ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠲᠠᠢᠸᠠᠨ᠎ᠤ ᠠᠵᠢᠯ᠎ᠤᠨ ᠠᠯᠪᠠᠨ ᠬᠡᠷ᠎ᠦᠨ ᠡᠷᠬᠢᠯᠡᠭᠴᠢ ᠰᠦᠨᠭ ᠲᠤᠤ 30 ᠤ᠋ ᠡᠳᠦᠷ᠂ ᠳᠤᠮᠳᠠᠳᠤ ᠤᠯᠤᠰ᠎ᠤᠨ ᠭᠣᠮᠢᠨᠳᠠᠩ᠎ᠤᠨ ᠲᠡᠷᠢᠭᠦᠯᠡᠭᠴᠢ ᠵᠧᠩ ᠯᠢᠸᠸᠨ ᠲᠤᠱᠢᠶᠠᠯ᠎ᠳᠤ ᠭᠠᠷᠤᠭ᠍ᠰᠠᠨ᠎ᠡᠴᠡ ᠨᠠᠭᠠᠰᠢ ᠣᠯᠠᠨ ᠤᠳᠠᠭ᠎ᠠ ᠡᠬᠡ ᠬᠠᠭᠤᠷᠠᠢ᠎ᠳᠤ ᠢᠷᠡᠵᠤ ᠠᠢᠯᠴᠢᠯᠠᠯᠳᠠ ᠬᠢᠬᠦ ᠬᠦᠰᠡᠯ ᠵᠢᠠᠨ ᠢᠯᠡᠳᠭᠡᠵᠡᠢ᠃ ᠭᠣᠮᠢᠨᠳᠠᠩ ᠡᠪ ᠬᠠᠮᠲᠤ ᠨᠠᠮ ᠬᠣᠶᠠᠷ ᠨᠠᠮ᠎ᠤᠨ ᠬᠠᠷᠢᠴᠠᠭ᠎ᠠ ᠪᠠ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠲᠥᠯᠥᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠠ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠭᠣᠮᠢᠨᠳᠠᠩ ᠤ᠋ᠨ ᠲᠡᠷᠢᠭᠦᠯᠡᠭ᠌ᠴᠢ ᠵᠧᠩ ᠯᠢ ᠸᠸᠨ ᠳᠤᠮᠳᠠᠳᠤ ᠤᠯᠤᠰ᠎ᠤᠨ ᠭᠣᠮᠢᠨᠳᠠᠩ ᠤ᠋ᠨ ᠠᠢᠯᠴᠢᠯᠠᠯᠲᠠ᠎ᠶ᠋ᠢᠨ ᠪᠦᠯᠬᠦᠮ᠎ᠢ ᠳᠠᠭᠠᠭᠤᠯᠤᠨ 4 ᠰᠠᠷ᠎ᠠ᠎ᠶ᠋ᠢᠨ 7 ᠡᠴᠡ 12 ᠤ᠋ᠨ ᠡᠳᠦᠷ ᠪᠣᠯᠲᠠᠯ᠎ᠠ ᠵᠢᠶᠠᠩᠰᠦ᠂ ᠱᠠᠩᠬᠠᠢ᠂ ᠪᠡᠭᠡᠵᠢᠩ᠎ᠳᠦ ᠢᠷᠡᠵᠦ ᠲᠣᠭᠣᠷᠢᠨ ᠦᠵᠡᠵᠦ᠍ ᠠᠢᠯᠴᠢᠯᠠᠯᠳᠠ ᠬᠢᠬᠦ᠎ᠶ᠋ᠢ ᠪᠠᠶᠠᠷᠯᠠᠨ ᠤᠭ᠍ᠲᠤᠬᠤ᠎ᠶ᠋ᠢᠨ ᠬᠠᠮᠲᠤ ᠤᠷᠢᠵᠦ ᠪᠠᠢᠬᠤ ᠵᠢ ᠪᠢ ᠡᠷᠬᠡ ᠬᠦᠯᠢᠶᠡᠨ ᠨᠡᠢᠲᠡᠯᠡᠶ᠎ᠡ ᠭᠡᠵᠦ ᠢᠯᠡᠳᠭᠡᠪᠡ᠃
ᠰᠦᠩ ᠲᠤᠤ᠂ ᠪᠢᠳᠡ ᠭᠣᠮᠢᠨᠳᠠᠩ ᠤᠨ ᠲᠠᠯ᠎ᠠ᠎ᠶ᠋ᠢᠨ ᠬᠢᠨ᠎ᠲᠡᠶ ᠵᠧᠩ ᠯᠢ ᠸᠸᠨ ᠲᠡᠷᠢᠭᠦᠯᠡᠭ᠌ᠴᠢ ᠵᠢᠨ ᠠᠢᠯᠴᠢᠯᠠᠯᠲᠠ ᠬᠢᠬᠦ ᠶᠠᠪᠤᠳᠠᠯ ᠤᠨ ᠲᠤᠬᠠᠢ ᠤᠯᠤᠯᠴᠠᠵᠦ᠍᠂ ᠵᠣᠬᠢᠰᠲᠠᠢ ᠲᠤᠬᠢᠷᠠᠭᠤᠯᠤᠨ᠎ᠠ ᠭᠡᠵᠦ ᠢᠯᠡᠳᠭᠡᠪᠡ᠃
(ᠱᠢᠠᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ )
ᠳᠤᠮᠳᠠᠳᠤ ᠤᠯᠤᠰ᠎ᠤᠨ ᠭᠣᠮᠢᠨᠳᠠᠩ ᠤ᠋ᠨ ᠲᠡᠷᠢᠭᠦᠯᠡᠭ᠌ᠴᠢ᠎ᠶ᠋ᠢᠨ ᠠᠯᠪᠠᠨ ᠭᠡᠷ 30 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ ᠲᠡᠷᠢᠭᠦᠯᠡᠭ᠌ᠴᠢ ᠵᠧᠩ ᠯᠢ ᠸᠸᠨ ᠤ᠋ ᠪᠦᠯᠬᠦᠮ ᠳᠠᠭᠠᠭᠤᠯᠤᠨ ᠡᠬᠡ ᠬᠠᠭᠤᠷᠠᠢ᠎ᠳᠤ ᠠᠢᠯᠴᠢᠯᠠᠯᠳᠠ ᠬᠢᠬᠦ ᠵᠢ ᠤᠷᠢᠪᠠ᠂ ᠲᠡᠷᠢᠭᠦᠯᠡᠭ᠌ᠴᠢ ᠵᠧᠩ ᠯᠢ ᠸᠸᠨ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠤᠷᠢᠯᠭ᠎ᠠ᠎ᠶ᠋ᠢ ᠪᠠᠶᠠᠷ ᠲᠠᠢ ᠬᠦᠯᠢᠶᠡᠨ ᠠᠪᠤᠪᠠ᠃ ᠬᠣᠶᠠᠷ ᠨᠠᠮ ᠬᠠᠮᠲᠤ ᠪᠡᠷ ᠴᠢᠷᠮᠠᠢᠵᠤ᠂ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡ᠎ᠶ᠋ᠢᠨ ᠬᠠᠷᠢᠴᠠᠭᠠᠨ᠎ᠤ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠲᠠᠢᠸᠠᠨ ᠬᠣᠭᠣᠯᠠᠶ ᠶ᠋ᠢᠨ ᠬᠣᠶᠠᠷ ᠬᠦᠪᠡᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠵᠤ᠂ ᠲᠠᠢᠸᠠᠨ ᠬᠣᠭᠣᠯᠠᠶ ᠵᠢᠨ ᠡᠩᠬᠡ ᠲᠠᠢᠪᠤᠩ᠎ᠤᠨ ᠲᠦᠯᠦᠭᠡ ᠴᠢᠷᠮᠠᠢᠵᠤ᠂ ᠠᠷᠠᠳ ᠤᠨ ᠠᠮᠢᠳᠤᠷᠠᠯ᠎ᠤᠨ ᠠᠵᠠ ᠵᠢᠷᠭᠠᠯ ᠢ ᠨᠡᠮᠡᠭᠳᠡᠬᠦᠯᠬᠦ᠎ᠶ᠋ᠢ ᠬᠦᠰᠡᠵᠦ᠍ ᠪᠠᠢᠨ᠎ᠠ ᠭᠡᠵᠤ ᠢᠯᠡᠳᠭᠡᠪᠡ᠃
(ᠱᠢᠨᠬᠤᠸᠠ ᠬᠣᠷᠢᠶ᠎ᠠ ᠵᠢᠨ ᠲᠠᠢ᠌ᠪᠸᠢ ᠵᠢᠨ 3 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ)