— ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠡᠴᠢ ᠵᠠᠩ ᠪᠢᠩ ᠢ ᠵᠢ ᠨᠡᠬᠡᠮᠵᠢᠯᠡᠨ ᠲᠡᠮᠳᠡᠭ᠌ᠯᠡᠪᠡ
《ᠲᠡᠷᠡ ᠬᠡᠳᠦᠢᠪᠡᠷ ᠪᠢᠳᠡᠨ᠎ᠡᠴᠡ ᠰᠠᠯᠤᠭᠠᠳ ᠬᠣᠶᠠᠷ ᠵᠢᠯ ᠭᠠᠷᠤᠢ ᠪᠣᠯᠤᠭ᠍ᠰᠠᠨ ᠪᠣᠯᠪᠠᠴᠤ᠌ ᠲᠡᠭᠦᠨ᠎ᠦ ᠴᠢᠷᠠᠢ ᠳ᠋ᠡᠬᠢ ᠢᠨᠢᠶᠡᠮᠰᠦᠭ᠌ᠯᠡᠯ ᠨᠢ ᠨᠢᠳᠦᠨ ᠡᠮᠦᠨ᠎ᠡ ᠬᠠᠷᠠᠬᠳᠠᠬᠤ ᠰᠢᠤᠬᠠᠨ ᠰᠠᠨᠠᠬᠳᠠᠭᠤᠯᠵᠦ᠂ ᠬᠠᠮᠲᠤ ᠳ᠋ᠠᠭᠠᠨ ᠲᠡᠮᠡᠴᠡᠵᠦ᠍ ᠶᠠᠪᠤᠬᠰᠠᠨ ᠡᠳᠦᠷ ᠬᠣᠨᠣᠭ᠎ᠤᠳ ᠰᠡᠳᠬᠢᠯ᠎ᠳᠤ ᠪᠤᠳᠤᠬᠳᠠᠨ᠎ᠠ》 ᠭᠡᠵᠦ᠍ 3 ᠰᠠᠷ᠎ᠠ᠎ᠶ᠋ᠢᠨ 27᠎ᠤ᠋ ᠡᠳᠦᠷ ᠵᠡᠭᠦᠨ ᠦᠵᠦᠮᠦᠴᠢᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠶᠡᠬᠡ ᠠᠩᠭᠢ᠎ᠶ᠋ᠢᠨ ᠪᠦᠦ ᠱ᠌ᠢ ᠵᠢᠶᠧ ᠬᠤᠭᠤᠯᠠᠢ ᠨᠢ ᠡᠷᠢᠶᠡᠨᠳᠤᠨ ᠬᠡᠯᠡᠨ᠎ᠠ᠃
ᠲᠡᠭᠦᠨ᠎ᠦ ᠬᠡᠯᠡᠭ᠌ᠰᠡᠨ 《ᠲᠡᠷᠡ》 ᠭᠡᠳᠡᠭ ᠨᠢ ᠶᠠᠭ ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠡᠴᠢ᠂ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠠᠷᠠᠳ᠎ᠤᠨ ᠴᠠᠭ᠍ᠳᠠᠭ᠎ᠠ ᠵᠠᠩ ᠪᠢᠩ ᠢ ᠪᠣᠯᠤᠨ᠎ᠠ᠃
2024 ᠣᠨ᠎ᠤ 1 ᠰᠠᠷ᠎ᠠ᠎ᠶ᠋ᠢᠨ 13 ᠤ᠋ ᠡᠳᠦᠷ᠂ ᠵᠠᠩ ᠪᠢᠩ ᠢ ᠲᠤᠢᠯ᠎ᠤᠨ ᠶᠡᠬᠡ ᠴᠠᠰᠤ ᠱᠢᠭᠤᠷᠭᠠᠨ᠎ᠳᠤ ᠤᠯᠠᠨ ᠲᠦᠮᠡᠨ᠎ᠦ ᠠᠮᠤᠷ ᠲᠦᠪᠱᠢᠨ᠎ᠢ ᠬᠠᠮᠠᠭᠠᠯᠠᠬᠤ᠎ᠶ᠋ᠢᠨ ᠲᠥᠯᠥᠭᠡ ᠡᠭᠦᠷᠭᠡ ᠭᠦᠢᠴᠡᠳᠭᠡᠬᠦ᠌ ᠡᠮᠦᠨ᠎ᠡ ᠹᠷᠣᠨᠲ᠎ᠲᠤ ᠪᠡᠶ᠎ᠡ ᠦᠷᠡᠭᠳᠡᠪᠡ᠃ ᠦᠩᠭᠡᠷᠡᠨ ᠤᠳᠤᠬᠰᠠᠨ ᠬᠣᠶᠠᠷ ᠵᠢᠯ ᠭᠠᠷᠤᠢ᠎ᠵᠢᠨ ᠴᠠᠭ ᠬᠤᠭᠤᠴᠠᠭ᠎ᠠ᠎ᠳᠤ ᠲᠠᠢ᠌ᠴᠢᠨ ᠨᠥᠬᠥᠳ ᠨᠢ ᠲᠡᠬᠦᠨ᠎ᠢ ᠲᠤᠷᠠᠰᠤᠨ ᠰᠠᠨᠠᠭᠠᠯᠵᠠᠬᠰᠠᠭᠠᠷ ᠢᠷᠡᠪᠡ᠃ ᠪᠦᠦ ᠱ᠌ᠢ ᠵᠢᠶ᠍ᠸ ᠴᠠᠭ᠍ᠳᠠᠭ᠎ᠠ᠎ᠵᠢᠨ ᠠᠵᠢᠯᠠᠯᠪᠠ ᠪᠠᠨ ᠬᠦᠢᠴᠡᠳᠭᠡᠵᠦ ᠪᠠᠢᠭ᠎ᠠ ᠦᠶᠡᠰ ᠵᠠᠩ ᠪᠢᠩ ᠢᠲᠡᠶ ᠬᠠᠮᠳᠦ ᠮᠥᠷᠥ᠍ ᠵᠡᠷᠭᠡᠴᠡᠨ ᠪᠠᠢᠯᠳᠤᠵᠤ ᠪᠠᠢᠭ᠍ᠰᠠᠨ ᠬᠡᠰᠡᠭ ᠪᠦᠯᠦᠭ ᠤᠴᠠᠷᠠᠯ᠎ᠢᠶᠡᠨ ᠰᠡᠤᠨᠬᠢᠯᠬᠡ ᠬᠦᠨ ᠡᠷᠭᠢᠴᠡᠭᠦᠯᠦᠨ᠎ᠡ᠃ 《ᠲᠡᠷᠡ ᠪᠣᠯ ᠬᠠᠷᠢᠭᠤᠴᠠᠯᠭ᠎ᠠ᠎ᠵᠢ ᠶᠠᠭᠤᠨ ᠡᠴᠡ ᠴᠸ᠋ ᠬᠦᠨᠳᠦ ᠪᠡᠷ ᠦᠵᠡᠳᠡᠭ ᠠᠷᠠᠳ᠎ᠤᠨ ᠴᠠᠭ᠍ᠳᠠᠭ᠎ᠠ ᠪᠤᠯᠬᠤ ᠶᠤᠮ᠃ ᠵᠠᠩ ᠪᠢᠩ ᠢ ᠠᠮᠢᠳᠤ ᠰᠡᠷᠡᠭᠦᠨ ᠪᠠᠢᠬᠤ᠎ᠳᠠᠭᠠᠨ ᠠᠵᠢᠯ ᠠᠯᠪᠠ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠳᠦ ᠦᠨᠡᠨᠴᠢ ᠱᠢᠳᠤᠷᠭᠤ ᠪᠠᠢᠵᠤ᠂ ᠳᠠᠢᠴᠢᠨ ᠨᠥᠬᠥᠳ᠎ᠢᠶᠡᠨ ᠬᠠᠷᠠᠭᠠᠯᠵᠠᠵᠤ᠂ ᠳᠡᠷᠭᠡᠳᠡᠬᠢ ᠬᠥᠮᠦᠨ ᠨᠢᠭᠡᠪᠦᠷᠢ᠎ᠶ᠋ᠢ ᠭᠦᠨ ᠨᠥᠯᠥᠭᠡᠯᠡᠭᠰᠡᠨ ᠶᠤᠮ》 ᠬᠡᠵᠦ ᠪᠦᠦ ᠱ᠌ᠢ ᠵᠢᠶᠧ ᠬᠡᠯᠡᠨ᠎ᠠ᠃
ᠲᠤᠬᠠᠢ᠎ᠶᠢᠨ ᠡᠳᠦᠷ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠲᠤ ᠳᠤᠬᠰᠢᠨ ᠱᠢᠭᠤᠷᠭ᠎ᠠ ᠳᠡᠭ᠌ᠳᠡᠪᠡ᠃ ᠡᠨᠡ ᠡᠳᠦᠷ ᠨᠢ ᠵᠡᠭᠦᠨ ᠦᠵᠦᠮᠦᠴᠢᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠵᠢᠭᠠᠨ ᠵᠢᠯᠤᠭᠤᠳᠤᠭ᠍ᠴᠢ ᠵᠠᠩ ᠪᠢᠩ ᠢᠵᠢᠨ ᠣᠯᠳᠠᠰᠢ ᠦᠭᠡᠢ ᠠᠮᠠᠷᠠᠯᠲᠠ᠎ᠶ᠋ᠢᠨ ᠡᠳᠦᠷ ᠲᠤᠬᠢᠶᠠᠵᠠᠢ᠃ ᠲᠡᠷᠡ ᠬᠦᠨᠳᠦ ᠬᠢᠮᠤᠷᠠᠭ᠎ᠠ᠎ᠳᠤ ᠨᠡᠷᠪᠡᠭ᠌ᠳᠡᠭ᠌ᠰᠡᠨ ᠬᠡᠦᠬᠡᠨ᠎ᠳᠡᠭᠡᠨ ᠬᠠᠨᠢ ᠪᠣᠯᠵᠤ᠂ ᠬᠡᠮ ᠭᠠᠷᠤᠬᠰᠠᠨ ᠳᠤᠯᠠᠭᠠᠯᠠᠮᠵᠢ ᠵᠢᠨ ᠲᠦᠭᠦᠭᠡᠷᠦᠮᠵᠢ ᠪᠠᠨ ᠴᠸ᠋ ᠲᠦᠷᠭᠡᠨ ᠱᠢᠢᠳᠪᠦᠷᠢᠯᠡᠬᠦ᠌ ᠴᠢᠬᠤᠯᠠᠲᠠᠢ ᠪᠠᠢᠪᠠ᠃ ᠭᠡᠲᠡᠯ᠎ᠡ᠂ ᠵᠢᠷᠬᠢᠶ᠎ᠡ ᠵᠢᠨ ᠠᠵᠢᠯ᠎ᠤᠨ ᠴᠤᠬᠯᠠᠷᠠᠯᠳ᠋ᠡᠭᠢ 《ᠴᠠᠭ ᠠᠭᠤᠷ ᠮᠠᠭᠤ ᠤᠴᠢᠷ ᠡᠴᠡ ᠪᠥᠬᠥ᠌ ᠬᠥᠮᠦᠰ ᠵᠠᠮ ᠳᠡᠭᠡᠷ᠎ᠡ ᠲᠣᠭᠣᠷᠢᠨ ᠴᠠᠭ᠍ᠳᠠᠬᠤ ᠬᠡᠷᠡᠭᠲᠡᠢ》 ᠬᠡᠬᠦ ᠮᠡᠳᠡᠭ᠌ᠳᠡᠯ ᠨᠢ ᠲᠡᠭᠦᠨ᠎ᠳᠦ ᠰᠣᠩᠭᠣᠯᠲᠠ ᠬᠢᠵᠦ ᠪᠣᠯᠬᠤ ᠵᠠᠷᠯᠢᠭ ᠪᠢᠰᠢ᠂ ᠬᠠᠷᠢᠨ ᠨᠢᠭᠡ ᠵᠦᠶ᠋ᠯ᠎ᠦᠨ ᠵᠠᠪᠠᠯ ᠬᠦᠢᠴᠡᠳᠭᠡᠬᠦ ᠡᠭᠦᠷᠭᠡ ᠬᠠᠷᠢᠭᠤᠴᠠᠯᠭ᠎ᠠ ᠪᠣᠯᠵᠠᠢ᠃
《ᠪᠠᠢᠭᠤᠯᠭ᠎ᠠ᠎ᠶ᠋ᠢᠨ ᠤᠴᠢᠷ ᠴᠢᠬᠤᠯᠠ᠂ ᠳᠤᠯᠠᠭᠠᠯᠠᠮᠵᠢ᠎ᠶ᠋ᠢᠨ ᠤᠴᠢᠷ᠎ᠢ ᠪᠢ ᠴᠠᠭ᠍ᠳᠠᠨ ᠲᠣᠭᠣᠷᠢᠵᠤ ᠢᠷᠡᠬᠡᠤᠨ ᠪᠣᠯᠤᠶ᠎ᠠ》 ᠭᠡᠵᠦ ᠡᠬᠡᠨᠡᠷᠲᠡᠬᠡᠨ ᠰᠡᠩᠳᠡ ᠮᠡᠩᠳᠡ ᠦᠭᠡ ᠦᠯᠡᠳᠡᠭᠡᠵᠦ᠂ ᠴᠠᠭ᠍ᠳᠠᠭᠠᠨ ᠬᠤᠪᠴᠠᠰᠤ᠎ᠪᠠᠨ ᠠᠪᠤᠭᠠᠳ ᠴᠠᠰᠤ ᠱᠢᠭᠤᠷᠭ᠎ᠠ ᠵᠢ ᠰᠦᠷᠦᠨ ᠤᠷᠤᠪᠠ᠃ ᠡᠨᠡ ᠨᠢ ᠲᠡᠭᠦᠨ᠎ᠦ ᠭᠡᠷ᠎ᠦᠨ ᠬᠥᠮᠦᠰ ᠯᠤᠭᠡ ᠵᠢᠨ ᠵᠢᠡᠨ ᠥᠨᠢᠳᠡ᠎ᠵᠢᠨ ᠰᠠᠯᠤᠯᠲᠠ ᠪᠤᠯᠬᠤ᠎ᠵᠢ ᠬᠡᠨ ᠴᠸ᠋ ᠪᠤᠳᠤᠵᠦ ᠤᠯᠤᠬᠰᠠᠨ ᠦᠭᠡᠢ᠃
ᠴᠠᠰᠤ ᠱᠢᠭᠤᠷᠭᠠᠨ᠎ᠳᠠᠬᠢ G331 ᠤᠯᠤᠰ᠎ᠤᠨ ᠵᠠᠮ᠎ᠳᠤ ᠠᠶᠤᠯ ᠲᠦᠭ᠌ᠰᠢᠭᠦᠷᠢ ᠭᠠᠵᠠᠷ ᠰᠠᠢ ᠦᠭᠡᠢ ᠤᠷᠤᠰᠢᠨ᠎ᠠ᠃ ᠵᠠᠩ ᠪᠢᠩ ᠢ ᠠᠩᠬᠢ ᠪᠠᠨ ᠳᠠᠭᠠᠭᠤᠯᠤᠨ ᠪᠠᠷᠠᠭᠤᠨ᠎ᠠᠴᠠ ᠵᠡᠭᠦᠨᠰᠢ ᠪᠡᠷᠬᠡ ᠬᠠᠲᠠᠭᠤᠵᠢᠯᠲᠠᠢ᠎ᠪᠠᠷ ᠲᠣᠭᠣᠷᠢᠨ ᠶᠠᠪᠤᠵᠤ᠂ ᠵᠠᠮ᠎ᠤᠨ ᠪᠠᠢᠳᠠᠯ ᠪᠣᠯᠤᠨ ᠬᠠᠱᠢᠭ᠍ᠳᠠᠭ᠍ᠰᠠᠨ ᠲᠡᠷᠭᠡ ᠬᠦᠰᠭᠡ᠎ᠶ᠋ᠢ ᠴᠠᠭ ᠢᠮᠠᠭ᠍ᠲᠠ ᠠᠩᠬᠠᠷᠴᠤ᠌ ᠪᠠᠢᠯ᠎ᠠ᠃ 15 ᠴᠠᠭ 22 ᠮᠢᠨᠦ᠋ᠲ᠎ᠲᠦ ᠲᠡᠷᠡ ᠵᠢᠷᠬᠢᠶ᠎ᠡ ᠵᠢᠨ ᠠᠵᠢᠯ᠎ᠤᠨ ᠴᠤᠬᠯᠠᠷᠠᠯ ᠳ᠋ᠠᠭᠠᠨ᠄ 《G331 ᠤᠯᠤᠰ᠎ᠤᠨ ᠵᠠᠮ᠎ᠤᠨ 5665 ᠺᠢᠯᠣᠮᠧᠲ᠋ᠷ᠎ᠦᠨ ᠬᠡᠰᠡᠭ᠎ᠲᠦ ᠵᠠᠮ ᠴᠠᠰᠤᠨ᠎ᠳᠤ ᠳᠠᠷᠤᠭ᠍ᠳᠠᠵᠠᠢ᠂ ᠦᠵᠡᠭ᠌ᠳᠡᠴᠡ ᠨᠢ 20 ᠮᠧᠲ᠋ᠷ᠎ᠡᠴᠡ ᠳᠤᠤᠷ᠎ᠠ᠂ ᠡᠯ᠎ᠡ ᠲᠣᠭᠣᠷᠢᠨ ᠴᠠᠭ᠍ᠳᠠᠬᠤ ᠳᠤᠭᠤᠢᠯᠠᠩ ᠠᠮᠤᠷ ᠲᠦᠪᠱᠢᠨ᠎ᠢ ᠠᠩᠬᠠᠷᠬᠤ ᠬᠡᠷᠡᠭᠲᠡᠢ》 ᠭᠡᠵᠦ ᠮᠡᠳᠡᠭᠳᠡᠪᠡ᠃ ᠨᠢᠭᠡ ᠴᠠᠭ ᠭᠠᠷᠤᠢ᠎ᠶ᠋ᠢᠨ ᠲᠠᠷᠠᠭ᠎ᠠ᠂ ᠭᠤᠨᠢᠭ᠍ᠲᠤ ᠴᠢᠮᠡᠭᠡ ᠳᠠᠮᠵᠢᠬᠳᠠᠪᠠ᠃ ᠲᠡᠷᠭᠡ ᠬᠥᠰᠭᠡ᠎ᠶ᠋ᠢ ᠵᠢᠯᠣᠭᠣᠳᠤᠨ᠂ ᠣᠯᠠᠨ ᠲᠦᠮᠡᠨ᠎ᠢ ᠱᠢᠯᠵᠢᠬᠦᠯᠬᠦᠦᠶᠡᠳᠦ᠂ ᠡᠨᠡ ᠬᠦ᠌ 23 ᠵᠢᠯ ᠴᠠᠭ᠍ᠳᠠᠭᠠᠨ᠎ᠤ ᠠᠵᠢᠯ ᠠᠯᠪᠠ ᠬᠢᠭᠰᠡᠨ ᠠᠬᠠᠮᠠᠳ ᠴᠠᠭ᠍ᠳᠠᠭ᠎ᠠ 48 ᠨᠠᠰᠤᠨ ᠳ᠋ᠠᠭᠠᠨ ᠵᠣᠯ ᠪᠤᠰᠤ᠎ᠪᠠᠷ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠪᠡ᠃ ᠲᠡᠷᠡ ᠴᠠᠰᠤᠨ᠎ᠳᠤ ᠬᠠᠱᠢᠭ᠍ᠳᠠᠭ᠍ᠰᠠᠨ ᠣᠯᠠᠨ ᠲᠦᠮᠡᠨ᠎ᠦ ᠥᠭᠡᠳᠡ᠎ᠡᠴᠡ᠄《ᠪᠢ ᠠᠷᠤ ᠲᠠᠯ᠎ᠠ᠎ᠳᠤ ᠣᠴᠢᠵᠤ ᠵᠢᠯᠣᠭᠣᠳᠤᠶᠠ᠂ ᠲᠠᠨᠤᠰ ᠲᠡᠷᠭᠡᠨ᠎ᠳᠦ ᠭᠠᠷᠴᠤ᠌ ᠶᠠᠪᠤ᠂ ᠠᠮᠤᠷ ᠲᠦᠪᠱᠢᠨ ᠪᠤᠯ ᠲᠡᠷᠢᠬᠦᠨ ᠴᠢᠬᠤᠯᠠ!》 ᠭᠡᠵᠦ ᠬᠠᠰᠬᠢᠷᠤᠬᠰᠠᠨ ᠨᠢ ᠲᠡᠭᠦᠨ᠎ᠦ ᠦᠯᠡᠳᠡᠭᠡᠭ᠌ᠰᠡᠨ ᠬᠠᠮᠤᠭ᠎ᠤᠨ ᠡᠴᠦᠰ᠎ᠤᠨ ᠬᠡᠳᠦᠨ ᠦᠬᠡ ᠪᠤᠯᠪᠠ᠃ ᠤᠯᠠᠨ ᠲᠦᠮᠡᠨ ᠠᠮᠤᠷ ᠲᠦᠪᠱᠢᠨ ᠪᠣᠯᠵᠠᠢ᠂ ᠬᠡᠲᠡᠯ᠎ᠡ ᠲᠡᠷᠡ ᠬᠠᠷᠢᠨ ᠬᠠᠮᠤᠭ᠎ᠤᠨ ᠲᠠᠨᠢᠯ ᠳᠠᠰᠤᠯ ᠠᠵᠢᠯ᠎ᠤᠨ ᠲᠠᠯᠠᠪᠤᠷ᠎ᠲᠠᠭᠠᠨ ᠪᠡᠶ᠎ᠡ ᠦᠷᠡᠭᠳᠡᠵᠦ᠂ ᠠᠮᠢ ᠨᠠᠰᠤ᠎ᠪᠠᠷ᠎ᠢᠶᠠᠨ ᠬᠠᠮᠤᠭ᠎ᠤᠨ ᠡᠴᠦᠰ᠎ᠦᠨ ᠠᠶᠠᠯᠠᠯ ᠬᠠᠮᠠᠭᠠᠯᠠᠬᠤ ᠡᠭᠦᠷᠭᠡ᠎ᠪᠡᠨ ᠪᠡᠶᠡᠯᠡᠭᠦᠯᠪᠡ᠃
ᠬᠣᠷᠢᠭᠤᠯ᠎ᠤᠨ ᠭᠠᠵᠠᠷ᠎ᠠᠴᠠ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠨᠢᠭᠡᠳᠦᠭᠡᠷ ᠹᠷᠣᠨᠲ ᠬᠦᠷᠲᠡᠯ᠎ᠡ᠂ ᠲᠠᠬᠢᠭᠠᠳ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠠᠵᠢᠯ᠎ᠤᠨ ᠪᠠᠢᠷᠢ ᠬᠦᠷᠲᠡᠯ᠎ᠡ᠂ 23 ᠵᠢᠯ᠎ᠦᠨ ᠴᠠᠭ᠍ᠳᠠᠭ᠎ᠠ᠎ᠵᠢᠨ ᠠᠮᠢᠳᠤᠷᠠᠯ ᠨᠢ ᠡᠭᠡᠯ ᠵᠢᠷ᠎ᠦᠨ ᠳᠤᠮᠳᠠ ᠠᠭᠤᠤ ᠶᠡᠬᠡ᠎ᠶᠢ ᠡᠬᠦᠳᠦᠨ ᠪᠦᠲᠦᠭᠡᠭᠰᠡᠨ ᠦᠨᠡᠨᠴᠢ ᠱᠢᠳᠤᠷᠭᠤᠲᠡᠮᠳᠡᠭ᠌ᠯᠡᠯ ᠪᠣᠯᠤᠨ᠎ᠠ᠃ ᠲᠡᠭᠦᠨ᠎ᠦ ᠵᠢᠷᠬᠢᠶ᠎ᠡ᠎ᠵᠢᠨ ᠵᠢᠷᠤᠭ᠎ᠨᠢ ᠨᠢᠭᠡᠨ ᠬᠠᠳᠠᠨ ᠪᠠᠲᠤ ᠴᠠᠭ᠍ᠳᠠᠭ᠎ᠠ᠎ᠵᠢᠨ ᠪᠡᠷ᠎ᠠ ᠪᠠ 《ᠠᠯᠤᠰ᠎ᠤᠨ ᠵᠠᠮ᠎ᠢ ᠰᠣᠩᠭᠣᠭ᠍ᠰᠠᠨ ᠲᠤᠯᠠ ᠪᠢᠳᠡ ᠰᠠᠯᠬᠢ ᠪᠣᠷᠣᠭᠠᠨ᠎ᠢ ᠬᠠᠢᠬᠤᠷᠤᠯ ᠦᠭᠡᠢ ᠡᠷᠡᠰ ᠤᠷᠤᠬᠰᠢᠯᠠᠨ᠎ᠠ》 ᠭᠡᠬᠦ ᠭᠠᠷᠤᠨ ᠦᠰᠦᠭ ᠪᠠᠢᠵᠦ᠂ ᠡᠨᠡ ᠨᠢ ᠶᠠᠭ ᠲᠡᠭᠦᠨ᠎ᠦ ᠨᠢᠭᠡ ᠨᠠᠰᠤᠨ᠎ᠤ ᠵᠢᠷᠤᠭ᠍ᠯᠠᠯ ᠪᠤᠯᠤᠨ᠎ᠠ᠃
2010 ᠣᠨ᠎ᠳᠤ᠂ ᠵᠠᠩ ᠪᠢᠩ ᠢ ᠡᠷᠡᠭᠦᠦ᠎ᠶᠢᠨ ᠬᠡᠷᠡᠭ᠎ᠢ ᠲᠠᠩᠨᠠᠨ ᠪᠠᠢᠴᠠᠭᠠᠬᠤ ᠶᠡᠬᠡ ᠠᠩᠭᠢ᠎ᠳᠤ ᠰᠢᠯᠵᠢᠵᠦ᠂ 13 ᠵᠢᠯ ᠦᠷᠭᠦᠯᠵᠢᠯᠡᠭᠰᠡᠨ ᠡᠷᠡᠭᠦᠦ᠎ᠶᠢᠨ ᠴᠠᠭᠳᠠᠭ᠎ᠠ᠎ᠶᠢᠨ ᠠᠮᠢᠳᠤᠷᠠᠯ᠎ᠢᠶᠠᠨ ᠡᠬᠢᠯᠡᠭᠦᠯᠪᠡ᠃ ᠲᠡᠷᠡ᠄ 《ᠬᠡᠷᠡᠭ᠎ᠢ ᠳᠡᠩᠨᠡᠨ ᠪᠠᠢᠴᠠᠭᠠᠬᠤ ᠠᠵᠢᠯ ᠬᠡᠳᠦᠢᠪᠡᠷ ᠶᠠᠳᠠᠷᠠᠯᠲᠠᠢ ᠪᠣᠯᠪᠠᠴᠤ᠂ ᠨᠠᠷᠢᠨ ᠨᠢᠬᠳᠠ ᠠᠵᠢᠯ ᠬᠢᠭᠰᠡᠨ᠎ᠦ ᠳᠠᠷᠠᠭ᠎ᠠ ᠶᠠᠯ᠎ᠠ ᠵᠢᠨ ᠰᠡᠵᠢᠭᠳᠡᠨ᠎ᠢ ᠲᠣᠳᠣᠷᠬᠠᠢ ᠲᠣᠭᠲᠠᠭᠠᠵᠤ᠂ ᠬᠠᠤᠯᠢ ᠴᠠᠭᠠᠵᠠ᠎ᠶᠢᠨ ᠵᠠᠯᠬᠠᠭᠠᠯ ᠦᠵᠡᠬᠦᠯᠬᠦ ᠲᠡᠷᠡ ᠬᠦ᠌ ᠠᠮᠵᠢᠯᠲᠠ ᠪᠦᠲᠦᠮᠵᠢ᠎ᠶᠢᠨ ᠰᠡᠳᠬᠢᠯᠭᠡ ᠨᠢ ᠨᠠᠮᠠᠶ᠋ᠢ ᠵᠣᠷᠢᠭ᠍ᠵᠢᠭᠤᠯᠤᠭᠰᠠᠭᠠᠷ ᠢᠷᠡᠵᠡᠶ》 ᠬᠡᠵᠦ ᠶᠠᠷᠢᠳᠠᠭ᠃ ᠲᠡᠷᠡ ᠢᠩᠭᠢᠵᠦ ᠬᠡᠯᠡᠭᠰᠡᠨ ᠪᠥᠭᠡᠳ ᠨᠡᠩ ᠴᠤ᠌ ᠢᠩᠭᠢᠵᠦ ᠬᠢᠭᠰᠡᠨ ᠶᠤᠮ᠃ ᠪᠢᠲᠡᠭᠦᠨ᠎ᠦ ᠰᠥᠨᠢ ᠵᠢᠨ ᠬᠤᠯᠠᠭᠠᠢᠯᠠᠭᠰᠠᠨ ᠬᠡᠷᠡᠭ᠎ᠢ ᠳᠡᠩᠨᠡᠨ ᠰᠢᠢᠳᠪᠦᠷᠢᠯᠡᠬᠦ᠎ᠡᠴᠡ ᠠᠪᠤᠭᠠᠳ ᠬᠦᠨᠳᠦ ᠨᠣᠴᠢᠲᠠᠢ ᠬᠦᠴᠦᠷᠬᠡᠭᠯᠡᠯ᠎ᠦᠨ ᠶᠠᠯᠠᠲᠤ ᠠᠵᠢᠯᠯᠠᠭ᠎ᠠ᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠬᠦᠷᠲᠡᠯ᠎ᠡ᠂ ᠲᠡᠷᠡ ᠶᠡᠷᠦ᠎ᠨᠢ ᠡᠮᠦᠨ᠎ᠡ ᠨᠢ ᠭᠠᠪᠰᠢᠭᠠᠢᠯᠠᠵᠤ ᠪᠠᠢᠳᠠᠭ᠃ 2015 ᠣᠨ᠎ᠳᠤ ᠨᠢᠭᠡᠨ ᠬᠢᠲᠤᠭ᠎ᠠ ᠠᠳᠬᠤᠨ ᠪᠠᠷᠢᠪᠴᠢᠯᠠᠬᠤ᠎ᠶᠢ ᠡᠰᠡᠷᠭᠦᠴᠡᠭᠰᠡᠨ ᠶᠠᠷᠭᠠᠴᠢᠨᠢ ᠪᠠᠷᠢᠪᠴᠢᠯᠠᠬᠤ ᠦᠶ᠎ᠡ᠎ᠳᠦ᠂ ᠲᠡᠷᠡ ᠥᠴᠥᠬᠡᠨ ᠴᠦ᠍ ᠲᠠᠲᠠᠭᠠᠯᠵᠠᠯ ᠦᠭᠡᠢ᠎ᠪᠡᠷ ᠲᠠᠭᠠᠷᠢᠨ ᠤᠷᠤᠵᠤ᠂ ᠭᠠᠷ ᠨᠢ ᠰᠢᠷᠬᠠᠲᠤᠭᠰᠠᠨ ᠪᠠᠢᠳᠠᠯ᠎ᠠ ᠮᠥᠨ ᠯᠡ ᠶᠠᠯ᠎ᠡ᠎ᠳᠤ ᠡᠳᠡᠭᠡᠳ᠎ᠢ ᠡᠷᠬᠡᠰᠢᠶᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠤᠨ ᠳᠤᠮᠳᠠ᠂ ᠲᠡᠷᠡ ᠶᠠᠯᠠᠲᠤ ᠡᠲᠡᠭᠡᠳ᠎ᠢ ᠰᠦᠷᠳᠡᠭᠦᠯᠦᠭᠰᠡᠨ 《ᠬᠤᠷᠴᠠ ᠬᠢᠲᠤᠭ᠎ᠠ》 ᠪᠣᠯᠵᠤ᠂ ᠣᠯᠠᠨ ᠴᠢᠬᠤᠯᠠ ᠶᠡᠬᠡ ᠲᠤᠰᠬᠠᠢ ᠬᠡᠷᠡᠭ᠎ᠲᠦ ᠵᠠᠯᠭᠠᠭ᠎ᠠ᠎ᠪᠠᠷ ᠲᠠᠲᠠᠭᠳᠠᠨ ᠣᠷᠣᠯᠴᠠᠪᠠ᠃ ᠵᠢᠵᠢᠭᠬᠡᠨ ᠰᠦᠪᠡᠭᠴᠢ ᠵᠢ ᠪᠠᠢᠴᠠᠭᠠᠬᠤ᠎ᠶᠢᠨ ᠲᠥᠯᠥᠭᠡ᠂ ᠲᠡᠷᠡ ᠴᠠᠬᠢᠯᠭᠠᠨ ᠤ᠋ ᠦᠢᠯᠡᠳᠪᠦᠷᠢ᠎ᠶᠢᠨ ᠳᠠᠩᠰᠠ ᠡᠪᠬᠡᠮᠡᠯ᠎ᠦᠨ ᠳᠠᠰᠤᠭ᠎ᠲᠤ 20 ᠵᠢᠯ᠎ᠦᠨ ᠬᠠᠭᠤᠴᠢᠨ ᠳᠠᠩᠰᠠ ᠡᠪᠬᠡᠮᠡᠯ᠎ᠢ ᠤᠷᠪᠠᠭᠤᠯᠤᠨ ᠦᠵᠡᠳᠡᠭ; ᠭᠡᠷᠡᠴᠢ᠎ᠶᠢᠨ ᠬᠡᠯᠬᠢᠶ᠎ᠡ᠎ᠶᠢ ᠪᠠᠲᠤᠳᠬᠠᠬᠤ᠎ᠶᠢᠨ ᠲᠥᠯᠥᠭᠡ᠂ ᠲᠡᠷᠡ ᠮᠠᠰᠢᠨ ᠲᠡᠷᠬᠡ ᠪᠡᠷ ᠬᠡᠳᠦᠨ ᠲᠦᠮᠡᠨ ᠺᠢᠯᠣᠮᠧᠲᠷ ᠠᠶᠠᠯᠠᠳᠠᠬ᠃
