3 ᠰᠠᠷ᠎ᠠ᠎ᠶ᠋ᠢᠨ 30 ᠤ᠋ ᠡᠳᠦᠷ᠂ ᠪᠦᠬᠦ᠌ ᠣᠷᠣᠨ᠎ᠤ ᠰᠣᠨᠢᠨ ᠮᠡᠳᠡᠭᠡᠨ᠎ᠦ ᠹᠷᠣᠨᠲ ᠤ᠋ᠨ 《ᠡᠮᠦᠨ᠎ᠡ ᠹᠷᠣᠨᠲ ᠲᠤ᠌ ᠬᠦᠨᠵᠡᠬᠡᠢᠷᠡᠵᠤ ᠵᠣᠬᠢᠶᠠᠯ᠎ᠤᠨ ᠰᠤᠷᠲᠠᠯ ᠵᠢᠡᠨ ᠰᠠᠢᠵᠢᠷᠠᠭᠤᠯᠤᠶ᠎ᠠ》 ᠭᠡᠮᠡᠬᠥ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠬᠥᠬᠡᠬᠣᠲᠠ᠎ᠳᠤ ᠡᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠸᠢᠳᠢᠣ᠋ ᠬᠡᠯᠪᠡᠷᠢ᠎ᠪᠡᠷ ᠬᠤᠷᠠᠯ ᠬᠤᠷᠠᠯᠳᠤᠭᠤᠯᠵᠤ᠂ ᠪᠦᠬᠦ᠌ ᠣᠷᠣᠨ᠎ᠤ ᠰᠤᠷᠪᠤᠯᠵᠢᠯᠠᠭ᠎ᠠ᠎ᠶ᠋ᠢᠨ ᠠᠵᠢᠯᠯᠠᠭ᠎ᠠ᠎ᠶ᠋ᠢ ᠲᠤᠬᠢᠷᠠᠭᠤᠯᠤᠨ ᠪᠠᠢᠷᠢᠯᠠᠭᠤᠯᠪᠠ᠃
ᠪᠦᠬᠦ᠌ ᠣᠷᠣᠨ᠎ᠤ ᠰᠣᠨᠢᠨ ᠮᠡᠳᠡᠭᠡᠨ᠎ᠦ ᠹᠷᠣᠨᠲ ᠤ᠋ᠨ 《ᠡᠮᠦᠨ᠎ᠡ ᠹᠷᠣᠨᠲ ᠲᠤ᠌ ᠬᠦᠨᠵᠡᠬᠡᠢᠷᠡᠵᠤ ᠵᠣᠬᠢᠶᠠᠯ᠎ᠤᠨ ᠰᠤᠷᠲᠠᠯ ᠵᠢᠡᠨ ᠰᠠᠢᠵᠢᠷᠠᠭᠤᠯᠤᠶ᠎ᠠ》 ᠭᠡᠮᠡᠬᠥ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠡᠬᠢᠯᠡᠯᠲᠡ᠎ᠶ᠋ᠢᠨ ᠵᠢᠯ ᠳ᠋ᠤ ᠱᠢᠨ᠎ᠡ ᠵᠠᠮᠨᠡᠭᠡᠭᠡᠬᠦ᠌ ᠶᠡᠷᠦᠩᠬᠡᠶ ᠪᠠᠢᠷᠢᠯᠠᠭᠤᠯᠤᠯᠲᠠ ᠪᠠ ᠭᠠᠯ ᠬᠠᠯᠠᠭᠤᠨ ᠦᠶ᠋ᠯᠡᠳᠦᠯᠭᠡ᠂ ᠪᠦᠬᠦ᠌ ᠣᠷᠣᠨ᠎ᠤ ᠭᠣᠣᠯᠳᠠᠯᠭ᠎ᠠ᠎ᠲᠠᠶ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ ᠪᠣᠯᠤᠨ ᠴᠢᠬᠤᠯᠠ ᠦᠷ᠎ᠡ ᠪᠦᠲᠦᠭᠡᠯ᠂ ᠠᠷᠠᠳ᠎ᠤᠨ ᠲᠥᠯᠥᠭᠡ ᠠᠵᠢᠯ ᠬᠢᠵᠤ ᠠᠵᠤ ᠠᠬᠤᠢᠯᠠᠯ᠎ᠢ ᠲᠤᠰᠠᠯᠠᠬᠤ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠪᠠ ᠢᠳᠡᠪᠬᠢᠲᠡᠶ ᠲᠤᠰᠭᠠᠯ᠂ ᠡᠯ᠎ᠡ ᠠᠵᠢᠯ ᠲᠥᠷᠥᠯ᠎ᠦᠨ ᠬᠦᠷᠢᠶᠡᠨ᠎ᠳ᠋ᠡᠬᠢ ᠵᠢᠱ᠌ᠢᠶᠡᠴᠢ ᠬᠥᠮᠦᠰ ᠪᠠ ᠨᠡᠢᠲᠡᠯᠢᠭ ᠦᠯᠢᠭᠡᠷ ᠵᠡᠷᠭᠡ ᠵᠢᠨ ᠲᠤᠭᠤᠷᠢᠨ ᠳ᠋ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠵᠠᠮ ᠢ᠋ ᠲᠦᠷᠭᠡᠳᠭᠡᠨ ᠨᠡᠭᠡᠭᠡᠬᠦ᠌ ᠭᠠᠯ ᠬᠠᠯᠠᠭᠤᠨ ᠦᠢᠯᠡᠳᠦᠯᠭᠡ ᠵᠢ ᠶᠡᠬᠡ ᠪᠡᠷ ᠤᠬᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠭᠦᠯᠵᠤ ᠠᠩᠬᠠᠨ ᠤ᠋ ᠠᠯᠬᠤᠮ᠎ᠢ ᠰᠠᠢᠳᠤᠷ ᠠᠯᠬᠤᠬᠤ ᠳ᠋ᠤ ᠰᠠᠢᠨ ᠰᠠᠢᠬᠠᠨ ᠠᠭᠤᠷ ᠠᠮᠢᠰᠭᠤᠯ᠎ᠢ ᠴᠢᠷᠮᠠᠢᠨ ᠪᠣᠶ ᠪᠣᠯᠭᠠᠬᠤ ᠪᠤᠯᠤᠨ᠎ᠠ᠃
