ᠯᠢ ᠴᠢᠶᠠᠩ ᠵᠣᠣ ᠯᠸ ᠵᠢᠶ ᠸᠠᠩ ᠬᠤ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠣᠷᠣᠯᠴᠠᠪᠠ
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ 30᠎ᠤ᠋ ᠦᠳᠡ᠎ᠶ᠋ᠢᠨ ᠡᠮᠦᠨ᠎ᠡ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ᠎ᠳᠠᠭᠠᠨ᠂ ᠰᠠᠢᠨ ᠰᠠᠢᠬᠠᠨ ᠠᠮᠢ ᠠᠬᠤᠶ᠎ᠶ᠋ᠢ ᠬᠥᠮᠦᠨ ᠪᠦᠬᠦᠨ ᠬᠠᠮᠲᠤ᠎ᠪᠠᠷ ᠡᠳ᠋ᠯᠡᠬᠦ᠌ ᠮᠦᠷᠳᠡᠭᠡᠨ ᠪᠠᠰᠠ ᠬᠦᠴᠦ᠍᠎ᠪᠡᠨ ᠬᠠᠮᠲᠤᠳᠭᠠᠨ ᠬᠠᠮᠲᠤ᠎ᠪᠠᠷ ᠪᠦᠲᠦᠭᠡᠨ ᠪᠠᠢᠭᠤᠯᠬᠤ ᠬᠡᠷᠡᠭ᠌ᠲᠡᠶ᠃ ᠪᠦᠬᠦ᠌ ᠨᠡᠢᠭᠡᠮ᠎ᠢᠶᠡᠷ᠎ᠢᠶᠡᠨ ᠮᠣᠳᠣ ᠲᠠᠷᠢᠵᠤ ᠣᠢᠵᠢᠭᠤᠯᠬᠤ᠎ᠳᠤ ᠥᠷᠭᠡᠨ᠎ᠢᠶᠡᠷ ᠣᠷᠣᠯᠴᠠᠬᠤ ᠵᠢ ᠵᠣᠬᠢᠶᠠᠨ ᠪᠠᠢᠭᠤᠯᠤᠨ ᠲᠠᠢᠴᠢᠯᠠᠵᠤ᠂ ᠠᠭᠤᠯᠠ ᠤᠰᠤ ᠪᠠᠢᠭᠠᠯᠢ ᠲᠡᠯᠡᠬᠡᠢ ᠪᠠᠨ ᠨᠡᠩ ᠭᠤᠶᠤᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠳᠡᠪᠢᠰᠬᠡᠷ ᠦᠩᠭᠡ ᠵᠢ ᠨᠡᠩ ᠦᠵᠡᠰᠭᠦᠯᠡᠩᠲᠦ ᠰᠠᠢᠬᠠᠨ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

3 ᠰᠠᠷ᠎ᠠ᠎ᠶ᠋ᠢᠨ 30᠎ᠦ ᠡᠳᠦᠷ᠂ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬ᠍ᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢᠨᠡᠷ ᠪᠡᠭᠡᠵᠢᠩ ᠬᠤᠳᠠ᠎ᠶ᠋ᠢᠨ ᠴᠠᠩᠫᠢᠩ ᠲᠣᠭᠣᠷᠢᠭ᠎ᠤᠨ ᠪᠠᠢ ᠱᠠᠨ ᠪᠠᠯᠭᠠᠰᠤᠨ᠎ᠳᠤ ᠬᠦᠷᠴᠦ᠍ ᠢᠷᠡᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃ ᠵᠢᠷᠤᠭ ᠪᠤᠯ ᠰᠢ ᠵᠢᠨ ᠫᠢᠩ ᠤᠯᠠᠨ᠎ᠲᠡᠶ ᠬᠠᠮᠲᠤ᠎ᠪᠠᠷ ᠮᠣᠳᠣ ᠲᠠᠷᠢᠵᠤ ᠪᠠᠢᠭ᠎ᠠ ᠨᠢ᠃
ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠶᠠᠨ ᠶᠠᠨ ᠰᠡᠭᠦᠳᠡᠷᠯᠡᠪᠡ
ᠨᠡᠢᠰᠯᠡᠯ ᠪᠡᠭᠡᠵᠢᠩ ᠳ᠋ᠤ ᠬᠠᠪᠤᠷ᠎ᠤᠨ ᠤᠷᠢᠬᠠᠨ ᠰᠠᠯᠬᠢ ᠰᠡᠪᠢᠯᠵᠡᠵᠤ᠂ ᠲᠦᠮᠡᠨ ᠪᠣᠳᠠᠰ ᠲᠦᠯᠵᠢᠨ ᠠᠮᠢᠯᠠᠨ᠎ᠠ᠃ ᠦᠳᠡ᠎ᠶ᠋ᠢᠨ ᠡᠮᠦᠨᠡᠬᠢ 10 ᠴᠠᠭ 40 ᠮᠢᠨᠦ᠋ᠲ᠎ᠦᠨ ᠦᠶ᠎ᠡ᠎ᠪᠡᠷ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬ᠍ᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢᠨᠡᠷ ᠬᠠᠮᠲᠤ᠎ᠪᠠᠷ ᠮᠠᠱᠢᠨ ᠲᠡᠷᠭᠡᠨ᠎ᠳᠦ ᠰᠠᠭᠤᠵᠤ᠂ ᠴᠠᠩᠫᠢᠩ ᠲᠣᠭᠣᠷᠢᠭ᠎ᠤᠨ ᠪᠠᠢ ᠱᠠᠨ ᠪᠠᠯᠭᠠᠰᠤᠨ᠎ᠳᠤ ᠬᠦᠷᠴᠦ᠍ ᠢᠷᠡᠨ᠂ ᠺᠠᠳ᠋ᠷ ᠤᠯᠠᠨ ᠲᠦᠮᠡᠨ᠎ᠲᠡᠶ ᠬᠠᠮᠲᠤ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃
ᠮᠣᠳᠣ ᠳᠠᠷᠢᠬᠤ ᠭᠠᠵᠠᠷ ᠨᠢ ᠴᠡᠴᠡᠷᠯᠢᠭ ᠪᠠᠢᠭᠤᠯᠬᠤ ᠪᠡᠷ ᠲᠥᠯᠥᠪᠯᠡᠵᠦ ᠪᠠᠢᠭ᠎ᠠ ᠭᠠᠵᠠᠷ᠎ᠲᠦ ᠪᠠᠢᠷᠢᠯᠠᠵᠤ᠂ ᠴᠡᠴᠡᠷᠯᠢᠭ ᠪᠠᠢᠭᠤᠯᠤᠭ᠍ᠳᠠᠭ᠍ᠰᠠᠨ᠎ᠤ ᠳᠠᠷᠠᠭ᠎ᠠ ᠣᠯᠠᠨ ᠲᠦᠮᠡᠨ᠎ᠳᠦ ᠠᠮᠢ ᠠᠬᠤᠶ᠎ᠶ᠋ᠢᠨ ᠵᠤᠭ᠎ᠠ ᠰᠡᠯᠡᠭᠦᠴᠡᠯ᠎ᠦᠨ ᠣᠷᠣᠨ ᠵᠠᠶ ᠬᠠᠩᠭᠠᠬᠤ ᠪᠣᠯᠤᠨ᠎ᠠ᠃
ᠶᠡᠷᠦᠩᠬᠡᠢ ᠱᠦᠵᠢ ᠬᠦᠷᠴᠤ ᠢᠷᠡᠭ᠌ᠰᠡᠨ᠎ᠢ ᠦᠵᠡᠭᠡᠳ ᠮᠣᠳᠣ ᠲᠠᠷᠢᠵᠤ ᠪᠠᠢᠭ᠍ᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ᠎ᠲᠡᠶ ᠬᠠᠯᠠᠭᠤᠮᠰᠤᠭ᠎ᠢᠶᠡᠷ ᠮᠡᠨᠳᠦᠴᠢᠯᠡᠪᠡ᠃ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠍᠂ ᠬᠦᠷᠵᠡ ᠪᠠᠷᠢᠨ ᠮᠣᠳᠣ ᠲᠠᠷᠢᠬᠤ ᠭᠠᠵᠠᠷ᠎ᠲᠦ ᠬᠦᠷᠴᠤ᠂ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠪᠡᠭᠡᠵᠢᠩ ᠬᠤᠳᠠ᠂ ᠤᠯᠤᠰ᠎ᠤᠨ ᠤᠢ ᠱᠢᠭᠤᠢ ᠪᠠ ᠨᠤᠳᠤᠭ ᠪᠡᠯᠴᠢᠬᠡᠷ᠎ᠤᠨ ᠳᠤᠪᠴᠢᠶ᠎ᠠ᠎ᠶᠢᠨ ᠬᠠᠷᠢᠭᠤᠴᠠᠯᠭᠠᠲᠠᠨ ᠨᠥᠬᠥᠳ ᠵᠢᠴᠢ ᠺᠠᠳ᠋ᠷ ᠤᠯᠠᠨ ᠲᠦᠮᠡᠨ᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠲᠡᠶ ᠬᠠᠮᠲᠤ ᠶᠠᠭᠠᠷᠠᠯᠳᠤᠵᠤ ᠡᠬᠢᠯᠡᠪᠡ᠃
ᠬᠦᠷᠵᠡ ᠪᠠᠷᠢᠨ ᠨᠦᠬᠡ ᠮᠠᠯᠲᠠᠵᠤ᠂ ᠱᠢᠷᠣᠢ ᠪᠡᠷ ᠬᠦᠷᠢᠶᠡᠯᠡᠨ ᠲᠠᠯᠠᠩ ᠪᠤᠰᠬᠠᠵᠤ᠂ ᠰᠠᠭᠤᠯᠠᠭ᠎ᠠ ᠳᠡᠬᠦᠵᠢᠯᠡᠨ ᠤᠰᠤ ᠵᠦᠬᠡᠬᠡᠵᠤ ᠤᠰᠤᠯᠠᠨ᠎ᠠ ᠁ ᠰᠢ ᠵᠢᠨ ᠫᠢᠩ ᠨᠠᠷᠠᠰᠤᠨ ᠮᠣᠳᠣ᠂ ᠪᠡᠭᠡᠵᠢᠩ ᠮᠦᠳᠠᠨ᠂ ᠡᠯᠪᠡᠭᠡᠳᠦ ᠴᠡᠴᠡᠭ᠂ ᠮᠢᠨᠳᠠᠰᠤᠨ ᠬᠠᠯᠢᠰᠤᠨ ᠮᠣᠳᠣ᠂ ᠬᠠᠳᠠᠭᠤ ᠴᠠᠭᠠᠨ ᠵᠡᠷᠭᠡ ᠤᠯᠠᠨ ᠴᠢᠬᠢ ᠮᠣᠳᠣ ᠵᠢ ᠵᠠᠯᠭᠠᠭ᠎ᠠ ᠪᠡᠷ ᠵᠠᠢᠯᠠᠵᠤ ᠰᠠᠭᠤᠯᠭᠠᠪᠠ᠃ ᠲᠡᠷᠡ ᠮᠣᠳᠣ ᠲᠠᠷᠢᠬᠤ᠎ᠶ᠋ᠢᠨ ᠳᠠᠭᠠᠤ ᠬᠡᠦᠬᠡᠳ᠎ᠤᠳ᠎ᠦᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ᠍ ᠳᠠᠪᠳᠠᠨ ᠪᠣᠯᠪᠠᠰᠤᠷᠠᠵᠤ ᠪᠠᠢᠭ᠎ᠠ ᠪᠠ ᠮᠣᠳᠣ ᠲᠠᠷᠢᠬᠤ᠎ᠳᠦ ᠤᠷᠤᠯᠴᠠᠭᠰᠠᠨ ᠪᠠᠢᠳᠠᠯ᠎ᠢ ᠠᠰᠠᠭᠤᠪᠠ᠃ ᠰᠢ ᠵᠢᠨ ᠫᠢᠩ᠂ ᠵᠠᠯᠠᠭᠤᠴᠤᠳ ᠪᠠᠭᠠᠴᠤᠳ ᠪᠤᠯ ᠴᠢᠬᠢ ᠮᠣᠳᠣ ᠱᠢᠭ᠋ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢᠶᠡᠷ ᠪᠢᠯᠬᠠᠵᠤ ᠪᠠᠢᠳᠠᠭ᠂ ᠬᠠᠷᠠᠬᠠᠨ ᠪᠠᠭ᠎ᠠ ᠡᠴᠡ᠎ᠪᠠᠨ ᠠᠯᠤᠰ ᠬᠡᠳᠦ᠍᠎ᠶ᠋ᠢᠨ ᠵᠣᠷᠢᠯᠲᠠ ᠵᠢ ᠪᠤᠢ ᠪᠤᠯᠭᠠᠵᠤ᠂ ᠮᠡᠳᠡᠯᠭᠡ᠎ᠳᠦ ᠬᠠᠢᠷᠠᠲᠠᠢ᠂ ᠬᠥᠳᠡᠯᠮᠦᠷᠢ᠎ᠳᠦ ᠬᠠᠢᠷᠠᠲᠠᠢ᠂ ᠪᠠᠢᠭᠠᠯᠢ᠎ᠳᠤ ᠬᠠᠢᠷᠠᠲᠠᠢ ᠪᠠᠢᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠵᠦ᠍᠂ ᠲᠤᠯᠭᠠᠭᠤᠷᠢ ᠬᠦᠴᠦᠨ ᠪᠣᠯᠵᠤ ᠦᠰᠦᠨ ᠪᠤᠢᠵᠢᠬᠤ ᠪᠡᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠢᠶᠡᠷ ᠪᠢᠯᠬᠠᠵᠤ᠂ ᠮᠠᠰᠢ ᠶᠠᠭᠠᠷᠠᠯᠲᠠᠢ ᠪᠦᠬᠡᠳ ᠤᠷᠮ᠎ᠠ ᠲᠠᠢ ᠠᠵᠢᠯᠯᠠᠵᠠᠭᠠᠪᠠ᠃
ᠰᠢ ᠵᠢᠨ ᠫᠢᠩ ᠲᠤᠬᠠᠢ᠎ᠶ᠋ᠢᠨ ᠲᠠᠯᠠᠪᠠᠢ᠎ᠳᠤ ᠪᠠᠢᠭ᠎ᠠ ᠺᠠᠳ᠋ᠷ ᠤᠯᠠᠨ ᠲᠦᠮᠡᠨ᠎ᠲᠡᠶ ᠳᠣᠲᠣᠨᠣ᠎ᠪᠠᠷ ᠶᠠᠷᠢᠯᠴᠠᠪᠠ᠃ ᠲᠡᠷᠡ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠮᠠᠨ᠎ᠤ ᠤᠯᠤᠰ᠎ᠤᠨ ᠣᠶ ᠱᠢᠭᠤᠶ᠎ᠶ᠋ᠢᠨ ᠲᠠᠯᠠᠪᠠᠶ ᠪᠣᠯᠤᠨ ᠨᠦᠬᠡᠴᠡ᠎ᠶ᠋ᠢᠨ ᠬᠡᠮᠵᠢᠶ᠎ᠡ ᠦᠷᠭᠦᠯᠵᠢᠯᠡᠨ 《ᠬᠤᠤᠰ ᠨᠡᠮᠡᠭ᠌ᠳᠡᠯ》᠎ᠢ᠋ ᠪᠡᠶᠡᠯᠡᠬᠦᠯᠵᠤ᠂ ᠴᠦᠯᠯᠡᠷᠭᠡᠭ᠌ᠵᠢᠯ ᠪᠣᠯᠤᠨ ᠡᠯᠡᠰᠦᠷᠬᠡᠭ᠌ᠵᠢᠯ᠎ᠦᠨ ᠲᠠᠯᠠᠪᠠᠶ ᠦᠷᠭᠦᠯᠵᠢᠯᠡᠨ 《ᠬᠤᠤᠰ ᠬᠠᠰᠤᠭ᠍ᠳᠠᠯ》 ᠲᠠᠢ ᠪᠣᠯᠵᠣ᠂ ᠪᠥᠬᠥ᠌ ᠪᠥᠮᠪᠥᠷᠴᠡᠭ᠎ᠦᠨ ᠨᠣᠭᠣᠭᠠᠷᠠᠭᠤᠯᠤᠯᠲᠠ ᠵᠢᠨ ᠨᠡᠮᠡᠭᠳᠡᠯ᠎ᠢᠶᠡᠷ ᠬᠠᠮᠤᠭ᠎ᠤᠨ ᠶᠡᠬᠡ ᠬᠠᠮᠤᠭ᠎ᠤᠨ ᠲᠦᠷᠭᠡᠨ ᠤᠯᠤᠰ ᠪᠣᠯᠵᠣ᠂ ᠲᠩᠷᠢ᠎ᠨᠢ ᠴᠡᠯᠮᠡᠭ ᠬᠥᠷᠤᠰᠤ ᠨᠢ ᠨᠣᠭᠣᠭᠠᠨ ᠤᠰᠤ᠎ᠨᠢ ᠲᠤᠩᠭᠠᠯᠠᠭ ᠪᠠᠢᠬᠤ ᠨᠢ ᠨᠡᠢᠳᠡᠮ᠎ᠤᠨ ᠦᠵᠡᠭᠳᠠᠯ ᠪᠣᠯᠤᠭ᠍ᠰᠠᠨ ᠪᠠᠢᠨ᠎ᠠ᠃ ᠲᠦᠷᠦᠭᠦᠬᠡᠨ ᠮᠠᠨ᠎ᠤ ᠤᠯᠤᠰ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠨᠡᠢᠲᠡᠯᠡᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠬᠠᠤᠯᠢ ᠪᠡᠷ ᠵᠠᠰᠠᠬᠤ ᠰᠠᠭᠤᠷᠢ᠎ᠶ᠋ᠢ ᠴᠢᠨᠠᠭ᠍ᠰᠢᠳᠠ ᠪᠡᠬᠢᠵᠢᠭᠦᠯᠪᠡ᠃ ᠮᠣᠳᠣ ᠲᠠᠷᠢᠵᠤ ᠣᠢᠵᠢᠭᠤᠯᠬᠤ ᠪᠣᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠨᠢᠭᠡᠨ ᠴᠢᠬᠤᠯᠠ ᠡᠭᠦᠷᠭᠡ ᠪᠣᠯᠤᠨ᠎ᠠ᠂ ᠡᠷᠬᠡᠪᠰᠢ ᠬᠥᠬᠡᠮᠳᠦᠭ ᠠᠭᠤᠯᠠ᠎ᠪᠠᠨ ᠪᠠᠲᠤ ᠰᠠᠬᠢᠵᠤ᠂ ᠣᠳᠣᠬᠢ ᠪᠠᠢᠳᠠᠯ᠎ᠳᠠᠭᠠᠨ ᠰᠠᠭᠤᠷᠢᠯᠠᠵᠤ᠂ ᠠᠯᠤᠰ ᠬᠡᠳᠦ᠍᠎ᠶ᠋ᠢ ᠪᠣᠳᠣᠯᠬᠢᠯᠠᠵᠤ᠂ ᠪᠤᠤᠬᠢᠶ᠎ᠠ ᠳᠠᠮᠵᠢᠭᠤᠯᠤᠨ ᠤᠷᠤᠭ᠍ᠰᠢᠯᠠᠵᠤ᠂ ᠤᠯᠤᠰ᠎ᠲᠤ ᠠᠱᠢᠭ᠍ᠲᠠᠢ ᠠᠷᠠᠳ᠎ᠲᠤ ᠠᠱᠢᠭ᠍ᠲᠠᠢ ᠡᠨᠡ ᠬᠦ᠌ ᠶᠡᠬᠡ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ ᠭᠡᠪᠡ᠃
ᠰᠢ ᠵᠢᠨ ᠫᠢᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠂ ᠪᠠᠰᠠ ᠴᠤ᠌ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠬᠥᠳᠡᠯᠭᠡᠭᠡᠨ᠎ᠢ ᠥᠷᠨᠢᠭᠦᠯᠦᠭ᠌ᠰᠡᠨ 45 ᠵᠢᠯ᠎ᠦᠨ ᠤᠢ ᠪᠣᠯᠤᠨ᠎ᠠ᠃ ᠱᠢᠨ᠎ᠡ ᠪᠠᠢᠳᠠᠯ ᠳᠤᠤᠷ᠎ᠠ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢ ᠠᠬᠢᠭᠤᠯᠬᠤ᠎ᠳᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠮᠤᠳᠤ ᠲᠠᠷᠢᠬᠤ ᠦᠶ᠋ᠯᠡᠰ᠎ᠢ ᠬᠥᠭ᠌ᠵᠢᠭᠦᠯᠬᠦ᠌᠂ ᠠᠷᠠᠳ᠎ᠲᠤ ᠠᠱᠢᠭ ᠬᠦᠷᠲᠡᠭᠡᠬᠦ᠌᠎ᠶ᠋ᠢ ᠨᠠᠩ ᠴᠢᠬᠤᠯᠠᠴᠢᠯᠠᠵᠤ᠂ ᠳᠠᠷᠢᠬᠤ ᠪᠠ ᠬᠠᠮᠢᠶᠠᠷᠬᠤ᠎ᠶ᠋ᠢ ᠵᠡᠷᠭᠡ᠎ᠪᠡᠷ ᠠᠳᠭᠤᠬᠤ᠂ ᠠᠮᠢ ᠠᠬᠤᠶ ᠬᠢᠭᠡᠳ ᠠᠵᠤ ᠦᠶ᠋ᠯᠡᠰ᠎ᠢ ᠵᠡᠷᠭᠡ᠎ᠪᠡᠷ ᠠᠬᠢᠭᠤᠯᠬᠤ᠂ ᠬᠥᠮᠦᠨ ᠪᠠᠢᠭᠠᠯᠢ ᠬᠠᠮᠲᠤ᠎ᠪᠠᠷ ᠣᠷᠣᠱᠢᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠨᠣᠭᠣᠭᠠᠷᠠᠭᠤᠯᠤᠯᠲᠠ᠎ᠶ᠋ᠢᠨ ᠣᠷᠣᠨ ᠵᠠᠢ᠎ᠶ᠋ᠢ ᠨᠢᠭᠡᠳᠦᠯᠲᠡᠢ ᠲᠥᠯᠥᠪᠵᠢᠭᠦᠯᠦᠨ ᠠᠱᠢᠭ᠍ᠯᠠᠵᠤ᠂ ᠭᠠᠵᠠᠷ ᠤᠷᠤᠨ᠎ᠢᠶᠠᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠵᠤ᠂ ᠤᠰᠤ᠎ᠪᠠᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌ ᠠᠵᠢᠯ᠎ᠢ ᠰᠠᠢᠲᠤᠷ ᠬᠢᠵᠦ᠍᠂ ᠮᠣᠳᠣ ᠲᠠᠷᠢᠬᠤ᠎ᠳᠤ ᠲᠣᠬᠢᠷᠠᠮᠵᠢᠲᠠᠢ ᠪᠣᠯ ᠮᠣᠳᠣ ᠲᠠᠷᠢᠵᠤ᠂ ᠡᠪᠡᠰᠦ ᠲᠠᠷᠢᠬᠤ᠎ᠳᠤ ᠲᠣᠬᠢᠷᠠᠮᠵᠢᠲᠠᠢ ᠪᠣᠯ ᠡᠪᠡᠰᠦ ᠲᠠᠷᠢᠬᠤ ᠬᠡᠷᠡᠭ᠌ᠲᠡᠢ᠃ ᠨᠡᠩ ᠶᠡᠬᠡ ᠬᠦᠴᠦ᠍ ᠣᠷᠣᠭᠤᠯᠵᠤ ᠬᠠᠮᠢᠶᠠᠷᠴᠤ᠌ ᠬᠠᠮᠠᠭᠠᠯᠠᠬᠤ ᠠᠵᠢᠯ᠎ᠢ ᠴᠢᠩᠭᠠᠳᠭᠠᠵᠤ᠂ ᠣᠷᠣᠨ ᠬᠤᠪᠢᠶᠠᠨ ᠲᠦᠷᠦᠯ ᠬᠤᠪᠢᠶᠠᠨ ᠤᠢ ᠱᠢᠭᠤᠢ᠎ᠶ᠋ᠢᠨ ᠦᠷᠭᠦᠯᠵᠢᠯᠡᠬᠦ᠌ ᠡᠵᠡᠩᠨᠡᠯᠲᠡ᠎ᠶ᠋ᠢ ᠥᠷᠨᠢᠭᠦᠯᠵᠦ᠍᠂ ᠨᠤᠲᠤᠭ ᠪᠡᠯᠴᠢᠭᠡᠷ᠎ᠢ ᠬᠠᠮᠠᠭᠠᠯᠠᠵᠤ ᠰᠡᠷᠭᠦᠭᠡᠬᠦ᠌ ᠠᠵᠢᠯ᠎ᠢ ᠬᠦᠴᠦᠲᠡᠢ ᠪᠦᠬᠡᠳ ᠪᠦᠲᠦᠮᠵᠢᠲᠡᠢ ᠠᠬᠢᠭᠤᠯᠵᠤ᠂ ᠤᠢ ᠱᠢᠭᠤᠢ ᠨᠤᠲᠤᠭ ᠪᠡᠯᠴᠢᠭᠡᠷ᠎ᠦᠨ ᠶᠠᠰᠤ ᠴᠢᠨᠠᠷ ᠪᠣᠯᠤᠨ ᠦᠢᠯᠡᠳᠦᠯ ᠴᠢᠳᠠᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠲᠦᠢᠮᠡᠷ᠎ᠢ ᠰᠡᠷᠭᠡᠢᠯᠡᠵᠦ᠍ ᠬᠣᠷᠣᠬᠠᠢ᠎ᠶ᠋ᠢ ᠰᠡᠷᠭᠡᠢᠯᠡᠨ ᠨᠣᠭᠣᠭᠠᠷᠠᠭᠤᠯᠤᠯᠲᠠ᠎ᠶ᠋ᠢᠨ ᠦᠷ᠎ᠡ ᠪᠦᠲᠦᠭᠡᠯ᠎ᠢ ᠰᠠᠢᠲᠤᠷ ᠬᠠᠮᠠᠭᠠᠯᠠᠬᠤ ᠬᠡᠷᠡᠭ᠌ᠲᠡᠢ᠃ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠣᠨᠳᠣᠣᠱᠢᠭᠤᠯᠬᠤ ᠠᠷᠭ᠎ᠠ ᠵᠠᠮ᠎ᠢ ᠱᠢᠯᠤᠭᠤᠳᠭᠠᠵᠤ᠂ ᠤᠢ ᠱᠢᠭᠤᠢ ᠡᠪᠡᠰᠦᠨ᠎ᠦ ᠠᠵᠤ ᠦᠢᠯᠡᠰ᠎ᠢ ᠪᠤᠵᠠᠭᠠᠢᠷᠠᠭᠤᠯᠵᠤ᠂ ᠠᠵᠤ ᠠᠬᠤᠢ᠎ᠶ᠋ᠢᠨ ᠦᠷᠳᠡᠭ ᠪᠣᠯᠤᠨ ᠠᠮᠢ ᠠᠬᠤᠢ᠎ᠶ᠋ᠢᠨ ᠦᠷ᠎ᠡ ᠠᠱᠢᠭ᠎ᠢ ᠵᠡᠷᠭᠡ᠎ᠪᠡᠷ ᠳᠡᠭᠡᠭ᠌ᠰᠢᠯᠡᠭᠦᠯᠬᠦ᠌ ᠬᠡᠷᠡᠭ᠌ᠲᠡᠢ᠃ ᠬᠤᠳᠠ ᠬᠥᠳᠡᠭᠡ᠎ᠶ᠋ᠢᠨ ᠨᠣᠭᠣᠭᠠᠷᠠᠭᠤᠯᠤᠯᠲᠠ ᠭᠤᠶᠤᠵᠢᠭᠤᠯᠤᠯᠳᠠ ᠵᠢ ᠬᠠᠮᠵᠢᠯᠴᠠᠨ ᠠᠬᠢᠭᠤᠯᠵᠤ᠂ ᠵᠠᠢ ᠵᠠᠪᠰᠠᠷ ᠪᠦᠬᠦᠨ᠎ᠢ ᠠᠯᠳᠠᠯ ᠦᠭᠡᠢ ᠠᠰᠢᠬᠯᠠᠨ ᠤᠯᠠᠨ ᠲᠦᠮᠡᠨ᠎ᠦ ᠳᠡᠷᠭᠡᠳᠡᠬᠢ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠢ ᠨᠡᠩ ᠤᠯᠠᠨ ᠨᠤᠭᠤᠭᠠᠷᠠᠭᠤᠯᠤᠯᠳᠠ ᠵᠢᠨ ᠬᠦᠷᠲᠡᠮᠵᠢ᠎ᠶ᠋ᠢᠨ ᠲᠦᠷᠦᠭ᠌ᠳᠡᠯ᠎ᠲᠡᠶ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨᠨᠡᠷ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ)