2026 ᠣᠨ᠎ᠤ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ᠎ᠦᠨ ᠠᠵᠢᠯᠯᠠᠭ᠎ᠠ᠎ᠶᠢᠨ ᠭᠣᠣᠯ ᠰᠡᠳᠦᠪ᠄ ᠲᠡᠦᠬᠡ᠎ᠶᠢᠨ ᠳᠤᠷᠠᠰᠬᠠᠯᠲᠤ ᠵᠦᠢᠯ ᠠᠷᠠᠳ ᠲᠦᠮᠡᠨ᠎ᠳᠦ ᠬᠠᠷᠢᠶᠠᠯᠠᠭᠳᠠᠵᠤ ᠠᠷᠠᠳ ᠲᠦᠮᠡᠨ᠎ᠳᠦ ᠦᠢᠯᠡᠴᠢᠯᠡᠨ᠎ᠡ
2026-03-30 16:23:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 13᠎ᠤ᠋ ᠡᠳᠦᠷ ᠪᠣᠯ 2026 ᠣᠨ᠎ᠤ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ ᠪᠣᠯᠣᠨ᠎ᠠ᠃ ᠰᠤᠷᠪᠤᠯᠵᠢᠯᠠᠭ᠍ᠴᠢ 3ᠰᠠᠷ᠎ᠠ᠎ᠶ᠋ᠢᠨ 27᠎ᠤ᠋ ᠡᠳᠦᠷ ᠣᠢᠯᠠᠭᠠᠭᠰᠠᠨ᠎ᠢᠶᠠᠷ᠂ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠦᠨ ᠲᠣᠪᠴᠢᠶ᠎ᠠ 2026 ᠣᠨ᠎ᠤ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ᠎ᠦᠨ ᠠᠵᠢᠯᠯᠠᠭ᠎ᠠ᠎ᠶᠢ ᠥᠷᠨᠢᠭᠦᠯᠬᠦ᠎ᠪᠡᠷ ᠪᠣᠶ᠂ ᠠᠵᠢᠯᠯᠠᠭ᠎ᠠ᠎ᠶᠢᠨ ᠭᠣᠣᠯ ᠰᠡᠳᠦᠪ ᠨᠢ 《ᠲᠡᠦᠬᠡ᠎ᠶᠢᠨ ᠳᠤᠷᠠᠰᠬᠠᠯᠲᠤ ᠵᠦᠢᠯ ᠠᠷᠠᠳ ᠲᠦᠮᠡᠨ᠎ᠳᠦ ᠬᠠᠷᠢᠶᠠᠯᠠᠭᠳᠠᠵᠤ ᠠᠷᠠᠳ ᠲᠦᠮᠡᠨ᠎ᠳᠦ ᠦᠢᠯᠡᠴᠢᠯᠡᠨ᠎ᠡ》᠃ 

ᠬᠣᠯᠪᠣᠭᠳᠠᠯ ᠪᠦᠬᠦᠢ ᠮᠡᠳᠡᠭᠳᠡᠯ᠎ᠢ ᠦᠨᠳᠦᠰᠦᠯᠡᠪᠡᠯ᠂ ᠠᠵᠢᠯᠯᠠᠭ᠎ᠠ᠎ᠶᠢᠨ ᠠᠭᠤᠯᠭ᠎ᠠ᠎ᠳᠤ᠄ ᠲᠥᠪ᠎ᠦᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠵᠤ᠂ ᠠᠵᠢᠯ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠮᠵᠢ᠎ᠶᠢ ᠢᠯᠡᠷᠡᠭᠦᠯᠦᠨ᠎ᠡ; ᠲᠡᠦᠬᠡ᠎ᠶᠢᠨ ᠳᠤᠷᠠᠰᠬᠠᠯᠲᠤ ᠵᠦᠢᠯ᠎ᠢ ᠬᠠᠮᠠᠭᠠᠯᠠᠬᠤ ᠮᠡᠳᠡᠯᠭᠡ᠎ᠶᠢ ᠲᠦᠭᠡᠮᠡᠯᠵᠢᠭᠦᠯᠵᠦ᠂ ᠭᠦᠨ ᠵᠤᠵᠠᠭᠠᠨ ᠨᠡᠢᠭᠡᠮ᠎ᠦᠨ ᠠᠭᠤᠷ ᠠᠮᠢᠰᠬᠤᠯ᠎ᠢ ᠪᠤᠢ ᠪᠤᠯᠭᠠᠨ᠎ᠠ; ᠰᠢᠯᠢᠳᠡᠭ ᠰᠠᠢᠨ ᠰᠣᠶᠣᠯ ᠦᠵᠡᠰᠬᠦᠯᠡᠩ᠎ᠦᠨ ᠦᠢᠯᠡᠴᠢᠯᠡᠭᠡ ᠬᠠᠩᠭᠠᠵᠤ᠂ ᠠᠷᠠᠳ ᠲᠦᠮᠡᠨ᠎ᠦ ᠤᠶᠤᠨ ᠰᠠᠨᠠᠭᠠᠨ᠎ᠤ ᠬᠡᠷᠡᠭᠴᠡᠭᠡ᠎ᠶᠢ ᠬᠠᠩᠭᠠᠨ᠎ᠠ; ᠤᠬᠠᠭᠤᠯᠤᠨ ᠤᠯᠠᠮᠵᠢᠯᠠᠬᠤ᠎ᠶᠢ ᠬᠣᠯᠪᠤᠭᠠᠯᠠᠨ ᠥᠷᠨᠢᠭᠦᠯᠵᠦ᠂ ᠠᠵᠢᠯ ᠲᠥᠷᠥᠯ᠎ᠦᠨ ᠰᠠᠢᠨ ᠰᠠᠢᠬᠠᠨ ᠳᠦᠷᠰᠦ ᠪᠠᠢᠳᠠᠯ᠎ᠢ ᠳᠡᠯᠭᠡᠨ ᠦᠵᠡᠭᠦᠯᠦᠨ᠎ᠡ᠃ 

ᠣᠢᠯᠠᠭᠠᠭᠰᠠᠨ᠎ᠢᠶᠠᠷ᠂ 6 ᠰᠠᠷ᠎ᠠ᠎ᠶᠢᠨ 13᠎ᠤ᠋ ᠡᠳᠦᠷ᠂ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠦᠨ ᠲᠣᠪᠴᠢᠶ᠎ᠠ ᠪᠣᠯᠣᠨ ᠬᠤᠪᠧᠢ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠦᠬᠠᠨ ᠬᠣᠲᠠ᠎ᠳᠤ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ᠎ᠦᠨ ᠭᠣᠣᠯ ᠲᠠᠯᠠᠪᠤᠷ᠎ᠤᠨ ᠬᠣᠲᠠ᠎ᠶᠢᠨ ᠠᠵᠢᠯᠯᠠᠭ᠎ᠠ᠎ᠶᠢ ᠬᠠᠮᠲᠤᠷᠠᠨ ᠡᠷᠬᠢᠯᠡᠬᠦ ᠪᠡᠷ ᠪᠤᠢ᠃ ᠡᠯ᠎ᠡ ᠭᠠᠵᠠᠷ᠎ᠤᠨ ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ᠎ᠦᠨ ᠤᠷᠢᠳ ᠬᠣᠵᠢᠳ᠎ᠢᠶᠠᠷ ᠡᠯ᠎ᠡ ᠲᠥᠷᠥᠯ᠎ᠦᠨ ᠰᠦᠯᠵᠢᠶᠡᠨ ᠳᠡᠭᠡᠷᠡᠬᠢ ᠪᠠ ᠪᠤᠲᠠᠲᠦ ᠴᠤᠭᠴᠠ ᠵᠢᠨ ᠲᠡᠦᠬᠡ᠎ᠶᠢᠨ ᠳᠤᠷᠠᠰᠬᠠᠯᠲᠤ ᠵᠦᠢᠯ᠎ᠢ ᠳᠡᠯᠭᠡᠨ ᠦᠵᠡᠭᠦᠯᠬᠦ᠂ ᠤᠬᠠᠭᠤᠯᠤᠨ ᠤᠯᠠᠮᠵᠢᠯᠠᠬᠤ ᠠᠵᠢᠯᠯᠠᠭ᠎ᠠ᠎ᠶᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ᠂ ᠠᠵᠢᠯᠯᠠᠭ᠎ᠠ᠎ᠶᠢᠨ ᠭᠣᠣᠯ ᠰᠡᠳᠦᠪ᠎ᠢ ᠳᠡᠯᠭᠡᠨ ᠦᠵᠡᠭᠦᠯᠵᠦ᠂ ᠤᠬᠠᠭᠤᠯᠭ᠎ᠠ᠎ᠶᠢᠨ ᠤᠷᠢᠶ᠎ᠠ᠎ᠶᠢ ᠲᠤᠭᠤᠷᠪᠢᠨ ᠲᠣᠭᠲᠠᠭᠠᠵᠤ᠂ ᠤᠬᠠᠭᠤᠯᠭ᠎ᠠ᠎ᠶᠢᠨ ᠵᠠᠷᠯᠠᠯ ᠵᠣᠬᠢᠶᠠᠵᠤ᠂ ᠠᠵᠢᠯᠯᠠᠭ᠎ᠠ᠎ᠶᠢᠨ ᠠᠭᠤᠯᠭ᠎ᠠ ᠪᠠ ᠡᠷᠭᠢᠯᠡᠬᠦ ᠬᠡᠯᠪᠡᠷᠢ᠎ᠶᠢ ᠪᠠᠶᠠᠯᠢᠭ᠍ᠵᠢᠭᠤᠯᠤᠨ᠎ᠠ᠃ 

ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠦᠨ ᠲᠣᠪᠴᠢᠶ᠎ᠠ᠎ᠡᠴᠡ ᠰᠣᠶᠣᠯ᠎ᠤᠨ ᠦᠵᠡᠰᠬᠦᠯᠡᠩ᠎ᠦᠨ ᠣᠷᠳᠣᠨ᠎ᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ᠂ ᠤᠷᠲᠤᠳᠬᠠᠨ ᠨᠡᠭᠡᠭᠡᠬᠦ᠂ ᠰᠦᠢᠳᠬᠡᠯ ᠬᠤᠷᠢᠶᠠᠬᠤ ᠦᠭᠡᠢ᠎ᠪᠡᠷ ᠲᠠᠢᠯᠪᠤᠷᠢᠯᠠᠬᠤ ᠪᠣᠯᠪᠠᠰᠤᠷᠠᠯ᠂ ᠪᠡᠶᠡᠴᠢᠯᠡᠨ ᠣᠢᠯᠠᠭᠠᠬᠤ ᠵᠢᠴᠢ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠬᠢᠨᠠᠨ ᠲᠣᠭᠲᠠᠭᠠᠯᠲᠠ ᠵᠡᠷᠭᠡ ᠲᠡᠦᠬᠡ᠎ᠶᠢᠨ ᠳᠤᠷᠠᠰᠬᠠᠯᠲᠤ ᠵᠦᠢᠯ᠎ᠦᠨ ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡ ᠬᠠᠩᠭᠠᠬᠤ᠎ᠶᠢ ᠵᠣᠷᠢᠭ᠍ᠵᠢᠭᠤᠯᠵᠤ᠂ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ᠎ᠦᠨ ᠪᠥᠬᠥ ᠠᠷᠠᠳ᠎ᠢᠶᠠᠷ᠎ᠢᠶᠠᠨ ᠣᠷᠣᠯᠴᠠᠬᠤ ᠡᠷᠴᠢᠮ᠎ᠢ ᠥᠷᠭᠡᠳᠬᠡᠬᠦ ᠪᠤᠯᠤᠨ᠎ᠠ᠃ 

ᠣᠷᠴᠢᠭᠤᠯᠤᠭ᠍ᠴᠢ᠄ᠠᠯᠲᠠᠠᠠᠤᠳᠤ
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号