2023 ᠣᠨ᠎ᠤ 6 ᠰᠠᠷ᠎ᠠ᠎ᠳᠤ᠂ ᠲᠡᠭᠦᠨ᠎ᠦ ᠠᠵᠢᠯ᠎ᠤᠨ ᠪᠠᠢᠷᠢ᠎ᠶᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ᠎ᠳᠤ ᠲᠣᠬᠢᠷᠠᠭᠤᠯᠪᠠ᠃ ᠴᠣ᠋ ᠰᠢᠨ᠎ᠡ ᠲᠤᠬᠠᠢᠯᠠᠭᠰᠠᠨ ᠠᠵᠢᠯ᠎ᠤᠨ ᠬᠦᠷᠢᠶᠡᠨ᠎ᠳᠦ᠂ ᠲᠡᠷᠡ ᠰᠢᠨ᠎ᠡ ᠴᠡᠷᠢᠭ ᠰᠢᠭ᠎ᠢᠶᠡᠷ ᠠᠯᠢᠪᠠ ᠵᠦᠢᠯ᠎ᠢ ᠡᠬᠢᠯᠡᠨ ᠰᠤᠷᠤᠯᠴᠠᠵᠤ᠂ ᠬᠠᠤᠯᠢ ᠲᠣᠭᠲᠠᠭᠠᠯ᠎ᠢ ᠰᠤᠳᠤᠯᠤᠨ ᠤᠩᠰᠢᠵᠦ᠂ ᠪᠣᠳᠠᠲᠤ ᠪᠠᠢᠯᠳᠤᠭᠠᠨ᠎ᠤ ᠤᠷ᠎ᠠ ᠴᠢᠳᠠᠪᠤᠷᠢ᠎ᠪᠠᠨ ᠳᠡᠭᠡᠭᠰᠢᠯᠡᠬᠦᠯᠪᠡ᠃ ᠠᠵᠢᠯ᠎ᠤᠨ ᠪᠠᠢᠷᠢ ᠬᠤᠪᠢᠷᠠᠭᠰᠠᠨ ᠪᠣᠯᠪᠠᠴᠤ ᠲᠡᠷᠡ ᠬᠦ᠌ ᠣᠯᠠᠨ ᠲᠦᠮᠡᠨ᠎ᠳᠦ ᠬᠠᠨᠳᠤᠬᠤ ᠬᠠᠯᠠᠭᠤᠨ ᠰᠡᠳᠬᠢᠯᠭᠡ ᠨᠢ ᠥᠴᠥᠬᠡᠨ ᠴᠦ᠍ ᠪᠠᠭᠤᠷᠠᠭᠰᠠᠨ ᠦᠭᠡᠢ᠃ ᠠᠪᠤ ᠮᠢᠨᠢ ᠵᠠᠮᠲᠡᠭᠡᠷᠡ ᠬᠠᠶᠠᠭᠳᠠᠭᠰᠠᠨ ᠬᠠᠶᠠᠭᠳᠠᠮᠠᠯ ᠬᠠᠭᠤᠴᠢᠨ ᠳᠤᠭᠤᠢᠯᠠᠪᠤᠷᠢ᠎ᠶᠢ ᠣᠯᠵᠤ ᠦᠵᠡᠪᠡᠯ᠂ ᠯᠠᠪᠲᠠᠢ ᠮᠠᠰᠢᠨ ᠲᠡᠷᠭᠡᠨ᠎ᠡᠴᠡ ᠪᠡᠨ ᠪᠠᠭᠤᠵᠤ ᠠᠮᠤᠷ ᠲᠦᠪᠰᠢᠨ ᠭᠠᠵᠠᠷ ᠰᠢᠯᠵᠢᠬᠦᠯᠵᠤ ᠲᠠᠯᠪᠢᠨ᠎ᠠ; ᠡᠪᠳᠡᠷᠡᠭᠰᠡᠨ ᠮᠠᠰᠢᠨ ᠲᠡᠷᠭᠡ ᠳᠠᠭᠠᠷᠠᠪᠠᠯ᠂ ᠶᠠᠭᠠᠬᠢᠭ᠍ᠰᠠᠨ ᠴᠤ᠌ ᠣᠴᠢᠵᠤ ᠬᠠᠪᠰᠤᠷᠤᠯᠭ᠎ᠠ ᠬᠡᠷᠡᠭᠰᠡᠬᠦ ᠡᠰᠡᠬᠦ᠎ᠶᠢ ᠠᠰᠠᠭᠤᠳᠠᠭ ᠭᠡᠵᠤ ᠬᠡᠤᠭᠡᠨ ᠨᠢ ᠡᠷᠬᠢᠴᠡᠭᠦᠯᠦᠨᠠ᠃ ᠨᠢᠭᠡᠨ ᠤᠳᠠᠭ᠎ᠠ ᠠᠵᠢᠯ᠎ᠢᠶᠠᠷ ᠭᠠᠳᠠᠭ᠍ᠰᠢ ᠭᠠᠷᠬᠤ ᠵᠠᠮ᠎ᠳᠠᠭᠠᠨ᠂ ᠲᠡᠷᠡ ᠵᠠᠮ ᠳᠡᠭᠡᠷ᠎ᠡ ᠪᠡᠨ ᠮᠠᠯᠴᠢᠨ᠎ᠤ ᠮᠠᠰᠢᠨ ᠲᠡᠷᠭᠡ ᠨᠢ ᠲᠣᠰᠣ᠌ ᠳᠤᠲᠠᠭᠳᠠᠵᠤ ᠵᠤᠬᠰᠤᠬᠰᠠᠨ ᠲᠠᠢ ᠲᠠᠭᠠᠷᠠᠯᠳᠤᠵᠤ᠂ ᠲᠡᠷᠡ ᠳᠠᠷᠤᠢ ᠳ᠋ᠤᠨᠢ ᠬᠠᠮᠲᠤ ᠠᠵᠢᠯᠯᠠᠭ᠍ᠴᠢᠲᠠᠢᠪᠠᠨ ᠬᠠᠷᠢᠯᠴᠠᠵᠤ ᠲᠣᠰᠣ ᠬᠦᠷᠭᠡᠵᠦ ᠥᠭᠭᠦᠭᠰᠡᠨ᠎ᠢᠶᠡᠷ ᠪᠠᠷᠠᠬᠤ ᠦᠭᠡᠢ᠂ ᠬᠠᠭᠠᠰ ᠴᠠᠭ᠎ᠤᠨ ᠲᠠᠷᠠᠭ᠎ᠠ ᠪᠠᠰᠠ ᠲᠤᠰᠬᠠᠢᠯᠠᠨ ᠤᠲᠠᠰᠤ ᠠᠪᠴᠤ ᠰᠢᠢᠳᠪᠦᠷᠢᠯᠡᠭᠰᠡᠨ ᠡᠰᠡᠬᠦ᠎ᠶᠢ ᠨᠢ ᠠᠰᠠᠭᠤᠨ ᠲᠤᠳᠤᠷᠬᠠᠢᠯᠠᠪᠠ᠃ ᠲᠡᠭᠦᠨ᠎ᠦ ᠰᠡᠳᠬᠢᠯ᠎ᠳᠦ᠂ ᠤᠯᠠᠨ ᠲᠦᠮᠡᠨ᠎ᠦ ᠤᠴᠢᠷ ᠬᠡᠳᠦᠢ ᠪᠠᠭ᠎ᠠ ᠪᠠᠢᠭᠰᠠᠨ ᠴᠤ᠌ ᠴᠦᠮ ᠶᠡᠬᠡ ᠶᠠᠪᠤᠳᠠᠯ ᠪᠣᠯᠣᠨ᠎ᠠ᠃
