—— 《ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠰᠢᠷᠢᠰ ᠮᠡᠳᠡᠭᠡᠯᠡᠯ ①
ᠨᠠᠢᠷᠠᠭᠤᠯᠤᠬᠴᠢ ᠵᠢᠨ ᠦᠭᠡ᠄
ᠤᠳᠤᠬᠠᠨ ᠳ᠋ᠦ᠂ ᠰᠤᠷᠭᠠᠨ ᠬᠥᠮᠦᠵᠢᠯ᠎ᠦᠨ ᠶᠠᠮᠤᠨ 《ᠬᠢᠴᠢᠶᠡᠯ᠎ᠦᠨ ᠵᠠᠪᠰᠠᠷᠯᠠᠭ᠎ᠠ᠎ᠶ᠋ᠢᠨ 15 ᠮᠢᠨᠦ᠋ᠲ》᠂ 《ᠡᠳᠦᠷ ᠪᠦᠷᠢ᠎ᠶ᠋ᠢᠨ 2 ᠴᠠᠭ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ》 ᠢ᠋ ᠶᠡᠬᠡᠪᠡᠷ ᠰᠠᠨᠠᠭᠠᠴᠢᠯᠠᠵᠤ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠨᠢ ᠰᠤᠷᠭᠠᠨ ᠬᠥᠮᠦᠵᠢᠯ᠎ᠦᠨ ᠱᠢᠨ᠎ᠡ ᠬᠡᠪ ᠰᠤᠷᠲᠠᠯ ᠪᠤᠯᠤᠯ᠎ᠠ᠃ 《ᠲᠠᠮᠢᠷ᠎ᠤᠨ ᠲᠠᠪᠴᠠᠩ》 ᠲᠤᠰᠬᠠᠢ ᠨᠢᠭᠤᠷ ᠡᠨᠡ ᠡᠳᠦᠷ᠎ᠡᠴᠡ ᠡᠬᠢᠯᠡᠨ 《ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠱᠢᠷᠢᠰ ᠮᠡᠳᠡᠭᠡᠯᠡᠯ᠎ᠢ ᠰᠤᠷᠪᠤᠯᠵᠢᠯᠠᠨ ᠨᠡᠢᠲᠡᠯᠡᠵᠦ᠍᠂ ᠥᠪᠥᠷ ᠮᠣᠩᠭᠣᠯ᠎ᠤᠨ 《ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠤ᠋ᠨ ᠨᠡᠢᠳᠡᠯᠢᠭ ᠦᠢᠯᠡᠳᠦᠯᠭᠡ ᠵᠢ ᠤᠩᠰᠢᠬᠴᠢ ᠤᠯᠠᠨ ᠲᠠᠢ ᠪᠠᠨ ᠬᠤᠪᠢᠶᠠᠯᠴᠠᠬᠤ ᠪᠤᠯᠤᠯ᠎ᠠ᠃ ᠲᠠᠭᠠᠯᠠᠨ ᠤᠩᠰᠢᠮᠤ!
ᠤᠷᠢᠨ ᠬᠠᠪᠤᠷ᠎ᠤᠨ ᠦᠷᠯᠦᠭᠡ ᠵᠢᠨ ᠨᠠᠷᠠᠨ ᠡᠭᠡ ᠲᠡᠯᠡᠭᠡᠢ ᠵᠢ ᠭᠡᠢᠬᠦᠯᠬᠦ ᠪᠡᠷ᠂ ᠪᠤᠭᠤᠲᠤ ᠬᠤᠳᠠ᠎ᠶ᠋ᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠰᠠᠭ᠍ᠰᠤᠨ ᠪᠥᠮᠪᠥᠭᠡ᠎ᠶ᠋ᠢᠨ ᠣᠷᠳᠣᠨ᠎ᠳᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠬᠴᠢᠳ ᠪᠣᠯᠤᠨ ᠪᠠᠭ᠎ᠠ ᠰᠤᠷᠭᠠᠭᠤᠯᠢ᠎ᠶ᠋ᠢᠨ ᠰᠤᠷᠤᠬᠴᠢᠳ ᠡᠮᠬᠢ ᠵᠢᠷᠤᠮ᠎ᠲᠠᠶ ᠪᠡᠷ ᠰᠠᠭᠰᠤᠨ ᠪᠦᠮᠪᠦᠭᠡ ᠵᠢᠨ ᠪᠣᠯᠪᠠᠰᠤᠷᠠᠯ ᠵᠢᠡᠨ ᠡᠬᠢᠯᠡᠬᠦᠯᠦᠯ᠎ᠡ ;ᠡᠬᠦᠨ᠎ᠤ ᠵᠡᠷᠭᠡ ᠪᠡᠷ ᠂ ᠪᠤᠭᠤᠲᠤ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠠᠯᠠᠭᠠᠳᠠᠬᠤ ᠪᠥᠮᠪᠥᠭᠡ᠎ᠶ᠋ᠢᠨ ᠣᠷᠳᠣᠨ᠎ᠳᠤ᠂ ᠡᠮᠡᠭ᠌ᠲᠡᠢᠴᠦᠳ᠎ᠤᠨ ᠠᠯᠠᠭᠠᠳᠠᠬᠤ ᠪᠥᠮᠪᠥᠭᠡ᠎ᠶ᠋ᠢᠨ ᠠᠩᠭᠢ᠎ᠶ᠋ᠢᠨ ᠥᠬᠢᠳ ᠤᠨ ᠪᠦᠮᠪᠦᠭᠡ ᠠᠯᠠᠭᠠᠳᠠᠬᠤ ᠲᠠᠭᠤᠨ᠂ ᠤᠤᠬᠠᠢᠯᠠᠨ ᠬᠠᠰᠬᠢᠷᠬᠤ ᠲᠠᠭᠤᠨ ᠬᠤᠯᠠ ᠡᠴᠡ ᠰᠤᠨᠤᠰᠳᠠᠨ᠎ᠠ;ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠭᠦᠶᠦᠯᠲᠡ᠎ᠶ᠋ᠢᠨ ᠵᠠᠮ ᠳᠡᠭᠡᠷ᠎ᠡ᠂ ᠬᠦᠨᠳᠦ ᠬᠥᠩᠭᠡᠨ ᠲᠠᠮᠢᠷ᠎ᠤᠨ ᠠᠩᠭᠢ᠎ᠶ᠋ᠢᠨ ᠭᠡᠱᠢᠭᠦᠳ ᠬᠦᠯᠦᠰᠦ ᠠᠰᠬᠠᠷᠠᠭᠤᠯᠤᠨ ᠪᠤᠯᠪᠠᠰᠤᠷᠠᠨ᠎ᠠ ᠁


