠭᠣᠨ ᠤ᠋ ᠳᠤᠯᠠᠭᠠᠨ ᠬᠦᠯᠡᠮᠵᠢ ᠳ᠋ᠦ ᠲᠣᠰᠭᠣᠨ ᠤ᠋ ᠠᠷᠠᠳ ᠵᠤᠤ ᠯᠠᠨ ᠶᠢᠩ ᠴᠡᠴᠡᠭ ᠤ᠋ᠨ ᠳᠤᠮᠳᠠ ᠶᠠᠭᠠᠷᠠᠯᠲᠠᠢ ᠠᠵᠢᠯᠯᠠᠨ᠎ᠠ᠃ 《ᠭᠡᠷ ᠤ᠋ᠨ ᠡᠭᠦᠳᠡᠨ ᠳ᠋ᠦ ᠪᠡᠨ ᠤᠷᠤᠯᠭ᠎ᠠ ᠡᠭᠦᠳᠴᠤ ᠪᠤᠯᠤᠨ᠎ᠠ ᠰᠢᠤ᠂ ᠰᠡᠳᠭᠢᠯ ᠮᠠᠰᠢ ᠬᠠᠨᠤᠮᠵᠢᠲᠠᠢ ᠪᠠᠢᠨ᠎ᠠ》 ᠭᠡᠵᠦ᠍ ᠲᠡᠷᠡ ᠢᠨᠢᠶᠡᠮᠰᠦᠭ᠌ᠯᠡᠨ ᠬᠡᠯᠡᠪᠡ᠃

《ᠡᠭᠡ ᠶ᠋ᠢ ᠨᠢ ᠡᠴᠡᠭᠡᠬᠦ ᠦᠭᠡᠢ ᠲᠤᠭᠤᠯ ᠢ᠋ ᠨᠢ ᠲᠤᠷᠠᠭᠠᠬᠤ ᠦᠭᠡᠢ》 ᠭᠡᠳᠡᠭᠴᠢᠯᠡᠨ ᠠᠮᠢ ᠠᠬᠤᠢ ᠵᠢᠨ ᠠᠱᠢᠭ ᠲᠤᠰᠠ ᠶ᠋ᠢ ᠬᠤᠲᠠ ᠬᠦᠳᠡᠭᠡ ᠠᠳᠠᠯᠢᠬᠠᠨ ᠬᠦᠷᠲᠡᠪᠡ᠃ ᠬᠥᠬᠡᠬᠣᠲᠠ ᠰᠠᠭᠤᠭᠠᠯᠢ ᠠᠷᠠᠳ ᠤ᠋ᠨ 《300 ᠮᠸᠲᠷ ᠲᠤ᠌ ᠨᠤᠭᠤᠭᠠᠷᠠᠭᠤᠯᠤᠯᠲᠠ ᠲᠠᠢ᠂ 500 ᠮᠸᠲᠷ ᠲᠤ᠌ ᠴᠡᠴᠡᠷᠯᠢᠭ ᠲᠠᠢ ᠪᠠᠢᠬᠤ》ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠵᠤ᠂ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠤᠨ ᠬᠤᠳᠠ ᠵᠢᠨ ᠦᠨᠴᠦᠭ ᠪᠤᠯᠤᠩ ᠪᠦᠷᠢ ᠶ᠋ᠢ ᠨᠤᠭᠤᠭᠠᠷᠠᠭᠤᠯᠵᠤ᠂ ᠵᠡᠭᠡᠯᠢ ᠭᠤᠳᠤᠮᠵᠢ ᠪᠤᠯᠭᠠᠨ ᠢ᠋ ᠨᠤᠮᠢᠨ ᠨᠤᠭᠤᠭᠠᠨ ᠵᠢᠡᠷ ᠴᠢᠮᠡᠪᠡ ᠃