ᠲᠡᠷᠡ ᠪᠣᠯ ᠲᠠᠢ᠍ᠢᠴᠢᠨ ᠨᠥᠬᠥᠳ᠎ᠦᠨ᠎ᠢᠶᠡᠨ ᠨᠢᠳᠦᠨ᠎ᠳᠡᠬᠢ ᠶᠠᠭᠤ ᠵᠢ ᠴᠦ᠍ ᠬᠢᠵᠦ ᠴᠢᠳᠠᠳᠠᠬ 《ᠠᠩᠬᠢ ᠵᠢᠨ ᠲᠠᠷᠤᠭ᠎ᠠ》 ᠮᠥᠨ᠂ ᠱᠠᠪᠢᠶᠢᠨᠢᠶᠠᠨ ᠰᠡᠳᠬᠢᠯ᠎ᠳᠡᠬᠢ ᠲᠦᠪᠯᠡᠬᠦᠨ ᠴᠢᠷᠠᠢ ᠲᠠᠢ ᠬᠠᠯᠠᠭᠤᠨ ᠰᠡᠳᠬᠢᠯᠲᠦ 《ᠴᠢᠩᠭ᠎ᠠ ᠪᠠᠭ᠍ᠰᠢ》 ᠮᠥᠨ᠃ 《ᠪᠠᠭ᠍ᠰᠢ ᠪᠠᠷᠢᠵᠤ ᠡᠷᠳᠡᠮ ᠰᠤᠷᠬᠤ》 ᠠᠵᠢᠯᠯᠠᠭ᠎ᠠ ᠳᠤᠮᠳᠠ᠂ ᠲᠡᠷᠡ ᠵᠠᠯᠠᠭᠤ ᠠᠷᠠᠳ᠎ᠤᠨ ᠴᠠᠭᠳᠠᠭᠠᠹᠦ ᠵᠢᠶᠸ ᠳᠤ ᠬᠠᠮᠤᠭ᠎ᠤᠨ ᠦᠨᠳᠦᠰᠦᠨ ᠬᠡᠷᠡᠭ ᠰᠢᠢᠳᠪᠦᠷᠢᠯᠡᠬᠦ ᠶᠠᠪᠤᠴᠠᠡᠴᠨ ᠡᠬᠢᠯᠡᠨ ᠵᠢᠭᠠᠵᠤ᠂ 《ᠤᠴᠢᠷ ᠶᠠᠪᠤᠳᠠᠯ᠎ᠢ ᠰᠢᠢᠳᠪᠦᠷᠢᠯᠡᠬᠦ᠎ᠳᠡᠭᠡᠨ ᠯᠠᠪᠳᠠᠭᠤᠨ ᠪᠠᠢᠵᠦ᠂ ᠤᠴᠢᠷ ᠶᠠᠪᠤᠳᠠᠯ ᠲᠤᠯᠭᠠᠷᠠᠪᠠᠯ ᠰᠠᠨᠳᠤᠷᠴᠤ ᠪᠤᠯᠬᠤ ᠦᠭᠡᠢ》 ᠭᠡᠵᠦ ᠵᠠᠬᠢᠪᠠ᠃ ᠹᠦ ᠵᠢᠶᠧ ᠲᠡᠭᠦᠨ᠎ᠦ ᠦᠭᠡ ᠶᠠᠷᠢᠶ᠎ᠠ ᠦᠢᠯᠡ ᠠᠵᠢᠯᠯᠠᠭ᠎ᠠ ᠵᠢᠨ ᠵᠢᠭᠠᠨ ᠰᠤᠷᠭᠠᠯᠲᠠ ᠳᠣᠣᠷ᠎ᠠ ᠮᠠᠰᠢ ᠲᠦᠷᠭᠡᠨ᠎ᠢᠶᠡᠷ ᠪᠡᠶ᠎ᠡ᠎ᠪᠡᠨ ᠳᠠᠭᠠᠭᠠᠵᠤ ᠳᠡᠶ᠋ᠢᠯᠬᠦ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠪᠣᠯᠤᠭᠰᠠᠨ ᠪᠠᠢᠨ᠎ᠠ᠃
ᠭᠡᠲᠡᠯ᠎ᠡ᠂ ᠭᠡᠷ᠎ᠦᠨ ᠬᠥᠮᠥᠰ᠎ᠲᠦ᠎ᠨᠢ ᠠᠪᠴᠤ ᠬᠡᠯᠡᠪᠡᠯ᠂ ᠵᠠᠩ ᠪᠢᠩ ᠢ ᠪᠣᠯ ᠶᠡᠷᠦ ᠨᠢ 《ᠪᠣᠯᠵᠣᠭ᠎ᠠ᠎ᠪᠠᠨ ᠠᠯᠲᠠᠳᠠᠭ》 ᠡᠷ᠎ᠡ ᠨᠥᠬᠥᠷ ᠪᠠ ᠠᠪᠤ ᠪᠣᠯᠣᠨ᠎ᠠ᠃ ᠲᠡᠭᠦᠨ᠎ᠦ ᠨᠠᠢᠵᠠ᠎ᠶᠢᠨ ᠲᠣᠭᠣᠷᠢᠭ᠋᠎ᠤᠨ ᠵᠢᠷᠤᠭ ᠨᠢ ᠡᠬᠡᠨᠡᠷ ᠬᠢᠬᠡᠳ ᠥᠬᠢᠨᠦ ᠬᠢᠨᠢ ᠬᠠᠮᠲᠤ᠎ᠶᠢᠨ ᠰᠡᠭᠦᠳᠡᠷ ᠪᠣᠯᠣᠨ᠎ᠠ᠂ ᠭᠡᠪᠡᠴᠦ ᠤᠳᠠᠭᠠᠨ ᠠᠮᠠᠯᠳᠠᠭᠰᠠᠨ ᠪᠦᠬᠦ ᠭᠡᠷ᠎ᠦᠨ ᠵᠢᠭᠤᠯᠴᠢᠯᠠᠯ᠎ᠤᠨ ᠲᠥᠯᠥᠪᠯᠡᠭᠡ ᠨᠢ ᠲᠡᠭᠦᠨ᠎ᠦ ᠤᠳᠠᠭ᠎ᠠ ᠪᠣᠯᠭᠠᠨ ᠤ᠋ 《ᠪᠠᠢᠭᠤᠯᠭᠠᠳ᠋ᠸ᠋ ᠤᠴᠢᠷ᠎ᠲᠠᠢ》 ᠬᠡᠳᠡᠭ ᠵᠢᠡᠷ ᠲᠠᠰᠤᠷᠠᠯᠲᠠ ᠦᠭᠡᠢ ᠬᠤᠢᠰᠢᠯᠠᠭᠳᠠᠵᠠᠢ᠃ ᠪᠤᠳᠠᠭ᠎ᠠ ᠨᠣᠭᠣᠭ᠎ᠠ ᠪᠠᠨ ᠰᠢᠷᠡᠭᠡᠨ ᠳᠡᠭᠡᠷ᠎ᠡ ᠭᠠᠷᠭᠠᠨ ᠲᠠᠯᠪᠢᠳᠠᠯᠠ᠂ ᠤᠲᠠᠰᠤ ᠨᠢ ᠳᠤᠤᠭᠠᠷᠤᠮᠠᠭᠴᠠ ᠠᠶᠠᠭ᠎ᠠ ᠰᠠᠪᠬ᠎ᠠ᠎ᠪᠠᠨ ᠲᠠᠯᠪᠢᠭᠠᠳ ᠶᠠᠪᠤᠬᠰᠠᠨ ᠤᠳᠠᠭ᠎ᠠ ᠵᠢ ᠡᠬᠡᠨᠡᠷ ᠨᠢ ᠲᠤᠭᠠᠯᠠᠵᠤ ᠲᠡᠢᠯᠬᠦ ᠦᠬᠡᠢ ᠪᠤᠯᠵᠠᠢ᠃ ᠥᠬᠢᠨ ᠨᠢ ᠳᠤᠷᠠᠰᠤᠮᠵᠢ᠎ᠶᠢᠨ ᠡᠳᠦᠷ᠎ᠦᠨ ᠲᠡᠮᠳᠡᠭᠯᠡᠯ᠎ᠳᠡᠭᠡᠨ᠂ ᠥᠩᠭᠡᠷᠡᠭᠰᠡᠨ᠎ᠳᠦ ᠦᠷᠭᠦᠯᠵᠢ 《ᠡᠨᠡ ᠭᠡᠷ᠎ᠲᠦ ᠠᠪᠤ ᠶᠠᠮᠠᠷ ᠬᠡᠷᠡᠭᠴᠡᠭᠡ ᠳᠠᠢ ᠪᠤᠢ》 ᠭᠡᠳᠡᠭ᠎ᠢ ᠣᠢᠯᠠᠭᠠᠬᠤ ᠦᠭᠡᠢ ᠪᠠᠢᠵᠤ᠂ ᠠᠪᠤ ᠪᠡᠶ᠎ᠡ ᠦᠷᠡᠭᠳᠡᠭᠰᠡᠨᠦ ᠳᠠᠷᠠᠭ᠎ᠠ ᠰᠠᠶᠢ ᠲᠡᠭᠦᠨ᠎ᠦ ᠦᠬᠡᠢ ᠪᠤᠯᠤᠬᠰᠠᠨ ᠤ᠋ ᠠᠷᠤ᠎ᠳᠤ ᠥᠭᠡᠷ᠎ᠡ ᠨᠢᠭᠡ ᠵᠦᠢᠯ᠎ᠦᠨ ᠨᠠᠩ ᠶᠡᠬᠡ ᠡᠭᠦᠷᠭᠡᠯᠡᠯ ᠪᠠᠢᠬᠤ᠎ᠶᠢ ᠵᠢᠩᠬᠢᠨᠢ᠎ᠪᠡᠷ ᠣᠢᠯᠠᠭᠠᠵᠤ ᠮᠠᠲᠠᠵᠠᠢ ᠭᠡᠵᠦ ᠪᠢᠴᠢᠵᠡᠢ᠃ ᠲᠡᠷᠡ᠄ 《ᠬᠣᠵᠢᠮ ᠪᠢ ᠪᠠᠰᠠ ᠠᠪᠤ᠎ᠲᠠᠢ᠎ᠪᠠᠨ ᠠᠳᠠᠯᠢ᠎ᠪᠠᠷ ᠨᠡᠢᠭᠡᠮ᠎ᠳᠦ ᠬᠡᠷᠡᠭᠴᠡᠭᠡ᠎ᠲᠠᠢ ᠬᠥᠮᠥᠨ ᠪᠣᠯᠣᠨ᠎ᠠ》 ᠬᠡᠪᠡ᠃
ᠴᠠᠭᠳᠠᠭ᠎ᠠ᠎ᠶᠢᠨ ᠠᠮᠢᠳᠤᠷᠠᠯ ᠲᠤᠮᠳᠠ᠂ ᠵᠠᠩ ᠪᠢᠩ ᠢ ᠬᠤᠪᠢ ᠬᠦᠮᠦᠨ ᠤ᠋ ᠬᠤᠶᠠᠳᠤᠭᠠᠷ ᠳᠡᠰ᠎ᠤᠨ ᠭᠠᠪᠢᠶ᠎ᠠ ᠨᠢᠭᠡ ᠤᠳᠠᠭ᠎ᠠ᠂ ᠭᠤᠷᠪᠠᠳᠤᠭᠠᠷ ᠳᠡᠰ᠎ᠤᠨ ᠭᠠᠪᠢᠶ᠎ᠠ ᠳᠥᠷᠪᠡ ᠤᠳᠠᠭ᠎ᠠ ᠪᠠᠢᠭᠤᠯᠪᠠ᠃ ᠪᠡᠶ᠎ᠡ ᠦᠷᠡᠭᠳᠡᠭᠰᠡᠨᠦ ᠳᠠᠷᠠᠭ᠎ᠠ᠂ 2024 ᠣᠨ ᠳ᠋ᠸ᠋ 《ᠦᠪᠦᠷ ᠮᠤᠩᠭᠤᠯ᠎ᠢ ᠳᠣᠭᠳᠣᠯᠤᠭᠤᠯᠤᠭᠰᠠᠨ ᠬᠠᠮᠤᠭ᠎ᠤᠨ ᠭᠣᠶᠣ᠌ ᠴᠠᠭᠳᠠᠭ᠎ᠠ》᠎ᠪᠠᠷ ᠦᠨᠡᠯᠡᠵᠦ᠂ 2024 ᠣᠨ᠎ᠤ 7 ᠰᠠᠷ᠎ᠠ᠎ᠳᠤ ᠰᠢᠯᠢ᠎ᠶᠢᠨ ᠭᠣᠣᠯ ᠠᠢᠮᠠᠭ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠎ᠢᠶᠡᠷ ᠨᠡᠬᠡᠮᠵᠢᠯᠡᠨ ᠦᠨᠡᠯᠡᠵᠦ᠂ 2025 ᠣᠨ᠎ᠤ 12 ᠰᠠᠷ᠎ᠠ᠎ᠳᠤ ᠪᠥᠬᠥ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠰᠢᠰᠲᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠡᠴᠢ᠎ᠪᠡᠷ ᠨᠡᠬᠡᠮᠵᠢᠯᠡᠨ ᠦᠨᠡᠯᠡᠪᠡ᠃ ᠡᠳᠡᠭᠡᠷ ᠢᠷᠠᠭᠤ ᠠᠯᠳᠠᠷ ᠨᠢ ᠨᠢᠭᠡᠨ ᠠᠷᠠᠳ᠎ᠤᠨ ᠴᠠᠭᠳᠠᠭ᠎ᠠ᠎ᠶᠢᠨ ᠬᠠᠯᠠᠭᠤᠨ ᠴᠢᠰᠤ ᠪᠠ ᠠᠮᠢ ᠨᠠᠰᠤ᠎ᠪᠠᠷ᠎ᠢᠶᠠᠨ ᠦᠢᠯᠡᠳᠦᠯᠭᠡᠵᠢᠭᠦᠯᠦᠭᠰᠡᠨ ᠦᠨᠡᠨᠴᠢ ᠰᠢᠳᠤᠷᠭᠤ ᠵᠢᠨ ᠵᠠᠮ᠎ᠢ ᠵᠢᠷᠤᠭᠯᠠᠭᠰᠠᠨ ᠪᠠᠢᠨ᠎ᠠ᠃