ᠰᠢᠪᠠᠭᠤᠳ᠎ᠤᠨ ᠵᠢᠷᠬᠢᠶ᠎ᠠ ᠲᠠᠢ ᠨᠤᠳᠤᠭ ᠵᠢᠡᠨ ᠬᠠᠮᠠᠭᠠᠯᠠᠶ᠎ᠠ
2026-03-30 10:45:14
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠨᠡᠭᠦᠳᠡᠯ ᠤ᠋ᠨ ᠰᠢᠪᠠᠭᠤ ᠭᠡᠵᠤ ᠠᠮᠢᠳᠤ ᠪᠤᠳᠠᠰ᠎ᠤᠨ ᠤᠯᠠᠨ ᠶᠡᠡᠭᠵᠤᠳᠤ ᠴᠢᠨᠠᠷ᠎ᠤᠨ 《ᠡᠯᠴᠢ》 ᠪᠤᠯᠬᠤ ᠶᠤᠮ


ᠬᠠᠪᠤᠷ ᠤ᠋ᠨ ᠤᠯᠠᠷᠢᠯ᠎ᠳᠤ ᠬᠠᠮᠤᠭ ᠪᠤᠳᠠᠰ ᠦᠷᠡᠵᠢᠨ ᠲᠦᠯᠵᠢᠵᠤ᠂ ᠦᠪᠦᠷ ᠮᠤᠩᠭᠤᠯ ᠤ᠋ᠨ ᠤᠯᠠᠨ ᠭᠠᠵᠠᠷ ᠎ᠵᠢᠡᠷ ᠨᠡᠭᠦᠳᠡᠯ ᠤ᠋ᠨ ᠰᠢᠪᠠᠭᠤᠳ ᠰᠠᠭᠠᠳᠠᠵᠤ᠂ ᠠᠮᠢ ᠠᠬᠤᠢ᠎ᠳᠤ ᠠᠮᠢᠵᠢᠷᠠᠯ᠎ᠤᠨ ᠬᠦᠴᠤᠨ ᠨᠠᠮᠠᠷᠢᠯᠡᠨ᠎ᠠ᠃ ᠨᠡᠭᠦᠳᠡᠯ ᠤ᠋ᠨ ᠰᠢᠪᠠᠭᠤ ᠨᠢ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ 《ᠡᠯᠴᠢ》 ᠪᠣᠯᠬᠤ ᠪᠠᠷ ᠪᠠᠷᠠᠬᠤ ᠦᠭᠡᠢ᠂ ᠨᠡᠩ ᠴᠦ᠍ ᠪᠦᠬᠦ ᠣᠷᠣᠨ ᠪᠦᠰᠡ ᠵᠢᠨ ᠠᠮᠢ ᠠᠬᠤᠢ ᠵᠢᠨ ᠰᠢᠰᠲ᠋ᠧᠮ ᠵᠢᠴᠢ  ᠨᠦᠭᠡᠴᠡ ᠬᠦᠴᠦᠨ ᠤ᠋ 《ᠬᠤᠪᠢ ᠲᠣᠭᠲᠠᠭᠠᠭᠴᠢ》 ᠪᠣᠯᠬᠤ ᠶᠤᠮ᠃

