ᠬᠥᠬᠡᠬᠣᠲᠠ ᠬᠠᠩᠰᠢ᠎ᠶ᠋ᠢᠨ ᠡᠳᠦᠷ᠎ᠦᠨ ᠲᠠᠬᠢᠯᠭ᠎ᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠵᠦ ᠪᠤᠢ
2026-03-30 10:03:06
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠬᠠᠩᠰᠢ᠎ᠶ᠋ᠢᠨ ᠡᠳᠦᠷ᠎ᠦᠨ ᠲᠠᠬᠢᠯᠭ᠎ᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ᠂ ᠪᠣᠯᠪᠠᠰᠤᠨ᠂ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠲᠦᠷᠦᠭᠦᠭᠡᠨ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠣᠷᠣᠱᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠵᠢᠴᠢ 2026 ᠣᠨ᠎ᠤ ᠬᠠᠩᠰᠢ᠎ᠶ᠋ᠢᠨ ᠡᠳᠦᠷ᠎ᠦᠨ ᠠᠮᠤᠷ ᠲᠦᠪᠱᠢᠨ᠎ᠦ ᠲᠠᠬᠢᠯᠭ᠎ᠠ᠎ᠶ᠋ᠢᠨ ᠦᠶ᠋ᠯᠡᠴᠢᠯᠡᠭᠡ ᠪᠠᠲᠤᠯᠠᠭ᠎ᠠ᠎ᠶ᠋ᠢᠨ ᠠᠵᠢᠯ᠎ᠤᠨ ᠪᠣᠯᠪᠠᠰᠤᠷᠠᠯ᠎ᠤᠨ ᠬᠤᠷᠠᠯ ᠡᠷᠭᠢᠯᠡᠪᠡ᠃ ᠡᠯ᠎ᠡ ᠬᠣᠱᠢᠭᠤ ᠱᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠳᠠᠨ ᠪᠠ ᠣᠷᠣᠱᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠬᠠᠮᠢᠶ᠎ᠠ ᠪᠥᠬᠥᠶ ᠠᠵᠢᠯᠲᠠᠨ ᠣᠷᠣᠯᠴᠠᠵᠠᠢ᠃

ᠬᠤᠷᠠᠯ᠎ᠡᠴᠠ ᠪᠥᠬᠥ᠌ ᠤᠯᠤᠰ᠎ᠤᠨ ᠣᠷᠣᠱᠢᠭᠤᠯᠭ᠎ᠠ᠎ᠶ᠋ᠢᠨ ᠠᠵᠢᠯ᠎ᠢ ᠪᠠᠷᠢᠮᠵᠢᠶᠠᠵᠢᠭᠤᠯᠬᠤ ᠮᠡᠷᠭᠡᠵᠢᠯ᠎ᠦᠨ ᠵᠥᠪᠯᠡᠯ᠎ᠦᠨ ᠭᠡᠱᠢᠭᠦᠨ᠂ ᠪᠥᠬᠥ᠌ ᠤᠯᠤᠰ᠎ᠤᠨ ᠠᠷᠠᠳ᠎ᠤᠨ ᠶᠠᠪᠤᠳᠠᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠵᠢᠯᠣᠭᠣᠳᠭᠤ ᠵᠥᠪᠯᠡᠯ᠎ᠦᠨ ᠣᠷᠣᠱᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯ᠎ᠦᠨ ᠵᠥᠪᠯᠡᠯ᠎ᠦᠨ ᠭᠡᠱᠢᠭᠦᠨ ᠵᠢᠶᠠᠩ ᠱᠢᠶᠤᠤ᠎ᠶ᠋ᠢ ᠤᠷᠢᠵᠤ 《ᠱᠢᠨ᠎ᠡ ᠲᠦᠷᠢᠮ ᠎ᠳᠡᠬᠢ ᠣᠷᠣᠱᠢᠭᠤᠯᠭ᠎ᠠ᠎ᠶ᠋ᠢᠨ ᠠᠵᠢᠯ ᠲᠥᠷᠥᠯ᠎ᠢ ᠠᠷᠭᠠᠴᠠᠭᠠᠬᠤ ᠵᠠᠮ》 ᠭᠡᠬᠦ᠌ ᠲᠤᠰᠭᠠᠶ ᠰᠡᠳᠦᠪᠲᠦ ᠪᠣᠯᠪᠠᠰᠤᠷᠠᠯ ᠬᠢᠯᠭᠡᠪᠡ᠃ ᠪᠣᠯᠪᠠᠰᠤᠷᠠᠯ᠎ᠨᠢ ᠣᠷᠣᠱᠢᠭᠤᠯᠭ᠎ᠠ᠎ᠶ᠋ᠢᠨ ᠠᠵᠢᠯ ᠲᠥᠷᠥᠯ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠱᠢᠨᠵᠢ ᠴᠢᠨᠠᠷ᠂ ᠣᠯᠠᠨ ᠲᠦᠮᠡᠨ᠎ᠦ ᠠᠩᠬᠠᠷᠴᠤ᠌ ᠪᠠᠢᠭ᠎ᠠ ᠣᠷᠣᠱᠢᠭᠤᠯᠭ᠎ᠠ᠎ᠶ᠋ᠢᠨ ᠦᠶ᠋ᠯᠡᠴᠢᠯᠡᠭᠡ᠂ ᠰᠦᠶ᠋ᠳᠭᠡᠯ ᠬᠤᠷᠢᠶᠠᠬᠤ ᠬᠠᠮᠢᠶᠠᠷᠤᠯᠲᠠ᠂ ᠬᠡᠪ ᠵᠠᠩᠱᠢᠯ᠎ᠢ ᠥᠭᠡᠷᠡᠴᠢᠯᠡᠬᠦ᠌ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ᠎ᠲᠡᠶ ᠨᠢᠭ᠍ᠲᠠ ᠤᠶᠠᠯᠳᠤᠭᠤᠯᠤᠨ᠂ ᠣᠷᠣᠱᠢᠭᠤᠯᠭ᠎ᠠ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠣᠷᠣᠱᠢᠭᠤᠯᠭ᠎ᠠ᠎ᠶ᠋ᠢᠨ ᠪᠠᠢᠭᠤᠯᠤᠮᠵᠢ᠎ᠶ᠋ᠢᠨ ᠣᠷᠣᠱᠢᠨ ᠲᠣᠭ᠍ᠲᠠᠨᠢᠬᠤ ᠪᠠ ᠬᠦᠭᠵᠢᠯᠳᠠ ᠵᠢᠨ ᠲᠤᠬᠠᠶ ᠭᠦᠨᠵᠡᠭᠡᠶ ᠬᠠᠢᠨ ᠰᠦᠪᠡᠭ᠌ᠴᠢᠯᠡᠵᠦ᠍᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠣᠷᠣᠱᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠦᠷᠢᠮ》᠎ᠢ᠋ ᠪᠥᠬᠥ᠌ ᠲᠠᠯ᠎ᠠ᠎ᠪᠠᠷ ᠭᠦᠨᠵᠡᠭᠡᠶ ᠲᠠᠢᠯᠪᠤᠷᠢᠯᠠᠪᠠ᠃

ᠬᠤᠷᠠᠯ᠎ᠡᠴᠠ 2026 ᠣᠨ᠎ᠤ ᠬᠠᠩᠰᠢ᠎ᠶ᠋ᠢᠨ ᠡᠳᠦᠷ᠎ᠦᠨ ᠠᠮᠤᠷ ᠲᠦᠪᠱᠢᠨ᠂ ᠪᠣᠯᠪᠠᠰᠤᠨ ᠲᠠᠬᠢᠯᠭ᠎ᠠ ᠪᠠ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠪᠠᠢᠷᠢᠯᠠᠭᠤᠯᠵᠤ᠂ ᠡᠯ᠎ᠡ ᠬᠣᠱᠢᠭᠤ ᠱᠢᠶᠠᠨ ᠲᠣᠭᠣᠷᠢᠭ᠎ᠤᠨ ᠬᠢᠨ ᠡᠯ᠎ᠡ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠬᠦ᠌᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠠᠬᠢᠯᠭ᠎ᠠ᠎ᠶ᠋ᠢᠨ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠵᠦ᠍᠂ ᠬᠠᠩᠰᠢ᠎ᠶ᠋ᠢᠨ ᠬᠤᠭᠤᠴᠠᠭᠠᠨ᠎ᠤ ᠲᠠᠬᠢᠯᠭ᠎ᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ ᠡᠮᠬᠢ ᠵᠢᠷᠤᠮ᠎ᠲᠠᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠨᠡᠢᠲᠡᠯᠡᠨ᠂ ᠪᠣᠯᠪᠠᠰᠤᠨ᠎ᠢᠶᠠᠷ ᠲᠠᠬᠢᠯᠭ᠎ᠠ ᠬᠢᠬᠦ᠌᠎ᠶ᠋ᠢ ᠰᠠᠨᠠᠭᠠᠴᠢᠯᠠᠵᠤ᠂ ᠣᠷᠣᠱᠢᠭᠤᠯᠭ᠎ᠠ᠎ᠶ᠋ᠢᠨ ᠬᠦᠷᠢᠶᠡᠨ᠎ᠳᠡᠬᠢ ᠬᠡᠪ ᠵᠠᠩᠱᠢᠯ᠎ᠢ ᠥᠭᠡᠷᠡᠴᠢᠯᠡᠬᠦ᠌᠎ᠶ᠋ᠢ ᠦᠷᠭᠦᠯᠵᠢᠯᠡᠨ ᠠᠬᠢᠭᠤᠯᠵᠤ᠂ ᠪᠣᠯᠪᠠᠰᠤᠨ ᠡᠶ᠎ᠡ ᠵᠤᠬᠢᠴᠠᠩᠭᠤᠢ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号