ᠲᠦᠷᠦᠭᠦᠭᠡᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠠᠷᠪᠠᠨ ᠬᠣᠶᠠᠳᠤᠭᠠᠷ ᠬᠤᠭᠤᠴᠠᠭᠠᠨ ᠤ ᠠᠷᠪᠠᠨ ᠬᠣᠶᠠᠳᠤᠭᠠᠷ ᠤᠳᠠᠭ᠎ᠠ᠎ᠶ᠋ᠢᠨ ᠭᠦᠶ᠋ᠴᠡᠳᠭᠡᠬᠦ᠌ ᠭᠡᠱᠢᠭᠦᠳ ᠦᠨ ᠬᠤᠷᠠᠯ ᠬᠤᠷᠠᠯᠳᠤᠭᠤᠯᠵᠤ᠂ 2026 ᠣᠨ᠎ᠤ ᠡᠮᠡᠭ᠌ᠲᠡᠢᠴᠦᠳ ᠦᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ 《ᠵᠢᠷᠭᠤᠭᠠᠨ ᠠᠵᠢᠯᠯᠠᠭ᠎ᠠ》 ᠶ᠋ᠢ ᠨᠡᠢᠲᠡᠯᠡᠪᠡ᠃
《ᠠᠷᠪᠠ ᠵᠠᠭᠤ ᠮᠢᠩᠭ᠎ᠠ ᠲᠦᠮᠡ》 ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠦᠷᠨᠢᠭᠦᠯᠦᠨ᠎ᠡ᠄ 12 ᠠᠢᠮᠠᠭ ᠬᠣᠲᠠ᠂ 103 ᠬᠣᠱᠢᠭᠤ ᠱᠢᠶᠠᠨ᠂ 1033 ᠱᠢᠶᠠᠩ ᠪᠠᠯᠭᠠᠰᠤᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠴᠢ 13700 ᠭᠠᠷᠤᠶ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠂ ᠵᠠᠰᠠᠭ ᠵᠠᠬᠢᠷᠭᠠᠨ᠎ᠤ ᠲᠣᠰᠭᠣᠨ᠂ ᠭᠠᠴᠠᠭᠠᠨ᠎ᠤ ᠡᠮᠡᠭ᠌ᠲᠡᠢᠴᠦᠳ᠎ᠦᠨ ᠬᠣᠯᠪᠣᠭ᠎ᠠ ᠵᠢ ᠵᠤᠬᠢᠶᠠᠨ ᠪᠠᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠦ᠂ ᠨᠠᠮ ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠤᠬᠠᠭᠤᠯᠤᠨ᠎ᠠ᠂ ᠶᠡᠷᠦᠩᠬᠡᠢ ᠱᠦᠵᠢ ᠰᠢ ᠵᠢᠨ ᠫᠢᠩ ᠦᠨ ᠡᠮᠡᠭ᠌ᠲᠡᠢᠴᠦᠳ ᠬᠡᠦᠬᠡᠳ ᠪᠣᠯᠤᠨ ᠡᠮᠡᠭ᠌ᠲᠡᠢᠴᠦᠳ᠎ᠦᠨ ᠬᠣᠯᠪᠣᠭ᠎ᠠ ᠶ᠋ᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ ᠦᠨ ᠲᠦᠷᠦᠭᠦᠴᠦᠳ᠎ᠦᠨ ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ ᠵᠢᠴᠢ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠦ᠂ ᠥᠷᠭᠡᠨ ᠣᠯᠠᠨ ᠡᠮᠡᠭ᠌ᠲᠡᠢᠴᠦᠳ ᠢ ᠬᠥᠲᠥᠯᠥᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠤ᠂ ᠨᠠᠮ ᠢᠶᠠᠨ ᠳᠠᠭᠠᠨ ᠤᠷᠤᠬᠰᠢᠯᠠᠬᠤ ᠵᠢ ᠬᠦᠲᠦᠯᠦᠨ ᠲᠠᠭᠠᠭᠤᠯᠤᠨ᠎ᠠ᠃
《3·8 》 ᠤ᠋ ᠤᠯᠠᠭᠠᠨ ᠲᠤᠭ᠍ᠴᠢ (ᠬᠠᠮᠲᠤ ᠨᠡᠢᠲᠡ)ᠵᠢ 《ᠲᠠᠪᠤ ᠳ᠋ᠦ ᠤᠷᠤᠭᠤᠯᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠦᠷᠨᠢᠭᠦᠯᠦᠨ᠎ᠡ ᠄ 《3·8 》 ᠤ᠋ ᠤᠯᠠᠭᠠᠨ ᠲᠤᠭ᠍ᠴᠢ(ᠬᠠᠮᠲᠤ ᠨᠡᠢᠲᠡ) ᠶ᠋ᠢ ᠵᠣᠬᠢᠶᠠᠨ ᠪᠠᠢᠭᠤᠯᠤᠨ ᠪᠠᠢᠭᠤᠯᠭ᠎ᠠ᠎ᠳᠤ ᠣᠷᠣᠭᠤᠯᠵᠤ᠂ ᠶᠡᠬᠡ ᠳᠡᠭᠡᠳᠦ ᠰᠤᠷᠭᠠᠭᠤᠯᠢ᠎ᠳᠤ ᠣᠷᠣᠭᠤᠯᠵᠤ᠂ ᠠᠵᠤ ᠠᠬᠤᠢᠯᠠᠯ᠎ᠳᠤ ᠣᠷᠣᠭᠤᠯᠵᠤ᠂ ᠴᠡᠷᠢᠭ᠎ᠦᠨ ᠬᠤᠸᠠᠷᠠᠨ᠎ᠳᠤ ᠣᠷᠣᠭᠤᠯᠵᠤ᠂ ᠨᠡᠢᠭᠡᠮ ᠲᠣᠭᠣᠷᠢᠭ ᠲᠤ ᠣᠷᠣᠭᠤᠯᠵᠤ᠂ ᠨᠡᠢᠲᠡᠯᠢᠭ ᠦᠶ᠋ᠯᠡ ᠠᠵᠢᠯᠯᠠᠭᠠᠵᠢᠴᠢ ᠨᠠᠮ ᠤᠨ ᠱᠢᠨ᠎ᠡ᠎ᠶ᠋ᠢ ᠡᠭᠦᠳᠬᠦ᠌ ᠣᠨᠣᠯ ᠢ ᠤᠬᠠᠭᠤᠯᠤᠨ ᠲᠠᠢᠯᠪᠤᠷᠢᠯᠠᠵᠤ᠂ ᠥᠷᠭᠡᠨ ᠣᠯᠠᠨ ᠡᠮᠡᠭ᠌ᠲᠡᠢᠴᠦᠳ ᠢ ᠬᠥᠲᠥᠯᠥᠨ ᠵᠢᠯᠣᠭᠣᠳᠴᠤ᠌ ᠪᠠᠢᠭᠠᠳ ᠲᠡᠷᠢᠭᠦᠨ᠎ᠦ ᠬᠢ᠎ᠡᠴᠡ ᠰᠤᠷᠤᠯᠴᠠᠵᠤ᠂ ᠲᠡᠷᠢᠭᠦᠨ ᠦ ᠬᠢ ᠪᠣᠯᠬᠤ᠎ᠪᠠᠷ ᠴᠢᠷᠮᠠᠢᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠨ᠎ᠠ᠃
ᠱᠢᠨ᠎ᠡ ᠪᠡᠷ ᠮᠠᠨᠳᠤᠬᠰᠠᠨ ᠬᠦᠷᠢᠶᠡᠨ᠎ᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠦᠷᠨᠢᠭᠦᠯᠦᠨ᠎ᠡ᠄ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠤᠯᠪᠤᠭ᠎ᠠ ᠵᠢᠨ ᠬᠥᠮᠦᠵᠢᠭᠦᠯᠦᠭ᠌ᠰᠡᠨ ᠱᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ 1000 ᠤᠬᠠᠭᠤᠯᠤᠨ ᠲᠠᠢᠯᠪᠤᠷᠢᠯᠠᠭ᠍ᠴᠢ᠎ᠶ᠋ᠢ ᠵᠣᠬᠢᠶᠠᠨ ᠪᠠᠢᠭᠤᠯᠤᠨ ᠦᠰᠦᠨ ᠪᠣᠢᠵᠢᠯᠲᠠ᠎ᠶ᠋ᠢᠨ ᠦᠯᠢᠭᠡᠷ᠂ ᠬᠥᠭ᠌ᠵᠢᠯᠲᠡ ᠬᠤᠪᠢᠷᠠᠯᠲᠠ ᠵᠢᠨ ᠦᠯᠢᠭᠡᠷ᠎ᠢ ᠨᠢ ᠬᠤᠪᠢᠶᠠᠯᠴᠠᠨ᠂ ᠱᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ ᠡᠮᠡᠭ᠌ᠲᠡᠢ ᠤᠯᠠᠨ ᠲᠦᠮᠡᠨ᠎ᠢ ᠨᠠᠮ᠎ᠤᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠭᠦᠯᠦᠨ᠎ᠡ᠃
《ᠬᠤᠨ ᠭᠠᠯᠠᠭᠤ᠎ᠶ᠋ᠢᠨ ᠲᠠᠭᠤᠨ》 ᠡᠮᠡᠭ᠌ᠲᠡᠢᠴᠦᠳ ᠦᠨ ᠰᠠᠢᠨ ᠲᠤᠷ᠎ᠠ ᠵᠢᠨ ᠠᠵᠢᠯᠯᠠᠭ᠎ᠠ ᠵᠢ ᠦᠷᠨᠢᠭᠦᠯᠦᠨ᠎ᠡ᠄ 103 ᠬᠣᠱᠢᠭᠤ ᠱᠢᠶᠠᠨ ᠳᠤ ᠴᠢᠭᠯᠡᠬᠦᠯᠦᠨ《ᠬᠣᠶᠠᠷ ᠥᠮᠡᠨ》 ᠡᠪᠡᠳᠴᠢᠨ᠎ᠳᠦ ᠨᠡᠷᠪᠡᠭ᠌ᠳᠡᠭ᠌ᠰᠡᠨ᠂ ᠬᠡᠷ ᠪᠦᠯᠢ ᠨᠢ ᠬᠦᠴᠢᠷᠳᠡᠯᠲᠡᠶ ᠡᠮᠡᠭ᠌ᠲᠡᠢᠴᠦᠳ ᠲᠸ᠋ ᠬᠠᠨᠳᠤᠭᠤᠯᠵᠤ᠂ ᠨᠢᠭᠤᠷᠳᠠᠨ ᠶᠠᠷᠢᠯᠴᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠭᠡᠬᠦ ᠵᠡᠷᠭᠡ ᠠᠵᠢᠯᠯᠠᠭ᠎ᠠ ᠶ᠋ᠢ ᠥᠷᠨᠢᠭᠦᠯᠦᠨ᠎ᠡ᠃
《ᠬᠤᠨ ᠭᠠᠯᠠᠭᠤ ᠨᠤᠮ ᠤᠨ ᠭᠡᠰᠢᠭ》 ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠠᠵᠢᠯᠯᠠᠭ᠎ᠠ ᠵᠢ ᠦᠷᠨᠢᠭᠦᠯᠦᠨ᠎ᠡ᠄ 《ᠬᠤᠪᠢᠰᠭᠠᠯ ᠤᠨ ᠰᠣᠩᠭᠣᠳᠠᠭ ᠵᠣᠬᠢᠶᠠᠯ ᠢ ᠤᠩᠰᠢᠵᠤ ᠲᠡᠦᠬᠡ᠎ᠶ᠋ᠢᠨ ᠠᠮᠢᠨ ᠰᠤᠳᠠᠰᠤ᠎ᠶ᠋ᠢ ᠤᠯᠠᠮᠵᠢᠯᠠᠬᠤ》 ᠳᠤᠮᠳᠠᠳᠤ ᠤᠯᠤᠰ ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠎ᠶ᠋ᠢ ᠪᠡᠯᠭᠡᠯᠡᠬᠦ᠌ ᠪᠦᠬᠦ᠌ ᠠᠷᠠᠳ ᠤᠨ ᠤᠩᠱᠢᠯᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠳᠣᠯᠣᠳᠤᠭᠠᠷ ᠬᠤᠭᠤᠴᠠᠭᠠᠨ ᠤ ᠡᠴᠢᠭᠡ ᠡᠬᠡ ᠦᠷ᠎ᠡ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠤᠩᠱᠢᠯᠭ᠎ᠠ᠎ᠶ᠋ᠢᠨ ᠤᠷᠤᠯᠳᠤᠭᠠᠨ ᠢ ᠥᠷᠨᠢᠭᠦᠯᠵᠦ᠍᠂ ᠨᠣᠮ ᠤᠩᠱᠢᠬᠤ ᠳᠤᠷᠠᠲᠠᠢ᠂ ᠰᠠᠢ᠌ᠨ ᠨᠣᠮ ᠤᠩᠱᠢᠬᠤ᠂ ᠨᠣᠮ ᠤᠩᠱᠢᠬᠤ᠎ᠳᠠᠭᠠᠨ ᠴᠢᠳᠠᠮᠠᠭᠠᠢ ᠪᠠᠢᠬᠤ ᠭᠦᠨ ᠵᠤᠵᠠᠭᠠᠨ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠨ᠎ᠠ᠃
《ᠬᠤᠨ ᠭᠠᠯᠠᠭᠤ᠎ᠶ᠋ᠢᠨ ᠭᠡᠷᠡᠯ ᠬᠢᠯᠪᠠᠭ᠎ᠠ》 ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠠᠵᠢᠯᠯᠠᠭ᠎ᠠ ᠵᠢ ᠦᠷᠨᠢᠭᠦᠯᠦᠨ᠎ᠡ᠄ ᠪᠥᠬᠥ᠌ ᠣᠷᠣᠨ ᠤ 《ᠡᠨᠡᠷᠢᠩᠭᠦᠢ ᠰᠡᠳᠬᠢᠯᠲᠤ ᠡᠵᠢ》᠂ ᠨᠡᠢᠭᠡᠮ᠎ᠦᠨ ᠬᠠᠯᠠᠭᠤᠨ ᠰᠡᠳᠬᠢᠯᠲᠤ ᠬᠥᠮᠦᠰ ᠵᠢᠴᠢ ᠵᠣᠬᠢᠶᠠᠨ ᠪᠠᠢᠭᠤᠯᠤᠯᠲᠠ᠎ᠶ᠋ᠢ ᠳᠠᠢᠴᠢᠯᠠᠵᠤ᠂ ᠬᠦᠴᠢᠷᠳᠡᠯ ᠳ᠋ᠦ ᠲᠤᠯᠭᠠᠷᠠᠬᠰᠠᠨ ᠪᠤᠶᠤ ᠬᠡᠷ ᠲᠡᠭᠡᠨ ᠬᠣᠴᠣᠷᠤᠭ᠍ᠰᠠᠨ ᠬᠡᠦᠬᠡᠳ ᠤᠨ ᠵᠢᠵᠢᠭᠬᠡᠨ ᠬᠦᠰᠡᠯ᠎ᠢ ᠪᠡᠶᠡᠯᠡᠭᠦᠯᠵᠦ᠂ ᠥᠷᠭᠡᠨ ᠣᠯᠠᠨ ᠡᠮᠡᠭ᠌ᠲᠡᠢᠴᠦᠳ ᠢ ᠬᠥᠲᠥᠯᠥᠨ ᠳᠠᠭᠠᠭᠤᠯᠵᠤ ᠬᠡᠦᠬᠡᠳ᠎ᠦᠨ ᠦᠰᠦᠨ ᠪᠣᠢᠵᠢᠯᠲᠠ ᠶ᠋ᠢᠨ ᠵᠠᠮᠴᠢᠯᠠᠭ᠍ᠴᠢ᠂ ᠬᠡᠦᠬᠡᠳ ᠦᠨ ᠡᠷᠬᠡ ᠠᠱᠢᠭ᠎ᠤᠨ ᠰᠠᠬᠢᠨ ᠬᠠᠮᠠᠭᠠᠯᠠᠭ᠍ᠴᠢ᠂ ᠬᠡᠦᠬᠡᠳ ᠦᠨ ᠢᠷᠡᠭᠡᠳᠦᠶ᠎ᠶ᠋ᠢᠨ ᠬᠦᠰᠡᠯ ᠵᠡᠭᠦᠳᠦ᠍ ᠵᠢᠨ ᠲᠡᠷᠭᠡᠯᠱᠢᠭᠦᠯᠦᠭ᠌ᠴᠢ ᠪᠣᠯᠭᠠᠨ᠎ᠠ᠃