ᠦᠬᠠᠢ ᠬᠣᠲᠠ ᠪᠡᠷ ᠵᠢᠱ᠌ᠢᠶᠠᠯᠠᠭᠦ ᠳ᠋ᠤ ᠮᠠᠨ ᠤ᠋ ᠤᠯᠤᠰ ᠤ᠋ᠨ ᠵᠡᠭᠦᠨ ᠬᠡᠰᠡᠭ ᠤ᠋ᠨ ᠣᠯᠠᠨ ᠤᠯᠤᠰ ᠤ᠋ᠨ ᠨᠡᠭᠦᠳᠡᠯ ᠤ᠋ᠨ ᠰᠢᠪᠠᠭᠤᠳ ᠤ᠋ᠨ ᠨᠡᠪᠲᠡᠷᠡᠬᠦ ᠬᠣᠶᠠᠷ ᠵᠠᠮ ᠤ᠋ᠨ ᠵᠠᠩᠭᠢᠯᠠᠭ᠎ᠠ ᠵᠢᠨ ᠠᠭᠤᠯᠵᠠᠷ ᠴᠡᠭ ᠪᠣᠯᠤᠭᠰᠠᠨ ᠤ᠋ ᠬᠤᠪᠢ ᠳ᠋ᠤ᠌᠂ ᠲᠡᠭᠦᠨ ᠤ᠋ ᠦᠨ᠎ᠡ ᠥᠷᠲᠡᠭ ᠨᠢ ᠬᠠᠲᠤᠨ ᠭᠣᠣᠯ ᠤ᠋ᠨ ᠨᠤᠭᠤ ᠭᠠᠵᠠᠷ᠂ ᠠᠳᠠᠷ ᠲᠠᠯ᠎ᠠ᠂ ᠠᠭᠤᠯᠠᠷᠬᠠᠭ ᠭᠠᠵᠠᠷ ᠤ᠋ᠨ ᠣᠢᠲᠤ ᠭᠠᠵᠠᠷ᠎ᠠᠭᠤᠰᠤᠯᠴᠠᠭᠰᠠᠨ ᠬᠠᠮ ᠠᠮᠢ ᠠᠬᠤᠢ ᠵᠢᠨ ᠰᠢᠰᠲ᠋ᠧᠮ ᠪᠣᠯᠬᠤ ᠰᠠᠨ᠃ ᠡᠨᠳᠠ ᠨᠡᠬᠦᠳᠠᠯ᠎ᠤᠨ ᠰᠢᠪᠠᠭᠤᠳ ᠰᠠᠭᠠᠳᠠᠬᠤ ᠨᠢ ᠯᠦᠩ ᠶᠢᠤ ᠸᠠᠨ ᠳᠤᠬᠤᠢ ᠵᠢᠨ ᠨᠤᠭᠤ ᠭᠠᠵᠠᠷ ᠤ᠋ᠨ ᠢᠭᠴᠤ ᠰᠠᠬᠤᠯᠢᠭ ᠡᠪᠡᠰᠦ ᠤᠷᠭᠤᠮᠠᠯ ᠨᠢ ᠢᠳᠡᠰᠢ ᠵᠢᠨ ᠡᠬᠢ ᠰᠤᠷᠪᠤᠯᠵᠢ ᠵᠢ ᠬᠠᠩᠭᠠᠵᠤ᠂ ᠡᠯᠡᠰᠦᠨ ᠴᠦᠯ ᠭᠣᠪᠢ ᠭᠠᠵᠠᠷ ᠨᠢ ᠠᠮᠤᠷ ᠲᠦᠪᠰᠢᠨ ᠠᠮᠠᠷᠠᠯᠲᠠ ᠵᠢᠨ ᠬᠠᠯᠬᠠᠪᠴᠢ ᠪᠣᠯᠵᠣ᠂ ᠬᠠᠲᠤᠨ ᠭᠣᠣᠯ ᠤ᠋ᠨ ᠡᠷᠭᠢ ᠳᠠᠭᠠᠤ ᠣᠯᠠᠨ ᠶᠠᠩᠵᠤᠲᠤ ᠤᠰᠤᠨ ᠤᠷᠤᠨ ᠨᠢ ᠭᠦᠢᠬᠡᠨ ᠤᠰᠤᠨ ᠡᠴᠡ ᠦᠭᠶᠤᠭᠡ ᠡᠷᠢᠭᠦ ᠪᠠ ᠭᠦᠨ ᠤᠰᠤᠨ ᠳ᠋ᠤ᠌ ᠱᠤᠩᠪᠠᠬᠤ ᠠᠮᠢᠳᠤᠷᠠᠬᠤ ᠣᠷᠴᠢᠨ ᠨᠢ ᠠᠳᠠᠯᠢ ᠪᠤᠰᠤ ᠰᠢᠪᠠᠭᠤᠳ ᠤ᠋ᠨ ᠥᠪᠡᠷᠮᠢᠴᠡ ᠬᠡᠷᠡᠭᠴᠡᠭᠡ ᠵᠢ ᠬᠠᠩᠭᠠᠨ ᠴᠢᠳᠠᠳᠠᠭ ᠲᠦ᠍ ᠪᠤᠢ᠃ ᠡᠢᠮᠦᠷᠬᠦᠦ 