ᠤᠶᠤᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠠᠪᠴᠠᠩ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ
2026-03-30 10:28:41
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠷᠢᠨ ᠬᠠᠪᠤᠷ ᠰᠠᠭᠠᠳᠠᠬᠤ ᠪᠡᠷ ᠦᠪᠦᠷ ᠮᠤᠩᠭᠤᠯ᠎ᠤᠨ ᠡᠭᠡ ᠭᠠᠵᠠᠷ ᠲᠸ᠋ ᠪᠡᠶ᠎ᠡ ᠴᠢᠬᠢᠷᠠᠭᠵᠢᠭᠤᠯᠬᠤ ᠬᠠᠯᠠᠮᠰᠢᠯ ᠪᠤᠯᠤᠨ᠎ᠠ᠃ ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠪᠡᠶ᠎ᠡ᠎ᠶ᠋ᠢᠨ ᠲᠠᠮᠢᠷ᠎ᠤᠨ ᠶᠡᠷᠦᠩᠬᠡᠶ ᠡᠪᠯᠡᠯ᠎ᠡᠴᠡ ᠭᠤᠤᠯᠯᠠᠨ ᠡᠷᠭᠢᠯᠡᠭᠰᠡᠨ 《ᠤᠶᠤᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠠᠪᠴᠠᠩ᠎ᠶ᠋ᠢᠡᠷ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠳ᠋ᠤ ᠬᠦᠴᠦᠨ ᠨᠡᠮᠡᠷᠢᠯᠡᠬᠦ》 ᠪᠡᠶ᠎ᠡ ᠴᠢᠭᠢᠷᠠᠭ᠍ᠵᠢᠭᠤᠯᠤᠯᠳᠠ ᠵᠢ ᠵᠢᠯᠣᠭᠣᠳᠭᠤ ᠠᠵᠢᠯᠯᠠᠭ᠎ᠠ ᠪᠥᠬᠥ᠌ ᠣᠷᠣᠨ᠎ᠳᠤ ᠦᠷᠨᠢᠵᠦ ᠡᠬᠢᠯᠡᠪᠡ᠃

ᠤᠶᠤᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠠᠪᠴᠠᠩ᠎ᠢ ᠠᠰᠢᠬᠯᠠᠯᠳᠠ ᠳ᠋ᠤ ᠤᠷᠤᠭᠤᠯᠤᠭᠰᠠᠨ ᠡᠴᠡ ᠥᠲᠥᠨ ᠪᠥᠮᠪᠥᠭᠡ᠂ ᠵᠡᠭᠡᠯᠢ᠎ᠶ᠋ᠢᠨ ᠪᠥᠵᠢᠭ᠂ ᠨᠡᠷᠡᠭᠦᠶ ᠨᠢᠳᠤᠷᠭ᠎ᠠ᠂ ᠪᠡᠶ᠎ᠡ ᠴᠢᠭᠢᠷᠠᠭ᠍ᠵᠢᠭᠤᠯᠬᠤ ᠪᠥᠵᠢᠭ ᠵᠡᠷᠭᠡ ᠵᠠᠯᠠᠭᠤᠴᠤᠳ ᠪᠠᠭᠠᠴᠤᠳ ᠨᠠᠰᠤᠲᠠᠢᠴᠤᠳ ᠪᠦᠬᠦ ᠨᠠᠰᠤᠨ᠎ᠤ ᠬᠦᠮᠦᠰ᠎ᠤᠨ ᠬᠡᠷᠡᠭᠴᠡᠭᠡ᠎ᠵᠢ ᠬᠠᠮᠤᠷᠤᠭᠰᠠᠨ ᠪᠡᠶ᠎ᠡ᠎ᠶᠢᠨ ᠲᠠᠮᠢᠷ᠎ᠤᠨ ᠬᠦᠳᠡᠯᠭᠡᠭᠡᠨ ᠎ᠢ  ᠬᠦᠮᠦᠰ 《ᠵᠠᠬᠢᠶᠠᠯᠠᠭ᠎ᠠ᠎ᠶ᠋ᠢᠨ ᠮᠠᠶᠢᠭ》 ᠵᠢᠡᠷ ᠰᠤᠩᠭᠤᠵᠤ ᠪᠤᠯᠳᠠᠭ ᠪᠤᠯᠪᠠ᠃ ᠤᠶᠤᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠠᠪᠴᠠᠩ ᠨᠢ 《ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠠᠮᠢᠳᠤᠷᠠᠯ᠎ᠳᠤ ᠠᠭᠤᠰᠭᠠᠵᠤ᠂ ᠦᠶ᠋ᠯᠡᠴᠢᠯᠡᠭᠡ᠎ᠶ᠋ᠢ ᠳᠡᠷᠭᠡᠳᠡ ᠨᠢ ᠬᠦᠷᠭᠡᠬᠦ᠌》 ᠎ᠶ᠋ᠢ ᠦᠨᠡᠨ ᠬᠦ᠌ ᠪᠡᠶᠡᠯᠡᠭᠦᠯᠪᠡ᠃ ᠲᠤᠰ ᠲᠠᠪᠴᠠᠨᠭ᠌ ᠨᠢ ᠨᠢᠭᠡᠨᠲᠡ ᠳᠠᠨᠭᠰᠠᠯᠠᠭᠤᠯᠤᠭᠰᠠᠨ700 ᠭᠠᠷᠤᠶ ᠪᠡᠶ᠎ᠡ ᠴᠢᠭᠢᠷᠠᠭ᠍ᠵᠢᠭᠤᠯᠬᠤ ᠵᠢᠯᠣᠭᠣᠳᠭᠤ ᠥᠷᠲᠡᠭᠡ᠎ᠳᠦ ᠲᠦᠱᠢᠭ᠌ᠯᠡᠨ᠂ ᠥᠷᠲᠡᠭᠡ ᠴᠡᠭ᠎ᠢ ᠢᠳᠡᠪᠬᠢᠲᠡᠶ᠎ᠪᠡᠷ ᠬᠥᠲᠥᠯᠦᠨ ᠵᠢᠯᠣᠭᠣᠳᠭᠤ᠎ᠶ᠋ᠢᠨ ᠬᠠᠮᠲᠤ ᠦᠨᠳᠦᠰᠦᠨ ᠱᠠᠲᠤᠨ᠎ᠤ ᠪᠡᠶ᠎ᠡ ᠴᠢᠭᠢᠷᠠᠭ᠍ᠵᠢᠭᠤᠯᠬᠤ ᠪᠦᠯᠬᠦᠮ ᠨᠡᠢᠲᠡ᠎ᠳᠦ ᠲᠤᠰᠭᠠᠶ ᠮᠡᠷᠭᠡᠵᠢᠯ᠎ᠦᠨ ᠵᠢᠯᠣᠭᠣᠳᠣᠯᠭ᠎ᠠ ᠬᠠᠩᠭᠠᠵᠤ᠂ ᠪᠡᠶ᠎ᠡ ᠴᠢᠭᠢᠷᠠᠭ᠍ᠵᠢᠭᠤᠯᠬᠤ ᠪᠦᠯᠬᠦᠮ ᠨᠡᠢᠲᠡ᠎ᠶ᠋ᠢᠨ ᠵᠣᠬᠢᠶᠠᠨ ᠪᠠᠢᠭᠤᠯᠤᠯᠲᠠ᠂ ᠬᠦᠳᠡᠯᠭᠡᠭᠡᠨ᠎ᠤ ᠲᠡᠮᠳᠡᠭ᠌ᠯᠡᠯ ᠬᠢᠭᠡᠳ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠪᠡᠶ᠎ᠡ᠎ᠶᠢᠨ ᠲᠠᠮᠢᠷ᠎ᠤᠨ ᠵᠢᠯᠤᠭᠤᠳᠤᠭᠴᠢ᠎ᠶ᠋ᠢᠨ ᠬᠦᠴᠦᠨ᠎ᠢ ᠨᠡᠢᠳᠭᠡᠨ ᠱᠢᠯᠢᠳᠡᠭ᠌ᠵᠢᠭᠦᠯᠪᠡ᠃

ᠤᠶᠤᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠠᠪᠴᠠᠩ᠎ᠤᠨ ᠠᠰᠢᠭᠯᠠᠯᠲᠠ᠎ᠳᠦ ᠤᠷᠤᠭᠰᠠᠨ ᠨᠢ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ  ᠬᠢᠨ᠎ᠤ ᠠᠵᠢᠯ ᠲᠥᠷᠥᠯ᠎ᠦᠨ ᠬᠥᠲᠥᠯᠥᠨ ᠳᠠᠭᠠᠭᠤᠯᠬᠤ ᠦᠶ᠋ᠯᠡᠳᠦᠯ᠎ᠢᠶᠡᠨ ᠪᠠᠳᠠᠷᠠᠭᠤᠯᠬᠤ᠂ ᠦᠨᠳᠦᠰᠦᠨ ᠱᠠᠲᠤᠨ᠎ᠤ ᠪᠡᠶ᠎ᠡ᠎ᠶ᠋ᠢᠨ ᠲᠠᠮᠢᠷ᠎ᠤᠨ ᠵᠣᠬᠢᠶᠠᠨ ᠪᠠᠢᠭᠤᠯᠤᠯᠲᠠ᠎ᠶ᠋ᠢ ᠬᠦᠴᠦᠷᠭᠡᠭᠵᠢᠬᠦᠯᠬᠦ ᠠᠮᠢᠳᠤᠯᠢᠭ ᠦᠶ᠋ᠯᠡᠳᠦᠯᠭᠡ ᠪᠠᠢᠵᠤ᠂ ᠨᠠᠩ ᠥᠨᠳᠥᠷ ᠬᠢᠷᠢ ᠲᠦᠪᠱᠢᠨ ᠪᠥᠬᠥᠶ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠬᠤ ᠳᠤᠮᠳᠠᠬᠢ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠢᠳᠡᠪᠬᠢ ᠦᠶ᠋ᠯᠡᠳᠦᠯ᠎ᠢ ᠭᠦᠶ᠋ᠴᠡᠳ ᠢᠯᠡᠷᠡᠭᠦᠯᠦᠭ᠌ᠰᠡᠨ ᠪᠥᠭᠡᠳ ᠪᠠᠰᠠ 《ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠬᠠᠮᠲᠤ᠎ᠪᠠᠷ ᠡᠳ᠋ᠯᠡᠬᠦ᠌》 ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠢᠯᠠᠭᠠᠭ᠍ᠳᠠᠬᠤᠨ᠎ᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号