《ᠲᠠᠯ᠎ᠠ ᠨᠤᠲᠤᠭ᠎ᠤᠨ ᠪᠣᠯᠣᠳ ᠬᠣᠲᠠ》 ᠬᠡᠮᠡᠭᠳᠡᠭᠰᠡᠨ ᠪᠤᠭᠤᠳᠤ ᠬᠤᠳᠠ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠬᠦᠨᠵᠡᠭᠡᠢᠷᠡᠬᠦᠯᠵᠦ᠂ ᠵᠠᠯᠠᠭᠤᠴᠤᠳ ᠪᠠᠭᠠᠴᠤᠳ᠎ᠤᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃
ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠲᠤᠷᠱᠢᠯᠲᠠ᠎ᠶ᠋ᠢᠨ ᠴᠡᠭ᠎ᠦᠨ ᠠᠢᠮᠠᠭ ᠬᠣᠲᠠ ᠪᠣᠯᠤᠭ᠍ᠰᠠᠨ᠎ᠤ ᠬᠤᠪᠢ᠎ᠳᠤ ᠪᠤᠭᠤᠲᠤ ᠬᠣᠲᠠ 《ᠲᠥᠷᠥ᠎ᠶ᠋ᠢᠨ ᠪᠣᠳᠣᠯᠭ᠎ᠠ + ᠤᠷᠤᠯᠳᠤᠭᠠᠨ + ᠡᠬᠢ ᠪᠠᠶᠠᠯᠢᠭ》ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠬᠥᠮᠦᠨ᠎ᠢ ᠬᠥᠮᠦᠵᠢᠭᠦᠯᠬᠦ᠌ ᠱᠢᠨ᠎ᠡ ᠠᠮᠢ ᠠᠬᠤᠶ᠎ᠶ᠋ᠢ ᠪᠠᠢᠭᠤᠯᠪᠠ᠃ 2023 ᠣᠨ᠎ᠤ 9 ᠰᠠᠷ᠎ᠠ᠎ᠳᠤ᠂ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠬᠠᠮᠲᠤᠷᠠᠨ《ᠪᠤᠭᠤᠲᠤ ᠬᠣᠲᠠ᠎ᠶ᠋ᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠤᠨ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ 《 ᠨᠢᠭᠡ ᠰᠤᠷᠭᠠᠭᠤᠯᠢ ᠨᠢᠭᠡ ᠲᠦᠷᠦᠯ ᠲᠡᠮᠳᠡᠭ᠂ ᠨᠢᠭᠡ ᠰᠤᠷᠭᠠᠭᠤᠯᠢ ᠣᠯᠠᠨ ᠲᠦᠷᠦᠯ ᠲᠡᠮᠳᠡᠭ》 ᠬᠥᠭ᠌ᠵᠢᠯᠲᠡ᠎ᠶ᠋ᠢᠨ ᠠᠷᠭ᠎ᠠ ᠵᠠᠮ᠎ᠢ ᠲᠣᠳᠣᠷᠬᠠᠢᠯᠠᠵᠤ᠂ 50 ᠪᠡᠶ᠎ᠡ᠎ᠶ᠋ᠢᠨ ᠲᠠᠮᠢᠷ᠎ᠤᠨ ᠤᠯᠠᠮᠵᠢᠯᠠᠯᠲᠤ ᠣᠨᠴᠠᠯᠢᠭ᠍ᠲᠤ ᠰᠤᠷᠭᠠᠭᠤᠯᠢ᠎ᠶ᠋ᠢ ᠱᠢᠨ᠎ᠡ᠎ᠪᠡᠷ ᠱᠢᠯᠭᠠᠷᠠᠭᠤᠯᠤᠨ ᠨᠡᠷᠡᠢᠳᠴᠦ᠍᠂ ᠲᠠᠰ ᠳᠠᠪᠬᠤᠷᠭ᠎ᠠ ᠲᠥᠷᠥᠯ ᠬᠤᠪᠢᠶᠠᠭ᠍ᠰᠠᠨ᠂ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠪᠠ᠃ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠳᠠᠪᠱᠢᠬᠤ ᠱᠢᠯᠭᠠᠯᠲᠠ᠎ᠶ᠋ᠢᠨ ᠪᠡᠶ᠎ᠡ᠎ᠶ᠋ᠢᠨ ᠲᠠᠮᠢᠷ᠎ᠤᠨ 7 ᠵᠦᠶ᠋ᠯ᠎ᠦᠨ ᠤᠷ᠎ᠠ ᠴᠢᠳᠠᠪᠤᠷᠢ᠎ᠶ᠋ᠢᠨ ᠱᠢᠯᠭᠠᠯᠲᠠ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠣᠨᠴᠠ ᠴᠢᠳᠠᠪᠤᠷᠢ᠎ᠲᠠᠶ ᠰᠣᠷᠣᠭ᠍ᠴᠢ ᠡᠯᠰᠡᠬᠦ᠌ ᠬᠡᠪᠴᠢᠶ᠎ᠡ᠎ᠶ᠋ᠢ ᠵᠣᠬᠢᠰᠲᠠᠶ ᠥᠷᠭᠡᠳᠭᠡᠨ᠂ ᠰᠣᠶᠣᠯ᠎ᠤᠨ ᠬᠢᠴᠢᠶᠡᠯ᠎ᠦᠨ ᠬᠢᠨᠠᠨ ᠱᠢᠯᠭᠠᠯᠲᠠ᠎ᠳᠤ ᠪᠡᠶ᠎ᠡ᠎ᠶ᠋ᠢᠨ ᠲᠠᠮᠢᠷ᠎ᠤᠨ ᠤᠷ᠎ᠠ ᠴᠢᠳᠠᠪᠤᠷᠢ᠎ᠶ᠋ᠢᠨ ᠬᠢᠷᠢ ᠲᠦᠪᠱᠢᠨ᠎ᠢ ᠨᠠᠩ ᠢᠯᠡᠭᠦᠦ ᠴᠢᠬᠤᠯᠠᠴᠢᠯᠠᠵᠤ᠂ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠦᠰᠦᠨ ᠪᠣᠢᠵᠢᠬᠤ ᠲᠥᠷᠥ᠎ᠶ᠋ᠢᠨ ᠪᠣᠳᠣᠯᠭ᠎ᠠ ᠶ᠋ᠢᠨ ᠵᠠᠮ ᠢ ᠨᠡᠪᠲᠡᠷᠡᠭᠦᠯᠪᠡ ᠃


ᠪᠤᠭᠤᠲᠤ ᠬᠣᠲᠠ᠎ᠶ᠋ᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ᠎ᠳᠤ᠂ ᠰᠠᠭ᠍ᠰᠤᠨ ᠪᠥᠮᠪᠥᠭᠡ᠎ᠶ᠋ᠢᠨ ᠶᠡᠷᠦᠩᠬᠡᠶ ᠳᠠᠰᠭᠠᠯᠵᠢᠭᠤᠯᠤᠭ᠍ᠴᠢ ᠱᠢᠤᠢ ᠱᠦ᠍ ᠵᠢᠶᠦ᠋ᠨ 29 ᠵᠢᠯ ᠴᠦᠬᠦᠷᠡᠰᠢ ᠦᠭᠡᠢ ᠴᠢᠷᠮᠠᠢᠨ ᠪᠠᠭ᠎ᠠ ᠰᠤᠷᠭᠠᠭᠤᠯᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠶ᠋ᠢ ᠨᠢᠭᠡ ᠴᠤᠭ᠍ᠴᠠᠵᠢᠭᠤᠯᠤᠨ ᠬᠥᠮᠦᠵᠢᠭᠦᠯᠬᠦ᠌ ᠱᠢᠰᠲ᠋ᠧᠮ᠎ᠢ ᠪᠦᠳᠦᠭᠡᠯᠴᠢ ᠪᠡᠷ ᠰᠡᠳᠬᠢᠨ ᠪᠠᠢᠭᠤᠯᠪᠠ᠃ ᠰᠤᠷᠭᠠᠭᠤᠯᠢ᠎ᠵᠢᠨ ᠬᠢᠨ ᠰᠠᠭ᠍ᠰᠤᠨ ᠪᠥᠮᠪᠥᠭᠡ᠎ᠶ᠋ᠢᠨ ᠲᠤᠰᠬᠠᠢ ᠮᠡᠷᠭᠡᠵᠢᠯ᠎ᠤᠨ ᠠᠩᠬᠢ ᠵᠢᠨ ᠰᠣᠷᠣᠭ᠍ᠴᠢ ᠡᠯᠰᠡᠬᠦ᠌ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠴᠠᠳᠠᠢ ᠵᠣᠯᠭᠠᠭᠤᠯᠵᠤ ᠂ ᠬᠢᠴᠢᠶᠡᠯ᠎ᠦᠨ ᠪᠠᠢᠷᠢᠯᠠᠭᠤᠯᠤᠯᠲᠠ ᠪᠡᠨ ᠱᠢᠯᠢᠳᠡᠭ᠌ᠵᠢᠭᠦᠯᠦᠨ᠂ ᠬᠡᠯᠡ ᠪᠢᠴᠢᠭ᠂ ᠲᠣᠭᠠᠨ᠎ᠤ ᠤᠬᠠᠭᠠᠨ᠂ ᠠᠨᠭ᠌ᠭ᠌ᠯᠢ ᠬᠡᠯᠡ᠂ ᠤᠯᠤᠰ ᠲᠥᠷᠥ᠍ ᠵᠡᠷᠭᠡ ᠳᠥᠷᠪᠡᠨ ᠭᠤᠤᠯ ᠬᠢᠴᠢᠶᠡᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠠᠨᠳᠤᠯᠭᠠᠲᠤ ᠴᠢᠨᠠᠷᠲᠠᠶ ᠵᠢᠭᠠᠨ ᠰᠤᠷᠭᠠᠯᠲᠠ ᠥᠷᠨᠢᠭᠦᠯᠪᠡ ᠃ ᠣᠢᠷ᠎ᠠ᠎ᠶ᠋ᠢᠨ ᠬᠣᠶᠠᠷ ᠵᠢᠯ᠎ᠳᠦ᠂ ᠪᠡᠶ᠎ᠡ᠎ᠶ᠋ᠢᠨ ᠲᠠᠮᠢᠷ᠎ᠤᠨ ᠰᠤᠷᠤᠭ᠍ᠴᠢᠳ᠎ᠤᠨ ᠳᠡᠭᠡᠳᠦ ᠰᠤᠷᠭᠠᠭᠤᠯᠢ᠎ᠳᠤ ᠰᠢᠯᠭᠠᠭᠤᠯᠤᠨ ᠤᠷᠤᠬᠤ ᠨᠣᠷᠮ᠎ᠠ᠎ᠶ᠋ᠢ 75 % ᠡᠴᠡ 80 % ᠪᠠᠷ ᠲᠣᠭ᠍ᠲᠠᠭᠤᠨ ᠪᠠᠢᠯᠭᠠᠵᠤ᠂ 17 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠡᠷᠡᠭ᠌ᠲᠡᠢᠴᠦᠳᠤᠨ ᠰᠠᠭ᠍ᠰᠤᠨ ᠪᠥᠮᠪᠥᠭᠡ᠎ᠶ᠋ᠢᠨ ᠠᠩᠭᠢ᠎ᠶ᠋ᠢᠨ ᠮᠠᠩᠯᠠᠶ᠎ᠳᠤ ᠱᠢᠯᠭᠠᠷᠠᠭ᠍ᠰᠠᠨ ᠬᠦᠴᠦᠷᠬᠡᠭ ᠠᠩᠭᠢ᠎ᠶ᠋ᠢ ᠬᠥᠮᠦᠵᠢᠭᠦᠯᠦᠨ ᠭᠠᠷᠭᠠᠭ᠍ᠰᠠᠨ᠎ᠢᠶᠠᠷ ᠪᠠᠷᠠᠬᠤ ᠦᠭᠡᠶ᠂ ᠨᠡᠩ ᠴᠤ᠌ ᠵᠦ᠍ ᠸᠧᠶ ᠬᠤᠤ ᠵᠡᠷᠭᠡ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳ᠋ᠦ ᠱᠢᠯᠭᠠᠭᠤᠯᠤᠨ ᠣᠷᠣᠭ᠍ᠰᠠᠨ ᠱᠢᠯᠢᠳᠡᠭ ᠰᠤᠷᠤᠭ᠍ᠴᠢᠳ ᠴᠤᠯᠭᠤᠷᠠᠨ ᠭᠠᠷᠴᠤ᠌᠂ ᠤᠷᠤᠯᠳᠤᠭᠠᠨ᠎ᠤ ᠬᠢᠷᠢ ᠪᠦᠲᠦᠮᠵᠢ ᠪᠣᠯᠤᠨ ᠰᠤᠷᠤᠯᠭ᠎ᠠ᠎ᠶ᠋ᠢᠨ ᠬᠥᠭ᠌ᠵᠢᠯᠲᠡ᠎ᠶ᠋ᠢᠨ ᠬᠣᠣᠰ ᠴᠢᠭ᠌ᠯᠡᠯ᠎ᠢᠶᠡᠷ ᠱᠢᠪᠲᠤᠯᠤᠯᠲᠠ᠎ᠲᠠᠶ ᠪᠣᠯᠬᠤ᠎ᠶ᠋ᠢ ᠪᠡᠶᠡᠯᠡᠭᠦᠯᠪᠡ᠃
ᠪᠤᠭᠤᠲᠤ ᠬᠣᠲᠠ᠎ᠶ᠋ᠢᠨ ᠵᠢᠷᠭᠤᠳᠤᠭᠠᠷ ᠳᠤᠮᠳᠠᠳᠤ ᠰᠤᠷᠭᠠᠭᠤᠯᠢ 《ᠬᠠᠷᠢᠮᠠᠬᠠᠶ ᠬᠢᠴᠢᠶᠡᠯ᠎ᠦᠨ ᠱᠢᠰᠲ᠋ᠧᠮ》 ᠤ᠋ᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠥᠷᠯᠥᠭᠡ᠎ᠶ᠋ᠢᠨ 9 ᠴᠠᠭ 50 ᠮᠢᠨᠦ᠋ᠲ᠎ᠲᠦ ᠪᠣᠯᠪᠠᠰᠤᠷᠠᠯᠵᠢᠡᠨ ᠡᠬᠢᠯᠡᠭᠦᠯᠵᠦ᠍᠂ ᠳᠡᠳ᠋ ᠬᠢᠴᠢᠶᠡᠯ ᠲᠥᠷᠥᠯ᠎ᠦᠨ ᠬᠢᠴᠢᠶᠡᠯ᠎ᠦᠨ ᠴᠠᠭ᠎ᠢ ᠵᠤᠬᠢᠰᠳᠠᠢ ᠲᠣᠬᠢᠷᠠᠭᠤᠯᠤᠨ ᠪᠣᠯᠪᠠᠰᠤᠷᠠᠯ᠎ᠤᠨ ᠴᠠᠭ᠎ᠢ ᠪᠠᠲᠤᠯᠠᠵᠤ᠂ ᠦᠳᠡ᠎ᠶ᠋ᠢᠨ ᠬᠣᠢᠨᠠᠬᠢ ᠬᠣᠶᠠᠷ ᠬᠢᠴᠢᠶᠡᠯ᠎ᠦᠨ ᠳᠠᠷᠠᠭ᠎ᠠ ᠲᠤᠰᠭᠠᠶ ᠵᠦᠶ᠋ᠯᠵᠢᠡᠷ ᠲᠥᠪᠯᠡᠷᠡᠭᠦᠯᠦᠨ ᠪᠣᠯᠪᠠᠰᠤᠷᠠᠭᠤᠯᠵᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠲᠤᠰᠠᠭᠠᠷ ᠰᠣᠷᠣᠭ᠍ᠴᠢ ᠡᠯᠰᠡᠬᠦ᠌ ᠠᠩᠭᠢ᠎ᠶ᠋ᠢ ᠲᠤᠰᠭᠠᠶ ᠲᠤᠱᠢᠶᠠᠯᠲᠤ ᠪᠠᠭ᠍ᠰᠢ᠎ᠠᠴᠠ ᠣᠨᠣᠴᠠᠳᠠᠢ᠎ᠪᠠᠷ ᠬᠠᠪᠰᠤᠷᠤᠨ ᠵᠢᠯᠣᠭᠣᠳᠬᠤ ᠵᠢ ᠣᠨᠴᠠᠭᠠᠢᠯᠠᠨ ᠲᠣᠬᠢᠷᠠᠭᠤᠯᠪᠠ᠃ ᠡᠨᠡᠬᠦ ᠪᠡᠶ᠎ᠡ ᠵᠢᠨ ᠲᠠᠮᠢᠷ + ᠰᠤᠷᠭᠠᠨ ᠬᠦᠮᠦᠵᠢᠯ᠎ᠤᠨ ᠠᠭᠤᠰᠤᠯᠴᠠᠯ ᠲᠤᠤᠷ᠎ᠠ᠂ ᠯᠢᠶᠠᠩ ᠢᠦᠶ ᠵᠢᠶᠧ ᠡᠮᠡᠭ᠌ᠲᠡᠶ᠎ᠶ᠋ᠢᠨ 400 ᠮᠧᠲ᠋ᠷ᠎ᠦᠨ ᠬᠡᠷᠡᠰᠭᠡ ᠳᠠᠪᠠᠬᠤ ᠪᠥᠬᠥ᠌ ᠤᠯᠤᠰ᠎ᠤᠨ ᠲᠡᠮᠳᠡᠭ᠌ᠯᠡᠯ᠎ᠢ ᠡᠬᠦᠳᠴᠦ᠂ ᠦ᠋ ᠺᠦᠨ ᠵᠢᠶᠧ ᠡᠷᠡᠭ᠌ᠲᠡᠶ᠎ᠶ᠋ᠢᠨ 100 ᠮᠧᠲ᠋ᠷ᠎ᠦᠨ ᠪᠥᠬᠥ᠌ ᠤᠯᠤᠰ᠎ᠤᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ᠎ᠶ᠋ᠢᠨ ᠲᠡᠮᠳᠡᠭ᠌ᠯᠡᠯ᠎ᠢ ᠡᠭᠦᠳᠴᠤ᠂ 2022 ᠣᠨ᠎ᠳᠤ ᠪᠥᠬᠥ᠌ ᠤᠯᠤᠰ᠎ᠤᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢᠳ᠎ᠤᠨ U18 ᠡᠮᠡᠭ᠌ᠲᠡᠶ᠎ᠶ᠋ᠢᠨ ᠪᠦᠯᠬᠦᠮ᠎ᠦᠨ ᠶᠡᠷᠦᠩᠬᠡᠶ ᠬᠤᠪᠢ᠎ᠶ᠋ᠢᠨ ᠤᠷᠤᠯᠳᠤᠭᠠᠨ᠎ᠳᠤ ᠮᠠᠩᠯᠠᠢᠯᠠᠪᠠ᠃ ᠥᠨᠳᠥᠷ ᠳᠤᠮᠳᠠᠳᠤ᠎ᠶ᠋ᠢᠨ ᠨᠢᠭᠡᠳᠦᠭᠡᠷ ᠣᠨ᠎ᠤ ᠱᠢᠨ᠎ᠡ ᠰᠤᠷᠤᠭ᠍ᠴᠢ ᠾᠧ ᠢ ᠷᠦᠢ ᠯᠠᠪᠳᠠᠭᠤᠨ ᠪᠠᠲᠤᠲᠠᠶ ᠡᠷᠳᠡᠮ ᠴᠢᠳᠠᠪᠤᠷᠢ᠎ᠪᠠᠷ᠎ᠢᠶᠠᠨ ᠪᠦᠬᠦ᠌ ᠤᠯᠤᠰ᠎ᠤᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠦᠨᠳᠦ ᠬᠥᠩᠭᠡᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠳᠤ ᠳᠡᠳ᠋ᠯᠡᠵᠦ᠍᠂ ᠤᠯᠤᠰ᠎ᠤᠨ ᠭᠤᠤᠯᠳᠠᠯᠭ᠎ᠠ ᠲᠠᠢ ᠶᠡᠭᠡ ᠰᠤᠷᠭᠠᠭᠤᠯᠢ ᠳ᠋ᠦ ᠰᠢᠯᠭᠠᠨ ᠤᠷᠤᠬᠤ ᠬᠠᠷᠠᠯᠲᠠ ᠵᠦᠭ ᠵᠢᠡᠨ ᠯᠠᠪᠳᠠᠭᠤᠨᠤᠷᠤᠭ᠍ᠰᠢᠯᠠᠨᠡ᠃ ᠥᠨᠳᠥᠷ ᠳᠤᠮᠳᠠᠳᠤ᠎ᠶ᠋ᠢᠨ ᠭᠤᠷᠪᠠᠳᠤᠭᠠᠷ ᠣᠨ᠎ᠤ ᠰᠤᠷᠤᠭ᠍ᠴᠢ ᠵᠠᠩ ᠶᠣᠣ ᠶᠤᠸᠠᠢ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭᠠᠨ ᠳ᠋ᠦ ᠵᠢᠷᠭᠤᠭᠠᠨ ᠵᠢᠯ ᠴᠢᠷᠮᠠᠢᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ᠂ ᠬᠣᠲᠠ᠎ᠶ᠋ᠢᠨ ᠳᠡᠰ᠎ᠤᠨ ᠤᠷᠤᠯᠳᠤᠭᠠᠨᠪᠣᠯᠪᠠᠰᠤᠷᠠᠯ ᠳ᠋ᠦ ᠤᠯᠠᠨᠳᠠ ᠤᠷᠤᠯᠴᠠᠵᠤ᠂ ᠤᠷᠤᠯᠳᠤᠭᠠᠨ᠎ᠤ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠦᠭᠰᠡᠨ ᠵᠢᠡᠷ ᠪᠠᠷᠠᠬᠤ ᠦᠭᠡᠢ ᠪᠠᠰᠠ ᠡᠷᠡᠰ ᠬᠠᠲᠠᠭᠤ ᠵᠠᠩ ᠰᠤᠷᠲᠠᠯ᠎ᠢ ᠪᠤᠢ ᠪᠣᠯᠭᠠᠵᠤ᠂ ᠪᠠᠭ᠍ᠰᠢ᠎ᠶ᠋ᠢᠨ ᠶᠡᠬᠡ ᠳᠡᠭᠡᠳᠦ ᠰᠤᠷᠭᠠᠭᠤᠯᠢ᠎ᠳᠤ ᠱᠢᠯᠭᠠᠨ ᠣᠷᠣᠵᠤ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ᠎ᠪᠠᠷ ᠵᠣᠷᠢᠭ ᠱᠢᠭᠤᠳᠤᠬᠰᠠᠨ ᠪᠠᠢᠯ᠎ᠠ ᠃
ᠪᠤᠭᠤᠲᠤ ᠬᠤᠳᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠡᠮᠡᠭ᠌ᠲᠡᠢ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠬᠢ ᠳᠥᠴᠢᠨ ᠲᠤᠯᠤᠭᠠᠨ ᠵᠢᠯ᠎ᠦᠨ ᠤᠯᠠᠮᠵᠢᠯᠠᠯ᠎ᠢᠶᠠᠷ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ 《ᠪᠦᠬᠦ᠌ ᠤᠯᠤᠰ᠎ᠤᠨ ᠬᠡᠪ ᠳᠠᠭᠤᠷᠢᠶᠠᠯ》 ᠢ᠋ ᠴᠣᠭ᠍ᠴᠠᠯᠠᠪᠠ᠃ 500 ᠭᠠᠷᠤᠶ ᠲᠠᠮᠢᠷᠴᠢᠨ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠵᠧᠵᠢᠶᠠᠩ ᠶᠡᠬᠡ ᠰᠤᠷᠭᠠᠭᠤᠯᠢ ᠵᠡᠷᠭᠡ ᠨᠢᠭᠡᠳᠦᠭᠡᠷ ᠲᠥᠷᠥᠯ᠎ᠦᠨ ᠶᠡᠬᠡ ᠳᠡᠭᠡᠳᠦ ᠰᠤᠷᠭᠠᠭᠤᠯᠢ᠎ᠳᠤ ᠱᠢᠯᠭᠠᠨ ᠣᠷᠣᠵᠤ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠳᠣᠯᠣᠳᠤᠭᠠᠷ᠎ᠲᠤ ᠣᠷᠣᠵᠠᠶ᠃ ᠶᠡᠷᠦᠩᠬᠡᠢ ᠳᠠᠰᠭᠠᠯᠵᠢᠭᠤᠯᠤᠭ᠍ᠴᠢ ᠬᠤᠤ ᠵᠧᠨ ᠱᠧᠩ 《ᠴᠢᠳᠠᠪᠤᠷᠢ᠎ᠳᠤᠨᠢ ᠲᠤᠬᠢᠷᠠᠭᠤᠯᠤᠨ ᠵᠢᠭᠠᠬᠤ》 ᠣᠢᠯᠠᠭᠠᠭ᠍ᠳᠠᠬᠤᠨ᠎ᠢ ᠪᠠᠷᠢᠮᠲᠠᠯᠠᠵᠤ᠂ ᠪᠡᠶ᠎ᠡ᠎ᠶ᠋ᠢᠨ ᠲᠠᠮᠢᠷ᠎ᠤᠨ ᠤᠷ᠎ᠠ ᠠᠪᠢᠶᠠᠰ ᠵᠢᠡᠷ ᠲᠤᠪᠤᠢ᠌ᠮ᠎ᠠ ᠬᠥᠮᠦᠰ᠎ᠢ ᠤᠷᠤᠯᠳᠤᠭᠠᠨ᠎ᠤ ᠬᠥᠭ᠌ᠵᠢᠯᠲᠡ᠎ᠪᠡᠷ ᠭᠣᠣᠯᠳᠠᠭᠤᠯᠵᠤ ᠂ ᠰᠣᠶᠣᠯ᠎ᠤᠨ ᠬᠢᠴᠢᠶᠡᠯ ᠱᠢᠯᠢᠳᠡᠭ ᠬᠥᠮᠦᠰ᠎ᠢ ᠭᠦᠨᠵᠡᠭᠡᠢ ᠰᠤᠷᠤᠯᠴᠠᠭᠤᠯᠤᠨ ᠳᠡᠭᠡᠭ᠌ᠰᠢᠯᠡᠭᠦᠯᠦᠭ᠌ᠰᠡᠨ ᠪᠠᠢᠨ᠎ᠠ᠃ ᠪᠥᠮᠪᠥᠭᠡᠨ ᠠᠩᠭᠢ ᠨᠢ ᠪᠤᠭᠤᠲᠤ ᠬᠤᠳᠠ᠎ᠳᠦ 10 ᠴᠢᠳᠠᠪᠤᠷᠢᠲᠠᠨ᠎ᠤ ᠭᠠᠵᠠᠷ᠎ᠢ ᠪᠠᠢᠷᠢᠯᠠᠭᠤᠯᠵᠤ ᠂ ᠣᠯᠠᠨ ᠪᠠᠭ᠎ᠠ ᠰᠤᠷᠭᠠᠭᠤᠯᠢ᠎ᠲᠠᠶ ᠬᠠᠮᠲᠤ᠎ᠪᠠᠷ ᠪᠡᠯᠡᠳᠭᠡᠯ ᠠᠩᠭᠢ ᠪᠠᠢᠭᠤᠯᠵᠤ᠂ 12 ᠲᠤᠰᠭᠠᠶ ᠲᠤᠱᠢᠶᠠᠯᠲᠤ ᠳᠠᠰᠭᠠᠯᠵᠢᠭᠤᠯᠤᠭ᠍ᠴᠢᠲᠤᠬᠢᠷᠠᠭᠤᠯᠤᠨ᠂ ᠡᠳᠡᠭᠡᠷ《ᠰᠤᠷᠤᠭ᠍ᠴᠢ ᠴᠡᠷᠢᠭ》 ᠤ᠋ᠳ ᠤᠷᠤᠯᠳᠤᠭᠠᠨ᠎ᠤ ᠲᠠᠯᠠᠪᠤᠷ᠎ᠲᠤ ᠲᠤᠰᠭᠠᠶ ᠮᠡᠷᠭᠡᠵᠢᠯ᠎ᠦᠨ ᠡᠩᠨᠡᠭᠡ᠎ᠲᠡᠶ ᠮᠥᠷᠥᠢᠴᠡᠵᠦ᠍ ᠴᠢᠳᠠᠬᠤ ᠮᠥᠷᠲᠡᠭᠡᠨ ᠪᠠᠰᠠ ᠬᠢᠴᠢᠶᠡᠯ ᠰᠤᠷᠤᠯᠭ᠎ᠠ᠎ᠶ᠋ᠢᠨ ᠲᠠᠯ᠎ᠠ ᠪᠡᠷ ᠯᠠᠪᠳᠠᠭᠤᠨ ᠪᠠᠳᠤᠳᠠᠢ ᠰᠠᠭᠤᠷᠢ ᠵᠢ ᠲᠠᠯᠪᠢᠵᠠᠢ᠃ ᠦᠬᠠᠨ᠎ᠠᠴᠠ ᠰᠤᠷᠭᠠᠭᠤᠯᠢ ᠱᠢᠯᠵᠢᠵᠦ᠍ ᠢᠷᠡᠭ᠌ᠰᠡᠨ ᠯᠢ ᠢ ᠶᠠᠩ ᠠᠯᠠᠭᠠᠳᠠᠬᠤ ᠪᠥᠮᠪᠥᠭᠡ᠎ᠶ᠋ᠢᠨ ᠪᠦᠯᠬᠦᠮ᠎ᠦᠨ ᠳᠣᠲᠣᠷ᠎ᠠ ᠢᠴᠢᠵᠦ᠍ ᠱᠢᠷᠪᠡᠭᠡᠲᠦᠵᠦ᠍ ᠦᠭᠡ ᠲᠠᠭᠤ ᠴᠥᠭᠡᠨ ᠪᠠᠢᠭ᠍ᠰᠠᠨ᠎ᠠᠴᠠ᠎ᠪᠡᠨ ᠪᠠᠶᠠᠷ ᠬᠥᠷ᠎ᠲᠡᠶ ᠪᠣᠯᠪᠠ;ᠥᠨᠳᠥᠷ ᠳᠤᠮᠳᠠᠳᠤ᠎ᠶ᠋ᠢᠨ ᠭᠤᠷᠪᠠᠳᠤᠭᠠᠷ ᠣᠨ᠎ᠤ ᠰᠤᠷᠤᠭ᠍ᠴᠢ ᠬᠠᠨ ᠢᠦᠶ ᠵᠧᠨ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠲᠠᠪᠳᠠᠭᠳᠠᠨ ᠪᠣᠯᠪᠠᠰᠤᠷᠠᠭ᠍ᠰᠠᠨ ᠪᠥᠭᠡᠳ ᠱᠢᠯᠢᠳᠡᠭ ᠰᠤᠷᠤᠯᠭ᠎ᠠ᠎ᠶ᠋ᠢᠨ ᠬᠢᠷᠢ ᠪᠦᠲᠦᠮᠵᠢ᠎ᠪᠡᠨ ᠪᠠᠲᠤᠯᠠᠵᠤ᠂ ᠴᠢᠩᠬᠤᠸᠠ ᠶᠡᠬᠡ ᠰᠤᠷᠭᠠᠭᠤᠯᠢ᠎ᠪᠠᠷ ᠬᠠᠷᠠᠯᠲᠠ ᠪᠣᠯᠭᠠᠨ ᠬᠦᠴᠦᠯᠡᠨ ᠱᠢᠪᠲᠤᠯᠤᠯᠲᠠ ᠬᠢᠵᠦ ᠪᠤᠢ᠃
ᠡᠭᠦᠨ ᠡᠴᠡ ᠭᠠᠳᠠᠨ᠎ᠠ᠂ ᠪᠤᠭᠤᠲᠤ ᠬᠤᠳᠠ ᠤᠷᠤᠯᠳᠤᠭᠠᠨᠤᠶᠠᠪᠤᠳᠠᠯᠤᠨ ᠱᠢᠰᠲ᠋ᠧᠮ ᠵᠢᠡᠷ ᠲᠠᠮᠵᠢᠭᠤᠯᠤᠨ ᠦᠰᠦᠨ ᠪᠣᠢᠵᠢᠬᠤ ᠲᠠᠪᠴᠠᠩ᠎ᠢ ᠪᠠᠢᠭᠤᠯᠪᠠ᠃ ᠪᠦᠬᠦ ᠣᠷᠣᠨ᠎ᠳᠤ ᠡᠩ ᠲᠡᠷᠢᠭᠦᠨ᠎ᠳᠦ ᠵᠠᠯᠠᠭᠤᠴᠤᠳ ᠪᠠᠭᠠᠴᠤᠳ᠎ᠤᠨ U ᠱᠢᠷᠢᠰ ᠤᠷᠤᠯᠳᠤᠭᠠᠨ᠎ᠢ ᠥᠷᠨᠢᠭᠦᠯᠵᠦ᠍᠂ 2024 ᠣᠨ᠎ᠳᠤ 11 ᠵᠦᠶ᠋ᠯ᠎ᠦᠨ ᠱᠠᠩᠨᠠᠯᠲᠤ ᠤᠷᠤᠯᠳᠤᠭᠠᠨ ᠵᠢᠴᠢ 5 ᠵᠦᠶ᠋ᠯ᠎ᠦᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠢ ᠡᠷᠭᠢᠯᠡᠵᠦ᠍ ᠂ ᠤᠷᠤᠯᠳᠤᠭᠠᠨ᠎ᠳᠤ ᠨᠡᠢᠲᠡ 5000 ᠭᠠᠷᠤᠶ ᠬᠥᠮᠦᠨ ᠤᠳᠠᠭ᠎ᠠ ᠣᠷᠣᠯᠴᠠᠵᠠᠶ; 2025 ᠣᠨ᠎ᠳᠤ ᠤᠷᠤᠯᠳᠤᠭᠠᠨ᠎ᠤ ᠵᠦᠶ᠋ᠯᠡᠰ᠎ᠦᠨ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠬᠦ᠌᠎ᠶ᠋ᠢᠨ ᠬᠠᠮᠲᠤ ᠭᠤᠴᠢᠨ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠶᠠᠫᠣᠨ ᠺᠣᠷᠢᠶᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠠᠷᠪᠠᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠣᠯᠠᠨ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠤᠯᠳᠤᠭᠠᠨ᠎ᠢ ᠢᠳᠡᠪᠬᠢᠲᠡᠶ ᠳᠠᠭᠠᠭᠠᠨ ᠡᠷᠭᠢᠯᠡᠪᠡ᠃ ᠤᠷᠤᠯᠳᠤᠭᠠᠨ᠎ᠢᠶᠠᠷ ᠵᠢᠭᠠᠨ ᠰᠤᠷᠭᠠᠯᠲᠠ᠎ᠶ᠋ᠢ ᠠᠬᠢᠭᠤᠯᠬᠤ ᠂ ᠤᠷᠤᠯᠳᠤᠭᠠᠨ᠎ᠢᠶᠠᠷ ᠪᠣᠯᠪᠠᠰᠤᠷᠠᠯ᠎ᠢ ᠣᠷᠣᠯᠠᠭᠤᠯᠬᠤ ᠠᠭᠤᠷ ᠠᠮᠢᠰᠭᠤᠯ᠎ᠤᠨ ᠳᠤᠮᠳᠠ ᠪᠤᠭᠤᠲᠤ ᠬᠤᠳᠠ᠎ᠶ᠋ᠢᠨ ᠪᠠᠭᠠᠴᠤᠳ ᠤᠷᠤᠯᠳᠤᠭᠠᠨ᠎ᠤ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠬᠠᠷᠠᠭ᠎ᠠ᠎ᠪᠠᠨ ᠥᠷᠭᠡᠳᠭᠡᠪᠡ ᠃
ᠲᠤᠨᠤᠬ ᠲᠥᠬᠥᠭᠡᠷᠦᠮᠵᠢ ᠪᠣᠯᠤᠨ ᠵᠠᠷᠤᠳᠠᠯ᠎ᠤᠨ ᠪᠠᠲᠤᠯᠠᠭ᠎ᠠ ᠨᠢ ᠪᠠᠰᠠ ᠴᠸ᠋ ᠪᠤᠭᠤᠲᠤ ᠬᠤᠳᠠ ᠵᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠬᠦᠨᠵᠡᠭᠡᠢᠷᠡᠬᠦᠯᠦᠨ ᠠᠬᠢᠭᠤᠯᠬᠤ ᠳ᠋ᠤ ᠬᠥᠳᠡᠯᠭᠡᠬᠦ᠌ ᠡᠨᠧᠷᠭᠢ ᠨᠡᠮᠡᠷᠢᠯᠡᠪᠡ᠃ ᠪᠤᠭᠤᠲᠤ ᠬᠤᠳᠠ ᠵᠢᠨ ᠨᠢᠭᠡᠳᠦᠭᠡᠷ ᠲᠤᠮᠳᠠᠳᠤ ᠰᠤᠷᠭᠠᠭᠤᠯᠢ ᠵᠢᠨ ᠠᠯᠠᠭᠠᠳᠠᠬᠤ ᠪᠥᠮᠪᠥᠭᠡ᠎ᠶ᠋ᠢᠨ ᠣᠷᠳᠣᠨ᠎ᠳᠤ 6 ᠬᠡᠰᠡᠭ ᠪᠠᠷᠢᠮᠵᠢᠶᠠᠲᠤ ᠠᠯᠠᠭᠠᠳᠠᠬᠤ ᠪᠥᠮᠪᠥᠭᠡ᠎ᠶ᠋ᠢᠨ ᠲᠠᠯᠠᠪᠤᠷ ᠭᠠᠷᠭᠠᠵᠤ᠂ ᠪᠤᠭᠤᠲᠤ ᠬᠤᠳᠠ ᠵᠢᠨ ᠭᠤᠷᠪᠠᠳᠤᠭᠠᠷ ᠲᠤᠮᠳᠠᠳᠤ ᠰᠤᠷᠭᠠᠭᠤᠯᠢ ᠵᠢᠨ ᠰᠠᠭ᠍ᠰᠤᠨ ᠪᠥᠮᠪᠥᠭᠡ᠎ᠶ᠋ᠢᠨ ᠣᠷᠳᠣᠨ ᠨᠢ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ᠎ᠤ ᠲᠡᠰ᠎ᠤᠨ ᠱᠠᠯᠠᠲᠡᠪᠢᠰᠴᠦ᠍᠂ ᠪᠤᠭᠤᠲᠤ ᠬᠤᠳᠠ ᠵᠢᠨ ᠵᠢᠷᠭᠤᠳᠤᠭᠠᠷ ᠲᠤᠮᠳᠠᠳᠤ ᠰᠤᠷᠭᠠᠭᠤᠯᠢ ᠲᠤᠰᠭᠠᠢ ᠮᠡᠷᠭᠡᠵᠢᠯ᠎ᠦᠨ ᠳ᠋ᠧᠩ᠎ᠦᠨ ᠭᠡᠷᠡᠯ᠎ᠦᠨ ᠪᠥᠮᠪᠥᠭᠡᠨ ᠲᠠᠯᠠᠪᠠᠢ ᠲᠣᠬᠢᠷᠠᠭᠤᠯᠵᠤ ᠰᠥᠨᠢ᠎ᠶ᠋ᠢᠨ ᠪᠣᠯᠪᠠᠰᠤᠷᠠᠯ᠎ᠢ ᠪᠠᠲᠤᠯᠠᠨ᠎ᠠ᠃ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠵᠢᠯ ᠪᠦᠷᠢ ᠪᠡᠶ᠎ᠡ᠎ᠶ᠋ᠢᠨ ᠲᠠᠮᠢᠷ᠎ᠤᠨ ᠠᠵᠢᠯ᠎ᠢ ᠳᠣᠪᠣᠢᠯᠭᠠᠵᠤ ᠪᠠᠢᠭ᠎ᠠ ᠰᠤᠷᠭᠠᠭᠤᠯᠢ᠎ᠳᠤ ᠲᠤᠰᠭᠠᠶ ᠵᠠᠷᠤᠳᠠᠯ᠎ᠤᠨ ᠳᠡᠮᠵᠢᠯᠭᠡ ᠦᠵᠡᠭᠦᠯᠵᠦ᠍᠂ ᠬᠠᠲᠠᠭᠤ ᠲᠣᠨᠣᠭ ᠲᠥᠬᠥᠭᠡᠷᠦᠮᠵᠢ ᠪᠠ ᠨᠠᠷᠢᠯᠢᠭ ᠣᠨᠣᠪᠴᠢᠲᠠᠶ ᠵᠠᠷᠤᠳᠠᠯ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠱᠠᠲᠤᠯᠢᠭ ᠡᠩᠨᠡᠭᠡ᠎ᠶ᠋ᠢᠨ ᠪᠠᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠪᠡ᠃