《ᠨᠢᠭᠡ ᠭᠠᠵᠠᠷ ᠲᠦ᠍ ᠣᠯᠠᠨ ᠭᠡᠷᠡᠭᠴᠡᠭᠡ ᠵᠢ ᠬᠠᠩᠭᠠᠬᠤ》 ᠴᠢᠳᠠᠪᠤᠷᠢ ᠪᠣᠯ ᠶᠠᠭ ᠰᠠᠢᠬᠠᠨ ᠣᠳᠣ ᠦᠶ᠎ᠡ ᠵᠢᠨ ᠠᠮᠢ ᠠᠬᠤᠢ ᠵᠢ ᠵᠠᠰᠠᠨ ᠰᠡᠷᠭᠦᠭᠡᠬᠦ ᠣᠢᠯᠠᠭᠠᠭᠳᠠᠬᠤᠨ ᠤ᠋ ᠬᠠᠷᠠᠯᠳᠠ ᠪᠤᠯᠤᠨ᠎ᠠ᠃

ᠨᠡᠭᠦᠳᠡᠯ ᠤ᠋ᠨ ᠰᠢᠪᠠᠭᠤᠳ ᠤ᠋ᠨ ᠰᠤᠩᠭᠤᠯᠳᠠ ᠨᠢ ᠠᠮᠢ ᠠᠬᠤᠢ ᠪᠠ ᠠᠵᠤ ᠠᠬᠤᠢ᠎ᠵᠢᠨ ᠬᠤᠤᠰ ᠦᠷ᠎ᠠ ᠠᠰᠢᠭ ᠎ᠤ᠋ᠨ ᠨᠡᠮᠡᠭᠳᠡᠯ᠎ᠳᠤ ᠠᠬᠢᠭᠤᠯᠬᠤ ᠦᠢᠯᠡᠳᠤᠯ ᠦᠵᠡᠬᠦᠯᠤᠨ᠎ᠠ᠃ ᠠᠮᠢ ᠠᠬᠤᠢ᠎ᠵᠢᠨ ᠰᠠᠢᠵᠢᠷᠠᠯᠳᠠ ᠡᠴᠡ ᠨᠡᠬᠦᠳᠠᠯ᠎ᠤᠨ ᠰᠢᠪᠠᠭᠤᠳ ᠪᠠᠭᠤᠳᠠᠯᠯᠠᠵᠤ᠂ ᠨᠡᠬᠦᠳᠡᠯ᠎ᠤᠨ ᠰᠢᠪᠠᠭᠤᠳ᠎ᠤᠨ ᠦᠵᠡᠮᠵᠢ᠎ᠵᠢᠨ ᠰᠤᠨᠢᠷᠬᠠᠯ ᠡᠴᠡ ᠠᠵᠤ ᠠᠬᠤᠢ᠎ᠵᠢ ᠲᠠᠢᠴᠢᠯᠠᠵᠤ᠂ ᠭᠠᠵᠠᠷ ᠤᠷᠤᠨ᠎ᠤ ᠨᠠᠷ᠎ᠠ ᠠᠯᠳᠠᠷᠰᠢᠯ᠎ᠢ ᠲᠠᠭᠡᠭᠰᠢᠯᠡᠬᠦᠯᠤᠨ᠎ᠠ᠂ ᠡᠬᠦᠨ᠎ᠵᠢᠡᠷ ᠪᠠᠷᠠᠬᠤ ᠦᠭᠡᠢ ᠡᠭᠡ ᠪᠠᠢᠭᠠᠯᠢ ᠵᠢᠴᠢ ᠤᠰᠤᠨ ᠣᠷᠣᠨ ᠤ᠋ ᠠᠮᠢ ᠠᠬᠤᠢ ᠵᠢᠨ ᠲᠡᠩᠴᠡᠭᠦᠷᠢ ᠵᠢ ᠲᠣᠬᠢᠷᠠᠭᠤᠯᠤᠨ᠎ᠠ᠃ ᠡᠨᠡ ᠬᠦ᠌ 《ᠠᠮᠢ ᠠᠬᠤᠢ ᠵᠢᠨ ᠠᠰᠢᠭ ᠲᠤᠰᠠ》 ᠨᠢ 《ᠨᠣᠮᠢᠨ ᠤᠰᠤ ᠬᠦᠭᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠦᠨ》 