ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠵᠠᠷ ᠳᠤᠤᠷᠠᠬᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠤᠯᠠᠭ᠍ᠳᠠᠮᠠᠯ ᠣᠷᠣᠨ ᠢ᠋ ᠵᠠᠭᠠᠭ᠍ᠯᠠᠨ ᠲᠣᠭ᠍ᠲᠠᠭᠠᠬᠤ ᠠᠵᠢᠯ ᠤ᠋ᠨ ᠲᠥᠰᠦᠯ ᠤ᠋ᠨ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠲᠦᠷᠦᠬᠦᠬᠡᠨ ᠬᠦᠬᠡᠬᠤᠳᠠ ᠳ᠋ᠤ ᠬᠤᠷᠠᠯᠳᠤᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠤᠯᠠᠭ᠍ᠳᠠᠮᠠᠯ ᠣᠷᠣᠨ ᠢ᠋ ᠵᠠᠭᠠᠭ᠍ᠯᠠᠨ ᠲᠣᠭ᠍ᠲᠠᠭᠠᠬᠤ ᠠᠵᠢᠯ ᠤ᠋ᠨ ᠲᠥᠰᠦᠯ》 ᠢ᠋ ᠬᠢᠨᠠᠨ ᠵᠥᠪᠯᠡᠭ᠌ᠰᠡᠨ ᠪᠥᠭᠡᠳ ᠵᠠᠷᠴᠢᠮ ᠳᠡᠭᠡᠷ᠎ᠡ ᠪᠡᠨ ᠪᠠᠲᠤᠯᠠᠪᠠ᠃
ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠤᠯᠠᠭ᠍ᠳᠠᠮᠠᠯ ᠣᠷᠣᠨ ᠢ᠋ ᠵᠠᠭᠠᠭ᠍ᠯᠠᠨ ᠲᠣᠭ᠍ᠲᠠᠭᠠᠬᠤ ᠠᠵᠢᠯ ᠤ᠋ᠨ ᠲᠥᠰᠦᠯ ᠳ᠋ᠤ ᠵᠠᠭᠠᠭ᠍ᠯᠠᠨ ᠲᠣᠭ᠍ᠲᠠᠭᠠᠬᠤ ᠠᠷᠭ᠎ᠠ ᠬᠡᠮᠵᠢᠶ᠎ᠠ ᠪᠠ ᠬᠦᠷᠢᠶ᠎ᠠ ᠬᠡᠪᠴᠢᠶ᠎ᠡ ᠵᠢ ᠲᠣᠳᠣᠷᠬᠠᠶ ᠲᠣᠭ᠍ᠲᠠᠭᠠᠪᠠ᠃ ᠵᠠᠭᠠᠭᠯᠠᠨ ᠲᠤᠭᠳᠠᠭᠠᠬᠤ ᠠᠵᠢᠯ ᠨᠢ ᠳᠥᠷᠪᠡᠳᠦᠭᠡᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠲᠣᠭ᠎ᠠ ᠪᠠᠷᠢᠮᠲᠠ ᠪᠠᠷ ᠭᠤᠤᠯ ᠪᠣᠯᠭᠠᠨ᠂ ᠥᠩᠭᠡᠷᠡᠭ᠌ᠰᠡᠨ ᠵᠢᠯ ᠤ᠋ᠳ ᠤ᠋ᠨ ᠬᠠᠭᠤᠴᠢ ᠰᠤᠳᠤᠯᠤᠯ ᠤ᠋ᠨ ᠦᠷ᠎ᠡ ᠪᠦᠲᠦᠭᠡᠯ ᠢ᠋ ᠨᠡᠢᠳᠭᠡᠬᠦ ᠶ᠋ᠢᠨ ᠬᠠᠮᠲᠤ ᠲᠡᠦᠬᠡ ᠶ᠋ᠢᠨ ᠰᠤᠷᠪᠤᠯᠵᠢ ᠪᠢᠴᠢᠭ᠂ ᠠᠯᠤᠰ ᠰᠡᠷᠡᠯ ᠤ᠋ᠨ ᠵᠢᠷᠤᠭ ᠳᠦᠷᠰᠦ ᠵᠡᠷᠭᠡ ᠣᠯᠠᠨ ᠰᠤᠷᠪᠤᠯᠵᠢᠲᠤ ᠮᠡᠳᠡᠭᠡ ᠵᠠᠩᠭᠢ ᠵᠢ ᠶᠡᠷᠦᠩᠬᠡᠢᠯᠡᠨ ᠬᠡᠷᠡᠭ᠌ᠯᠡᠬᠦ᠌ ᠪᠣᠯᠤᠨ᠎ᠠ᠃ ᠵᠠᠭᠠᠭᠯᠠᠨ ᠲᠣᠭ᠍ᠲᠠᠭᠠᠬᠤ ᠬᠦᠷᠢᠶ᠎ᠡ ᠬᠡᠪᠴᠢᠶ᠎ᠡ ᠳ᠋ᠤ ᠨᠢᠭᠡᠨᠲᠡ ᠮᠡᠳᠡᠭ᠌ᠰᠡᠨ ᠡᠷᠲᠡᠨ ᠤ᠋ ᠪᠠᠭᠤᠷᠢ ᠲᠥᠪᠯᠡᠷᠡᠭ᠌ᠰᠡᠨ ᠣᠷᠣᠨ᠂ ᠡᠷᠲᠡᠨ ᠤ᠋ ᠣᠩᠭᠣᠨ ᠲᠥᠪᠯᠡᠷᠡᠭ᠌ᠰᠡᠨ ᠣᠷᠣᠨ᠂ ᠡᠯ᠎ᠡ ᠱᠠᠲᠤᠨ ᠤ᠋ ᠰᠣᠶᠣᠯ ᠤ᠋ᠨ ᠬᠠᠮᠠᠭᠠᠯᠠᠯᠲᠠ ᠶ᠋ᠢᠨ ᠨᠢᠭᠡᠴᠢ ᠶ᠋ᠢᠨ ᠬᠣᠯᠪᠣᠭ᠍ᠳᠠᠬᠤ ᠣᠷᠣᠨ ᠵᠢᠴᠢ ᠬᠣᠲᠠ ᠪᠠᠯᠭᠠᠰᠤ ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ ᠵᠡᠷᠭᠡ ᠪᠦᠲᠦᠭᠡᠨ ᠪᠠᠢᠭᠤᠯᠤᠯᠲᠠ ᠶ᠋ᠢᠨ ᠰᠡᠷᠭᠡᠭ ᠣᠷᠣᠨ ᠪᠦᠰᠡ ᠵᠢ ᠭᠤᠤᠯᠳᠠᠯᠭ᠎ᠠ ᠲᠠᠶ ᠬᠠᠮᠤᠷᠤᠨ᠎ᠠ᠃ ᠮᠡᠷᠭᠡᠵᠢᠯ ᠤ᠋ᠨ ᠲᠠᠯ᠎ᠠ ᠪᠠᠷ 《ᠲᠠᠩ ᠴᠡᠭ ᠤ᠋ᠨ ᠦᠯᠡᠳᠡᠭ᠌ᠳᠡᠯ ᠢ᠋ ᠤᠷᠲᠤᠳᠭᠠᠬᠤ ᠠᠷᠭ᠎ᠠ》᠂ 《ᠬᠡᠰᠡᠭ ᠪᠤᠰᠠᠭ ᠦᠯᠡᠳᠡᠭ᠌ᠳᠡᠯ ᠢ᠋ ᠳᠠᠪᠬᠤᠷᠯᠠᠨ ᠨᠡᠮᠡᠬᠦ᠌ ᠠᠷᠭ᠎ᠠ》 ᠪᠠ 《ᠲᠡᠦᠬᠡ ᠶ᠋ᠢᠨ ᠠᠬᠤᠶ ᠪᠠᠢᠳᠠᠯᠢ ᠭᠡᠳᠡᠷᠭᠦ᠌ ᠮᠥᠷᠳᠡᠬᠦ᠌ ᠠᠷᠭ᠎ᠠ》 ᠶ᠋ᠢ ᠬᠠᠷᠢᠯᠴᠠᠨ ᠤᠶᠠᠯᠳᠤᠭᠤᠯᠤᠭ᠍ᠰᠠᠨ ᠶᠡᠷᠦᠩᠬᠡᠢᠯᠡᠭ᠌ᠰᠡᠨ ᠠᠷᠭ᠎ᠠ ᠵᠢ ᠬᠡᠷᠡᠭ᠌ᠯᠡᠵᠦ᠍᠂ ᠦᠷ᠎ᠡ ᠳ᠋ᠦᠩ ᠤ᠋ᠨ ᠱᠢᠨᠵᠢᠯᠡᠬᠦ᠌ ᠤᠬᠠᠭᠠᠨᠴᠢ ᠴᠢᠨᠠᠷ ᠪᠠ ᠣᠨᠣᠪᠴᠢᠲᠤ ᠴᠢᠨᠠᠷ ᠢ᠋ ᠦᠨᠡᠨ ᠬᠦ᠌ ᠪᠠᠲᠤᠯᠠᠨ᠎ᠠ᠃ ᠪᠠᠰᠠ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠲᠠᠷᠬᠠᠯᠲᠠ ᠶ᠋ᠢᠨ ᠨᠢᠭ᠍ᠲᠠᠴᠠ ᠬᠢᠭᠡᠳ ᠥᠷᠲᠡᠭ ᠤ᠋ᠨ ᠪᠠᠢᠳᠠᠯ ᠢ᠋ ᠦᠨᠳᠦᠰᠦᠯᠡᠨ ᠪᠤᠯᠠᠭ᠍ᠳᠠᠮᠠᠯ ᠣᠷᠣᠨ ᠢ᠋ ᠳᠥᠷᠪᠡᠨ ᠳᠡᠰ ᠬᠤᠪᠢᠶᠠᠵᠤ᠂ ᠪᠦᠬᠦ᠌ ᠲᠠᠯ᠎ᠠ ᠪᠠᠷ ᠬᠠᠢᠨ ᠱᠢᠨᠵᠢᠬᠦ᠌ ᠬᠢᠭᠡᠳ ᠴᠢᠩᠭ᠎ᠠ ᠬᠠᠮᠢᠶᠠᠷᠤᠨ ᠡᠵᠡᠮᠳᠡᠬᠦ᠌᠂ ᠭᠣᠣᠯᠳᠠᠯᠭ᠎ᠠ ᠲᠠᠶ ᠬᠠᠢᠨ ᠱᠢᠨᠵᠢᠬᠦ᠌ ᠬᠢᠭᠡᠳ ᠡᠩ ᠤ᠋ᠨ ᠬᠠᠮᠢᠶᠠᠷᠤᠨ ᠡᠵᠡᠮᠳᠡᠬᠦ᠌᠂ ᠦᠯᠢᠭᠡᠷ ᠠᠪᠴᠤ᠌ ᠬᠠᠢᠨ ᠱᠢᠨᠵᠢᠬᠦ᠌ ᠬᠢᠭᠡᠳ ᠬᠥᠳᠡᠯᠦᠩᠭᠦᠶ ᠪᠡᠷ ᠬᠠᠮᠢᠶᠠᠷᠤᠨ ᠡᠵᠡᠮᠳᠡᠬᠦ᠌ ᠵᠢᠴᠢ ᠲᠤᠬᠠᠶ ᠶ᠋ᠢᠨ ᠲᠠᠯᠠᠪᠠᠶ ᠶ᠋ᠢᠨ ᠪᠠᠢᠴᠠᠭᠠᠯᠲᠠ ᠵᠢ ᠴᠢᠩᠭᠠᠳᠬᠠᠬᠤ ᠵᠡᠷᠭᠡ ᠵᠦᠷᠢᠶᠡᠴᠢᠯᠡᠭ᠌ᠰᠡᠨ ᠠᠷᠭ᠎ᠠ ᠬᠡᠮᠵᠢᠶ᠎ᠡ ᠵᠢ ᠲᠤᠰ ᠲᠤᠰ ᠲᠣᠬᠢᠷᠠᠯᠴᠠᠭᠤᠯᠤᠨ ᠬᠡᠷᠡᠭᠯᠡᠬᠦ ᠪᠤᠯᠤᠨ᠎ᠠ᠃
ᠲᠤᠰ ᠠᠵᠢᠯᠢ ᠡᠬᠢᠯᠡᠬᠦᠯᠦᠭᠰᠡᠨ ᠨᠢ ᠮᠠᠨ ᠤ᠋ ᠣᠷᠣᠨ ᠤ᠋ ᠭᠠᠵᠠᠷ ᠳᠤᠤᠷᠠᠬᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠠᠵᠢᠯ ᠪᠥᠬᠥ᠌ ᠣᠷᠣᠨ ᠪᠦᠰᠡ ᠶ᠋ᠢᠨ ᠴᠢᠨᠠᠷᠲᠠᠶ᠂ ᠱᠢᠰᠲ᠋ᠧᠮ ᠤ᠋ᠨ ᠴᠢᠨᠠᠷᠲᠠᠶ ᠬᠠᠮᠢᠶᠠᠷᠤᠯᠲᠠ ᠶ᠋ᠢᠨ ᠱᠢᠨ᠎ᠡ ᠱᠠᠲᠤᠨ ᠳ᠋ᠤ ᠣᠷᠣᠵᠤ᠂ ᠭᠠᠵᠠᠷ ᠳᠤᠤᠷᠠᠬᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠰᠠᠨᠠᠭᠠᠴᠢᠯᠠᠭ᠎ᠠ ᠡᠴᠡ ᠪᠠᠨ ᠬᠠᠮᠠᠭᠠᠯᠠᠬᠤ ᠪᠤᠯᠤᠭᠰᠠᠨ ᠢ᠋ ᠬᠠᠷᠠᠭᠤᠯᠵᠤ ᠪᠠᠢᠨ᠎ᠠ᠃ ᠡᠨᠡ ᠬᠦ᠌ ᠠᠵᠢᠯ ᠨᠢ ᠬᠣᠲᠠ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠶ᠋ᠢᠨ ᠬᠠᠮᠲᠤ ᠲᠡᠦᠬᠡ ᠰᠣᠶᠣᠯ ᠤ᠋ᠨ ᠥᠪ ᠢ᠋ ᠪᠦᠲᠦᠮᠵᠢᠲᠡᠶ ᠤᠯᠠᠮᠵᠢᠯᠠᠨ ᠵᠠᠯᠭᠠᠮᠵᠢᠯᠠᠵᠤ᠂ ᠰᠣᠶᠣᠯ ᠤ᠋ᠨ ᠢᠲᠡᠭᠡᠯ ᠢ᠋ ᠨᠡᠮᠡᠭ᠌ᠳᠡᠭᠦᠯᠦᠨ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠠᠬᠢᠭᠤᠯᠬᠤ ᠪᠤᠯᠤᠨ᠎ᠠ᠃