ᠣᠳᠣᠬᠠᠨ᠎ᠳᠤ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠭᠦᠨ ᠳᠠᠪᠬᠤᠷᠭ᠎ᠠ᠎ᠶ᠋ᠢᠨ ᠦᠨ᠎ᠡ ᠥᠷᠲᠡᠭ ᠨᠢ ᠨᠢᠭᠡᠨᠲᠡ ᠤᠷᠤᠯᠳᠤᠭᠠᠨ᠎ᠤ ᠬᠢᠷᠢ ᠪᠦᠲᠦᠮᠵᠢ ᠪᠠ ᠰᠤᠷᠭᠠᠭᠤᠯᠢ ᠳᠡᠪᠱᠢᠬᠦ᠌ ᠭᠦᠶ᠋ᠴᠡᠳᠭᠡᠯ ᠲᠣᠭ᠎ᠠ᠎ᠠᠴᠠ ᠳᠠᠪᠠᠵᠤ᠂ 《 ᠪᠡᠶ᠎ᠡ᠎ᠶ᠋ᠢᠨ ᠲᠠᠮᠢᠷ ᠪᠠ ᠬᠢᠴᠢᠶᠡᠯ ᠰᠤᠷᠤᠯᠭ᠎ᠠ᠎ᠶ᠋ᠢᠨ ᠬᠣᠶᠠᠷ᠎ᠠᠴᠠ ᠨᠢᠭᠡ᠎ᠶ᠋ᠢ ᠰᠣᠩᠭᠣᠬᠤ》 ᠬᠦᠴᠢᠷᠳᠡᠯ᠎ᠢ ᠱᠢᠶ᠋ᠳᠪᠦᠷᠢᠯᠡᠵᠦ᠍᠂ ᠪᠥᠬᠥ᠌ ᠲᠠᠯ᠎ᠠ᠎ᠪᠠᠷ ᠬᠥᠭ᠌ᠵᠢᠭ᠌ᠰᠡᠨ ᠴᠢᠳᠠᠪᠤᠷᠢᠲᠠᠨ᠎ᠢ ᠬᠥᠮᠦᠵᠢᠭᠦᠯᠬᠦ᠌ ᠠᠮᠢᠳᠤᠯᠢᠭ ᠦᠶ᠋ᠯᠡᠳᠦᠯᠭᠡ ᠪᠣᠯᠵᠠᠶ ᠃
ᠰᠤᠷᠪᠤᠯᠵᠢᠯᠠᠬᠰᠠᠨᠤ ᠲᠠᠷᠠᠭ᠎ᠠ᠄
ᠪᠤᠭᠤᠲᠤ ᠬᠣᠲᠠ ᠲᠥᠷᠥ᠎ᠶ᠋ᠢᠨ ᠪᠣᠳᠣᠯᠭ᠎ᠠ᠎ᠪᠠᠷ ᠬᠥᠲᠥᠯᠦᠨ ᠵᠢᠯᠣᠭᠣᠳᠭᠤ᠂ ᠤᠷᠤᠯᠳᠤᠭᠠᠨ ᠶᠠᠪᠤᠭᠤᠯᠬᠤ᠂ ᠡᠬᠢ ᠪᠠᠶᠠᠯᠢᠭ᠎ᠢ ᠨᠡᠢᠳᠭᠡᠬᠦ ᠪᠡᠷ ᠳᠠᠮᠵᠢᠭᠤᠯᠤᠨ᠂ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠦᠰᠦᠨ ᠪᠣᠢᠵᠢᠬᠤ ᠵᠠᠮ᠎ᠢ ᠨᠡᠭᠡᠭᠡᠭ᠌ᠰᠡᠨ᠎ᠢᠶᠡᠷ ᠪᠠᠷᠠᠬᠤ ᠥᠬᠡᠶ ᠂ ᠨᠠᠩ ᠴᠤ᠌ ᠪᠡᠶ᠎ᠡ᠎ᠶ᠋ᠢᠨ ᠲᠠᠮᠢᠷ᠎ᠢ ᠵᠠᠯᠠᠭᠤᠴᠤᠳ ᠪᠠᠭᠠᠴᠤᠳ᠎ᠤᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠯᠬᠢᠴᠡ ᠬᠦᠴᠦᠨ ᠪᠣᠯᠭᠠᠭ᠍ᠰᠠᠨ ᠪᠠᠢᠨ᠎ᠠ᠃ ᠡᠨᠳᠡ ᠪᠡᠶ᠎ᠡ᠎ᠶ᠋ᠢᠨ ᠲᠠᠮᠢᠷ ᠨᠢ ᠰᠤᠷᠤᠯᠭ᠎ᠠ᠎ᠶ᠋ᠢᠨ ᠳᠠᠷᠤᠭᠠᠰᠤ ᠪᠢᠰᠢ ᠂ ᠬᠠᠷᠢᠨ ᠰᠣᠶᠣᠯ᠎ᠤᠨ ᠬᠢᠴᠢᠶᠡᠯ᠎ᠲᠡᠶ ᠬᠠᠷᠢᠯᠴᠠᠨ ᠨᠥᠬᠥᠴᠡᠯᠳᠦᠵᠦ᠍ ᠂ ᠬᠠᠮᠲᠤ᠎ᠪᠠᠷ ᠠᠬᠢᠭᠤᠯᠬᠤ ᠬᠦᠴᠦᠨ ᠪᠣᠯᠵᠦ ᠪᠤᠢ᠃ ᠪᠤᠭᠤᠲᠤ᠎ᠶ᠋ᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠲᠤᠬᠠᠢ ᠰᠦᠪᠡᠭ᠌ᠴᠢᠯᠡᠯ ᠨᠢ ᠲᠤᠬᠠᠢ᠎ᠶ᠋ᠢᠨ ᠭᠠᠵᠠᠷ᠎ᠤᠨ ᠵᠠᠯᠠᠭᠤᠴᠤᠳ ᠪᠠᠭᠠᠴᠤᠳ᠎ᠲᠤ ᠨᠡᠩ ᠥᠷᠭᠡᠨ ᠠᠭᠤᠳᠠᠮ ᠬᠥᠭ᠌ᠵᠢᠯᠲᠡ᠎ᠶ᠋ᠢᠨ ᠣᠷᠣᠨ ᠵᠠᠢ ᠬᠠᠩᠭᠠᠭ᠍ᠰᠠᠨ᠎ᠢᠶᠠᠷ ᠪᠠᠷᠠᠬᠤ ᠦᠭᠡᠢ᠂ ᠪᠠᠰᠠ ᠪᠦᠬᠦ᠌ ᠤᠯᠤᠰ᠎ᠲᠤ ᠲᠤᠯᠢ ᠪᠣᠯᠭᠠᠵᠤ ᠪᠣᠯᠬᠤᠢᠴᠠ ᠲᠤᠷᠱᠢᠯᠭ᠎ᠠ ᠬᠠᠩᠭᠠᠪᠠ᠃ ᠪᠡᠶ᠎ᠡ ᠵᠢᠨ ᠲᠠᠮᠢᠷ᠂ ᠰᠤᠷᠭᠠᠨ ᠬᠦᠮᠦᠵᠢᠯ ᠬᠣᠣᠰ ᠴᠢᠭ᠌ᠯᠡᠯ᠎ᠢᠶᠡᠷ ᠵᠡᠷᠭᠡ ᠪᠡᠷ ᠤᠷᠤᠭ᠍ᠰᠢᠯᠠᠬᠤ ᠵᠠᠯᠠᠭᠤ ᠨᠠᠰᠤ ᠬᠠᠮᠤᠭ᠎ᠤᠨ ᠢᠳᠡ ᠬᠦᠴᠦᠨ᠎ᠲᠡᠶ ᠪᠠᠢᠵᠤ᠂ ᠬᠠᠮᠤᠭ ᠤᠨ ᠬᠤᠯᠠ ᠠᠶᠠᠯᠠᠵᠤ ᠴᠢᠳᠠᠨ᠎ᠠ᠃