ᠭᠡᠭᠦ ᠶ᠋ᠢᠨ ᠳᠣᠲᠣᠭᠠᠳᠤ ᠯᠣᠭᠢᠭ ᠲᠦ᠍ ᠰᠠᠢᠨ ᠰᠠᠢᠬᠠᠨ ᠠᠮᠢ ᠠᠬᠤᠢ ᠵᠢᠨ ᠰᠠᠭᠤᠷᠢ ᠪᠦᠬᠦᠢ ᠭᠤᠸ᠎ᠠ ᠰᠠᠢᠬᠠᠨ ᠤ᠋ ᠠᠴᠢᠶᠠᠯᠠᠪᠤᠷᠢ ᠪᠤᠯᠬᠤ ᠪᠠᠷ ᠪᠠᠷᠠᠬᠤ ᠦᠭᠡᠢ᠂ ᠨᠡᠩ ᠴᠦ᠍ ᠨᠡᠢᠭᠡᠮ ᠠᠵᠤ ᠠᠬᠤᠢ ᠵᠢᠨ ᠦᠷᠭᠦᠯᠵᠢᠯᠡᠬᠦ ᠬᠥᠭᠵᠢᠯᠳᠠ ᠵᠢ ᠠᠬᠢᠭᠤᠯᠳᠠᠭ ᠪᠢᠯᠠ᠃

ᠰᠢᠪᠠᠭᠤᠳ᠎ᠤᠨ ᠵᠢᠷᠬᠢᠶ᠎ᠠ ᠲᠠᠢ ᠨᠤᠳᠤᠭ ᠭᠡᠵᠤ ᠭᠤᠶᠤᠬᠠᠨ᠃ ᠨᠡᠭᠦᠳᠡᠯ ᠤ᠋ᠨ ᠰᠢᠪᠠᠭᠤ ᠰᠠᠭᠠᠳᠠᠳᠠᠭ ᠨᠢ ᠵᠥᠪᠬᠡᠨ ᠨᠢᠭᠡᠨ ᠪᠠᠢᠭᠠᠯᠢ ᠵᠢᠨ ᠠᠮᠢ ᠠᠬᠤᠢ᠎ᠵᠢᠨ ᠦᠵᠡᠭᠳᠡᠯ ᠳᠡᠳᠤᠢ ᠪᠤᠰᠤ᠂ ᠬᠠᠷᠢᠨ ᠥᠪᠥᠷ ᠮᠣᠩᠭᠣᠯ ᠤ᠋ᠨ ᠬᠥᠮᠦᠨ ᠪᠠᠢᠭᠠᠯᠢ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠵᠢᠨ ᠣᠳᠣᠬᠢᠴᠢᠯᠠᠭᠰᠠᠨ ᠵᠠᠮ ᠢ᠋ ᠰᠦᠪᠡᠭᠴᠢᠯᠡᠬᠦ᠂ ᠨᠡᠢᠭᠡᠮ ᠠᠵᠤ ᠠᠬᠤᠢ ᠵᠢᠨ ᠦᠷᠭᠦᠯᠵᠢᠯᠡᠭᠦ ᠬᠦᠭᠵᠢᠯᠳᠡ ᠵᠢ ᠠᠬᠢᠭᠤᠯᠬᠤ ᠠᠮᠢᠳᠤᠯᠢᠭ ᠭᠡᠷᠡᠴᠢᠯᠡᠯ ᠪᠣᠯᠵᠤ᠂ ᠠᠮᠢ ᠠᠬᠤᠢ ᠎ᠵᠢᠨ ᠰᠠᠢᠵᠢᠷᠠᠯᠳᠠ᠎ᠵᠢᠨ ᠪᠤᠳᠠᠳᠠᠢ ᠢᠯᠡᠷᠡᠯ ᠪᠤᠯᠬᠤ ᠰᠠᠨᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号