ᠰᠢ ᠵᠢᠨ ᠫᠢᠩ ᠳᠡᠯᠡᠬᠡᠢ ᠎ᠶ᠋ᠢᠨ ᠳ᠋ᠠᠢᠲ᠋ᠠ ᠎ᠶ᠋ᠢᠨ ᠵᠣᠬᠢᠶᠠᠨ ᠪᠠᠢᠭᠤᠯᠤᠯᠲᠠ ᠪᠠᠢᠭᠤᠯᠤᠭ᠍ᠳᠠᠭ᠍ᠰᠠᠨ᠎ᠳᠤ ᠪᠠᠶᠠᠷ᠎ᠤᠨ ᠵᠠᠬᠢᠳᠠᠯ ᠢᠯᠡᠭᠡᠪᠡ
2026-03-31 09:44:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 30 ᠤ᠋ ᠡᠳᠦᠷ᠂ ᠤᠯᠤᠰ ᠎ᠤᠨ ᠲᠡᠷᠢᠭᠦᠯᠡᠭ᠌ᠴᠢ ᠰᠢ ᠵᠢᠨ ᠫᠢᠩ ᠳᠡᠯᠡᠬᠡᠢ᠎ᠶ᠋ᠢᠨ ᠳ᠋ᠠᠢᠲ᠋ᠠ᠎ᠶ᠋ᠢᠨ ᠵᠣᠬᠢᠶᠠᠨ ᠪᠠᠢᠭᠤᠯᠤᠯᠲᠠ᠎ᠪᠠᠢᠭᠤᠯᠤᠭ᠍ᠳᠠᠭ᠍ᠰᠠᠨ ᠎ᠳᠤ ᠪᠠᠶᠠᠷ᠎ᠤᠨ ᠵᠠᠬᠢᠳᠠᠯ ᠢᠯᠡᠭᠡᠪᠡ᠃

ᠰᠢ ᠵᠢᠨ ᠫᠢᠩ᠂ ᠣᠳᠣᠬᠠᠨ ᠎ᠤ ᠳᠡᠯᠡᠬᠡᠶ ᠶᠢᠷᠲᠢᠨᠴᠦ᠍ ᠶᠠᠭ ᠰᠠᠶᠢᠬᠠᠨ ᠳᠦᠷᠭᠡᠨ ᠠᠯᠬᠤᠭ᠎ᠠ ᠪᠠᠷ ᠤᠶᠤᠨᠲᠤ ᠴᠠᠭ ᠦᠶ᠎ᠡ ᠎ᠳᠦ ᠤᠷᠤᠵᠦ᠂ ᠳ᠋ᠠᠢᠲ᠋ᠠ ᠎ᠶ᠋ᠢᠨ ᠰᠠᠭᠤᠷᠢ ᠡᠬᠢ ᠪᠠᠶᠠᠯᠢᠭ ᠎ᠤᠨ ᠦᠢᠯᠡᠳᠦᠯ ᠪᠣᠯᠤᠨ ᠱᠢᠨ᠎ᠡ᠎ᠶ᠋ᠢ ᠡᠭᠦᠳᠬᠦ᠌ ᠪᠡᠷ ᠬᠥᠳᠡᠯᠭᠡᠭᠦᠷ ᠪᠤᠯᠭᠠᠬᠤ ᠦᠢᠯᠡᠳᠦᠯ ᠡᠳᠦᠷ ᠢᠷᠡᠬᠦᠶ᠎ᠡ ᠢᠯᠡ ᠳᠤᠳᠤ ᠪᠤᠯᠵᠤ ᠪᠠᠢᠨ᠎ᠠ᠃ ᠳᠡᠯᠡᠬᠡᠢ ᠎ᠶ᠋ᠢᠨ ᠳ᠋ᠠᠢᠲ᠋ᠠ ᠎ᠶ᠋ᠢᠨ ᠵᠣᠬᠢᠶᠠᠨ ᠪᠠᠢᠭᠤᠯᠤᠯᠲᠠ 《ᠳ᠋ᠠᠢᠲ᠋ᠠ᠎ᠶ᠋ᠢᠨ ᠵᠠᠭᠠᠭ ᠵᠥᠷᠢᠶ᠎ᠠ ᠵᠢ ᠰᠡᠯᠬᠦᠨ ᠨᠥᠬᠥᠪᠥᠷᠢᠯᠡᠵᠦ᠍᠂ ᠳ᠋ᠠᠢᠲ᠋ᠠ᠎ᠶ᠋ᠢᠨ ᠦᠨ᠎ᠡ ᠦᠷᠳᠡᠭ᠎ᠢ ᠪᠠᠳᠠᠷᠠᠭᠤᠯᠵᠤ᠂ ᠲᠣᠭᠠᠴᠢᠯᠠᠭ᠍ᠰᠠᠨ ᠠᠵᠤ ᠠᠬᠤᠢ᠎ᠶ᠋ᠢ ᠬᠦᠭᠵᠢᠭᠦᠯᠬᠦ 》 ᠪᠡᠷ ᠵᠣᠷᠢᠯᠲᠠ ᠪᠣᠯᠭᠠᠵᠤ᠂ ᠤᠯᠠᠨ ᠤᠯᠤᠰ ᠎ᠤᠨ ᠳ᠋ᠠᠢᠲ᠋ᠠ ᠵᠢᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠬᠦ᠌᠂ ᠪᠦᠬᠦ᠌ ᠪᠥᠮᠪᠥᠷᠴᠡᠭ᠎ᠦᠨ ᠳ᠋ᠠᠢᠲ᠋ᠠ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ᠌᠎ᠳᠦ ᠠᠱᠢᠭ᠍ᠲᠠᠢ ᠲᠠᠪᠴᠠᠩ ᠬᠠᠩᠭᠠᠪᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠳᠤᠮᠳᠠᠳᠤ ᠤᠯᠤᠰ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠳᠡᠯᠡᠬᠡᠶ᠎ᠶ᠋ᠢᠨ ᠳ᠋ᠠᠢᠲ᠋ᠠ᠎ᠶ᠋ᠢᠨ ᠵᠣᠬᠢᠶᠠᠨ ᠪᠠᠢᠭᠤᠯᠤᠯᠲᠠ ᠎ᠶ᠋ᠢᠨ ᠦᠶ᠋ᠯᠡᠳᠦᠯ ᠎ᠢᠶᠡᠨ ᠪᠠᠳᠠᠷᠠᠭᠤᠯᠬᠤ ᠎ᠶ᠋ᠢ ᠳᠡᠮᠵᠢᠵᠦ᠍᠂ ᠡᠯ᠎ᠡ ᠲᠠᠯ᠎ᠠ᠎ᠶ᠋ᠢᠨ᠎ᠬᠢᠨ ᠎ᠲᠡᠶ ᠬᠠᠮᠲᠤ᠎ᠪᠠᠷ ᠳ᠋ᠠᠢᠲ᠋ᠠ᠎ᠶ᠋ᠢᠨ ᠵᠠᠰᠠᠯᠲᠠ᠎ᠶ᠋ᠢᠨ ᠲᠦᠷᠢᠮ᠎ᠦᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂  ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ᠎ᠦᠨ ᠱᠢᠨ᠎ᠡ ᠵᠢ ᠡᠭᠦᠳᠬᠦ ᠵᠢ ᠠᠬᠢᠭᠤᠯᠵᠤ᠂ ᠳ᠋ᠠᠢᠲ᠋ᠠ᠎ᠶ᠋ᠢᠨ ᠠᠮᠤᠷ ᠲᠦᠪᠱᠢᠨ ᠡᠮᠬᠢ ᠵᠢᠷᠤᠮ᠎ᠲᠠᠶ ᠱᠢᠯᠵᠢᠬᠦ᠌ ᠪᠠ ᠥᠨᠳᠥᠷ ᠪᠦᠲᠦᠮᠵᠢᠲᠡᠶ ᠨᠡᠭᠡᠭᠡᠨ ᠠᠱᠢᠭ᠍ᠯᠠᠬᠤ᠎ᠶ᠋ᠢ ᠠᠬᠢᠭᠤᠯᠵᠤ᠂ ᠪᠥᠬᠥ᠌ ᠪᠥᠮᠪᠥᠷᠴᠡᠭ᠎ᠦᠨ ᠲᠣᠭᠠᠴᠢᠯᠠᠭ᠍ᠰᠠᠨ ᠠᠵᠤ ᠠᠬᠤᠶ᠎ᠶ᠋ᠢᠨ ᠡᠷᠡᠭᠦᠯ ᠎ᠢᠶᠡᠷ ᠬᠥᠭ᠌ᠵᠢᠬᠦ᠌᠎ᠳᠦ ᠦᠶ᠋ᠯᠡᠴᠢᠯᠡᠵᠦ᠍᠂ ᠳ᠋ᠠᠢᠲ᠋ᠠ᠎ᠶ᠋ᠢᠨ ᠦᠷ᠎ᠡ ᠠᠱᠢᠭ ᠵᠢᠡᠷ ᠡᠯ᠎ᠡ ᠤᠯᠤᠰ᠎ᠤᠨ ᠠᠷᠠᠳ ᠲᠦᠮᠡᠨ᠎ᠳᠦ ᠨᠠᠩ ᠰᠠᠢᠳᠤᠷ ᠪᠤᠶᠠᠨ ᠦᠶ᠋ᠯᠡᠳᠦᠨ᠎ᠡ ᠭᠡᠵᠦ᠍ ᠴᠢᠬᠤᠯᠠᠴᠢᠯᠠᠪᠠ᠃

ᠳᠡᠯᠡᠬᠡᠶ᠎ᠶ᠋ᠢᠨ ᠳ᠋ᠠᠢᠲ᠋ᠠ᠎ᠶ᠋ᠢᠨ ᠵᠣᠬᠢᠶᠠᠨ ᠪᠠᠢᠭᠤᠯᠤᠯᠲᠠ ᠪᠠᠢᠭᠤᠯᠤᠭ᠍ᠳᠠᠬᠤ ᠶᠡᠬᠡ ᠬᠤᠷᠠᠯ ᠲᠤᠬᠠᠶ᠎ᠶ᠋ᠢᠨ ᠡᠳᠦᠷ ᠪᠡᠭᠡᠵᠢᠩ᠎ᠳᠦ ᠶᠠᠪᠤᠭ᠍ᠳᠠᠵᠤ᠂ 《 ᠳ᠋ᠠᠢᠲ᠋ᠠ᠎ᠶ᠋ᠢᠨ ᠬᠠᠮᠲᠤᠷᠠᠯᠴᠠᠭᠠᠨ᠎ᠤ ᠲᠠᠪᠴᠠᠩ ᠎ᠢ ᠬᠠᠮᠲᠤ ᠎ᠪᠠᠷ ᠪᠠᠢᠭᠤᠯᠵᠤ· ᠲᠣᠭᠠᠴᠢᠯᠠᠯᠳᠠ ᠵᠢᠨ ᠬᠥᠭ᠌ᠵᠢᠯᠲᠡ᠎ᠶ᠋ᠢᠨ ᠠᠵᠠ ᠲᠣᠬᠢᠶᠠᠯ ᠎ᠢ ᠬᠠᠮᠲᠤ ᠎ᠪᠠᠷ ᠡᠳ᠋ᠯᠡᠶ᠎ᠡ 》 ᠬᠡᠬᠦ ᠪᠡᠷ ᠭᠤᠤᠯ ᠰᠡᠳᠦᠪ ᠪᠤᠯᠭᠠᠵᠠᠢ᠃ ᠲᠤᠰ ᠵᠣᠬᠢᠶᠠᠨ ᠪᠠᠢᠭᠤᠯᠤᠯᠲᠠ᠎ᠶ᠋ᠢᠨ ᠭᠡᠱᠢᠭᠦᠳ᠎ᠲᠦ ᠪᠦᠬᠦ᠌ ᠪᠥᠮᠪᠥᠷᠴᠡᠭ᠎ᠦᠨ ᠳ᠋ᠠᠢᠲ᠋ᠠ᠎ᠶ᠋ᠢᠨ ᠬᠦᠷᠢᠶᠡᠨ᠎ᠦ ᠬᠣᠯᠪᠣᠭ᠍ᠳᠠᠯ ᠪᠦᠬᠦᠢ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠤᠶᠤᠨ᠎ᠤ ᠬᠥᠮᠥᠷᠭᠡ ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠡᠷᠭᠡ ᠪᠠᠭ᠍ᠲᠠᠨ᠎ᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号