ᠲᠣᠭ᠎ᠠ ᠪᠠᠷᠢᠮᠲᠠ᠎ᠨᠢ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠶ᠋ᠢ ᠭᠡᠷᠡᠴᠢᠯᠡᠨ᠎ᠡ᠃ 2025 ᠣᠨ ᠳ᠋ᠤ᠂ ᠬᠥᠬᠡᠬᠣᠲᠠ ᠵᠢᠨ ᠪᠦᠳᠦᠭᠡᠨ ᠪᠠᠢᠭᠤᠯᠤᠭ᠍ᠰᠠᠨ ᠲᠣᠭᠣᠷᠢᠭ ᠤ᠋ᠨ ᠨᠣᠭᠣᠭᠠᠷᠠᠭᠤᠯᠤᠯᠲᠠ ᠵᠢᠨ ᠨᠣᠷᠮ᠎ᠠ 41.1%᠂ ᠬᠥᠮᠦᠨ ᠳᠤᠮᠳᠠᠴᠢ ᠵᠢᠨ ᠴᠡᠴᠡᠷᠯᠢᠭ ᠤ᠋ᠨ ᠨᠣᠭᠣᠭᠠᠷᠠᠭᠤᠯᠤᠯᠲᠠ ᠵᠢᠨ ᠲᠠᠯᠠᠪᠠᠶ 17.09 ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠦ᠍᠂ 《ᠴᠣᠩᠬᠣ ᠨᠡᠭᠡᠭᠡᠮᠡᠭᠴᠡ ᠨᠣᠭᠣᠭᠠᠷᠠᠭᠤᠯᠤᠯᠲᠠ ᠲᠠᠢ᠂ ᠭᠠᠳᠠᠭ᠍ᠰᠢ ᠭᠠᠷᠤᠮᠠᠭᠴᠠ ᠴᠡᠴᠡᠷᠯᠢᠭ ᠲᠠᠢ》 ᠪᠠᠢᠳᠠᠯ᠎ᠨᠢ  ᠰᠠᠢᠨ ᠰᠠᠢᠬᠠᠨ ᠬᠦᠰᠡᠯ ᠮᠦᠷᠦᠭᠡᠳᠦᠯ ᠪᠠᠢᠭᠰᠠᠨ ᠡᠴᠡ ᠪᠡᠨ ᠨᠢᠭᠡᠨᠲᠡ ᠬᠣᠲᠠ ᠵᠢᠨ ᠠᠷᠠᠳ ᠤ᠋ᠨ ᠡᠳᠦᠷ ᠲᠤᠲᠤᠮ ᠤ᠋ᠨ ᠠᠮᠢᠳᠤᠷᠠᠯ ᠪᠤᠯᠪᠠ᠃

ᠠᠭᠤᠯᠠ ᠶ᠋ᠢ ᠨᠤᠭᠤᠭᠠᠷᠠᠭᠤᠯᠬᠤ ᠡᠴᠡ ᠰᠠᠪᠠ ᠭᠠᠵᠠᠷ ᠢ᠋ ᠨᠣᠭᠣᠭᠠᠷᠠᠭᠤᠯᠬᠤ ᠬᠦᠷᠲᠡᠯ᠎ᠡ᠂ ᠪᠣᠬᠢᠷᠲᠤᠯ ᠤ᠋ᠨ ᠪᠣᠭᠣᠮᠲᠠ ᠱᠢᠪᠲᠤᠯᠬᠤ ᠡᠴᠡ ᠪᠦᠬᠦ᠌ ᠣᠷᠣᠨ ᠪᠦᠰᠡ ᠵᠢᠨ ᠨᠤᠭᠤᠭᠠᠷᠠᠭᠤᠯᠤᠯᠲᠠ ᠬᠦᠷᠲᠡᠯ᠎ᠡ᠂ ᠬᠥᠬᠡᠬᠣᠲᠠ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠶ᠋ᠢ ᠤᠷᠳᠤ ᠬᠤᠭᠤᠴᠠᠭ᠎ᠠ ᠪᠡᠷ ᠪᠠᠷᠢᠮᠲᠠᠯᠠᠨ ᠠᠬᠢᠭᠤᠯᠵᠤ᠂ ᠠᠮᠢ ᠠᠬᠤᠢ ᠵᠢᠨ ᠬᠠᠮᠠᠭᠠᠯᠠᠯᠲᠠ ᠪᠣᠯᠤᠨ ᠠᠵᠤ ᠠᠬᠤᠢ ᠵᠢᠨ ᠬᠥᠭ᠌ᠵᠢᠯᠲᠡ ᠵᠢᠨ ᠬᠤᠤᠰ ᠠᠮᠵᠢᠯᠲᠠ ᠶ᠋ᠢ ᠪᠡᠶᠡᠯᠡᠭᠦᠯᠪᠡ᠃ ᠱᠢᠨ᠎ᠡ ᠠᠶᠠᠨ ᠵᠠᠮ ᠳ᠋ᠤ᠂ ᠬᠥᠬᠡᠬᠣᠲᠠ ᠦᠷᠭᠦᠯᠵᠢᠯᠡᠨ ᠴᠢᠨᠠᠷ ᠰᠠᠢᠲᠠᠢ ᠬᠥᠭ᠌ᠵᠢᠯᠲᠡ ᠵᠢᠨ ᠵᠠᠮ ᠎ᠵᠢᠡᠷ ᠭᠤᠢᠪᠢᠰᠢ ᠦᠭᠡᠢ ᠵᠠᠮᠨᠠᠵᠤ᠂ ᠠᠮᠢ ᠠᠬᠤᠢ᠎ᠵᠢ ᠬᠠᠮᠠᠭᠠᠯᠠᠵᠤ᠂ ᠠᠷᠠᠳ ᠤ᠋ᠨ ᠠᠮᠢᠳᠤᠷᠠᠯ ᠳ᠋ᠤ ᠨᠡᠩ ᠶᠡᠬᠡ ᠠᠱᠢᠭ ᠬᠦᠷᠲᠡᠭᠡᠬᠦ᠌ ᠨᠤᠭᠤᠭᠠᠨ ᠡᠭᠡᠰᠢᠭᠯᠠᠡᠭ᠎ᠢ ᠴᠢᠪᠬᠠᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号