ᠠᠵᠢᠯᠯᠠᠭ᠎ᠠ ᠡᠬᠢᠯᠡᠭ᠌ᠰᠡᠨ᠎ᠦ ᠳᠠᠷᠠᠭ᠎ᠠ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠰᠣᠨᠢᠨ ᠮᠡᠳᠡᠭᠡᠨ᠎ᠦ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠲᠦᠷᠦᠭᠦᠯᠡᠨ ᠡᠮᠦᠨ᠎ᠠ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠵᠤ᠂ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠪᠠᠢᠭᠤᠯᠭ᠎ᠠ ᠨᠢᠭᠡᠴᠢ᠂ ᠡᠷᠳᠡᠮ ᠱᠢᠨᠵᠢᠯᠡᠭᠡᠨ᠎ᠦ ᠬᠦᠷᠢᠶᠡᠯᠡᠩ ᠭᠠᠵᠠᠷ᠂ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠢᠯᠠᠯ ᠦᠢᠯᠡᠳᠪᠦᠷᠢ ᠠᠭᠤᠷᠬᠠᠶ᠂ ᠪᠠᠷᠢᠯᠭ᠎ᠠ᠎ᠶ᠋ᠢᠨ ᠭᠠᠵᠠᠷ᠂ ᠵᠠᠮ ᠬᠠᠷᠢᠯᠴᠠᠭ᠎ᠠ ᠬᠢᠯᠢ ᠵᠢᠨ ᠪᠣᠭᠣᠮᠲᠠ ᠵᠡᠷᠭᠡ ᠳ᠋ᠤ ᠬᠦᠷᠴᠤ ᠭᠦᠨᠵᠡᠭᠡᠢ ᠰᠤᠷᠪᠤᠯᠵᠢᠯᠠᠵᠤ᠂ ᠰᠡᠳᠦᠪ ᠰᠣᠩᠭᠣᠵᠤ ᠤᠬᠠᠭᠠᠯᠠᠬᠤ ᠪᠠᠨ ᠴᠢᠩᠭᠠᠳᠬᠠᠬᠤ᠂ ᠮᠡᠳᠡᠭᠡᠯᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠂ ᠳᠠᠮᠵᠢᠭᠤᠯᠭ᠎ᠠ᠎ᠶ᠋ᠢᠨ ᠠᠴᠢᠶᠠᠯᠠᠪᠤᠷᠢ ᠵᠢ ᠪᠠᠶᠠᠯᠢᠭᠵᠢᠭᠤᠯᠬᠤ ᠪᠡᠷ ᠳᠠᠮᠵᠢᠨ ᠮᠡᠳᠡᠭᠡᠯᠡᠯ᠎ᠦᠨ ᠳᠣᠲᠣᠨᠣᠰᠣᠭ ᠬᠦᠴᠦᠨ᠂ ᠲᠠᠲᠠᠬᠤ ᠬᠦᠴᠦ᠍ᠨ᠂ ᠨᠥᠯᠥᠭᠡᠯᠡᠬᠦ᠌ ᠬᠦᠴᠦᠨ ᠢ᠋ ᠴᠢᠷᠮᠠᠢᠨ ᠴᠢᠩᠭᠠᠳᠬᠠᠵᠤ᠂ ᠢᠳᠡᠪᠬᠢ ᠬᠦᠴᠦᠨ᠂ ᠴᠢᠨᠠᠷ ᠴᠢᠨᠰᠠᠭ᠎ᠠ᠂ ᠶᠡᠬᠡ ᠤᠷᠤᠰᠴᠠ᠎ᠶ᠋ᠢᠨ ᠣᠷᠭᠠᠨᠢᠭ ᠨᠢᠭᠡᠳᠦᠯ ᠢ᠋ ᠪᠡᠶᠡᠯᠡᠭᠦᠯᠵᠤ᠂ ᠥᠪᠥᠷ ᠮᠣᠩᠭᠣᠯ᠎ᠤᠨ ᠦᠯᠢᠭᠡᠷ᠎ᠢ ᠠᠮᠢᠳᠤᠯᠢᠭ ᠰᠠᠢᠬᠠᠨ ᠶᠠᠷᠢᠵᠤ᠂ ᠥᠪᠥᠷ ᠮᠣᠩᠭᠣᠯ᠎ᠤᠨ ᠳᠠᠭᠤᠨ᠎ᠢ ᠰᠠᠢᠲᠤᠷ ᠳᠠᠮᠵᠢᠭᠤᠯᠤᠨ᠎ᠠ᠃
ᠣᠢᠯᠠᠭᠠᠭ᠍ᠰᠠᠨ᠎ᠢᠶᠠᠷ᠂ ᠲᠤᠰ ᠤᠳᠠᠭ᠎ᠠ ᠵᠢᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ 12 ᠰᠠᠷ᠎ᠠ᠎ᠶ᠋ᠢᠨ ᠡᠴᠦᠰ ᠪᠣᠯᠲᠠᠯ᠎ᠠ ᠶᠠᠪᠤᠭ᠍ᠳᠠᠨ᠎ᠠ᠃