《ᠠᠷᠠᠳ᠎ᠤᠨ ᠡᠳᠦᠷ᠎ᠦᠨ ᠰᠣᠨᠢᠨ》 ᠤ᠋ ᠲᠡᠷᠢᠭᠦᠨ ᠨᠢᠭᠤᠷᠲᠤ᠌ ᠨᠡᠢᠳᠡᠯᠡᠭᠳᠡᠪᠡ
ᠶᠠᠩᠭᠠᠷ ᠪᠦᠵᠢᠭ ᠤ᠋ᠨ ᠠᠶ᠎ᠠ ᠡᠬᠢᠯᠡᠬᠦ ᠪᠡᠷ 64 ᠨᠠᠰᠤᠲᠠᠶ ᠬᠤᠸᠠᠩ ᠹᠸᠩ ᠬᠤᠸᠠ ᠨᠠᠰᠤᠳᠠᠨ ᠥᠩᠭᠡᠲᠦ ᠠᠯᠴᠢᠭᠤᠷ᠎ᠢᠶᠡᠨ ᠰᠠᠵᠢᠯᠠᠨ ᠬᠥᠩᠭᠡᠨ ᠱᠠᠯᠠᠮᠠᠭᠠᠶ ᠬᠦᠳᠡᠯᠵᠤ ᠬᠦᠭᠵᠢᠮ᠎ᠢ ᠲᠠᠭᠠᠵᠤ ᠤᠷᠮᠠᠳᠠᠢᠬᠠᠨ ᠪᠦᠵᠢᠭᠯᠡᠨ᠎ᠠ᠃ 《ᠥᠩᠭᠡᠷᠡᠭᠡᠭ᠌ᠰᠡᠨ᠎ᠳᠦ ᠦᠷᠭᠦᠯᠵᠢ ᠲᠣᠰᠭᠣᠨ᠎ᠤ ᠬᠡᠷᠡᠮ᠎ᠦᠨ ᠤᠭᠲᠤ ᠰᠠᠭᠤᠵᠤ ᠨᠡᠷᠡᠨ᠎ᠳᠦ ᠡᠭᠡᠭᠡᠳᠡᠭ᠂ ᠣᠳᠣ ᠡᠭᠡᠴᠢ ᠦᠬᠢᠨ ᠳᠡᠭᠦᠦ᠍᠎ᠨᠡᠷ᠎ᠲᠡᠶ᠎ᠪᠡᠨ ᠶᠠᠩᠭᠠᠷ ᠪᠥᠵᠢᠭ᠌ᠯᠡᠨᠠ᠂ ᠪᠠᠰᠠ ᠬᠠᠢᠴᠢᠯᠠᠮᠠᠯ ᠬᠠᠢᠴᠢᠯᠠᠬᠤ᠎ᠶ᠋ᠢ ᠰᠤᠷᠤᠬᠰᠠᠨ᠂ ᠠᠮᠢᠳᠤᠷᠠᠯ ᠮᠠᠰᠢ ᠤᠳᠬ᠎ᠠ ᠠᠭᠤᠯᠭ᠎ᠠ ᠲᠠᠢ ᠪᠠᠢᠨ᠎ᠠ ! 》 ᠭᠡᠵᠤ ᠪᠠᠶᠠᠷᠳᠠᠢᠬᠠᠨ ᠶᠠᠷᠢᠵᠤ ᠪᠢᠯᠡ᠃
ᠡᠨᠳᠡᠬᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠴᠠᠪ ᠬᠣᠲᠠ᠎ᠶ᠋ᠢᠨ ᠱᠢᠩ ᠾᠧ ᠱᠢᠶᠠᠨ᠎ᠤ ᠵᠢᠦ ᠶᠢᠩ ᠼᠦᠨ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠥᠷᠲᠡᠭᠡ ᠪᠣᠯᠤᠨ᠎ᠠ᠂ ᠨᠠᠰᠤᠲᠠᠢᠴᠤᠳ᠎ᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠠᠲᠤᠯᠠᠬᠤ᠎ᠶ᠋ᠢᠨ ᠬᠠᠮᠲᠤ ᠪᠠᠰᠠ ᠰᠣᠶᠣᠯ ᠵᠤᠭ᠎ᠠ ᠴᠡᠩᠭᠡᠯ᠂ ᠡᠷᠡᠭᠦᠯᠵᠢᠯ᠎ᠦᠨ ᠪᠣᠯᠪᠠᠰᠤᠷᠠᠯ ᠵᠡᠷᠭᠡ ᠣᠯᠠᠨ ᠡᠱᠢᠵᠢᠭ᠌ᠰᠡᠨ ᠦᠶ᠋ᠯᠡᠴᠢᠯᠡᠭᠡ ᠬᠠᠩᠭᠠᠵᠤ᠂ 《ᠭᠠᠭ᠍ᠴᠠᠭᠠᠷ ᠰᠠᠭᠤᠵᠤ》 ᠪᠠᠢᠭ᠍ᠰᠠᠨ᠎ᠢ 《ᠬᠠᠮᠳᠤ ᠳᠠᠭᠠᠨ ᠵᠢᠷᠭᠠᠬᠤ》 ᠪᠣᠯᠭᠠᠨ ᠬᠤᠪᠢᠷᠠᠭᠤᠯᠵᠤ᠂ ᠥᠲᠡᠯᠪᠡᠯ ᠭᠥᠷᠳᠡᠬᠦ᠌ ᠠᠰᠠᠷᠠᠮᠵᠢ᠎ᠲᠠᠶ᠂ ᠥᠲᠡᠯᠪᠡᠯ ᠪᠠᠶᠠᠷ ᠪᠠᠶᠠᠰᠤᠯ᠎ᠲᠠᠶ ᠪᠠᠢᠬᠤ᠎ᠶ᠋ᠢ ᠪᠡᠶᠡᠯᠡᠭᠦᠯᠵᠠᠢ᠃
2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠨᠡᠩ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠶᠡᠷᠦᠩᠬᠡᠢ ᠱᠦᠵᠢ ᠰᠢ ᠵᠢᠨ ᠫᠢᠩ᠄ 《ᠱᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ ᠪᠣᠯᠤᠨ ᠠᠷᠠᠳ᠎ᠤᠨ ᠠᠮᠢᠳᠤᠷᠠᠯ᠎ᠤᠨ ᠠᠵᠢᠯ᠎ᠤᠨ ᠱᠢᠨ᠎ᠡ ᠣᠨᠴᠠᠯᠢᠭ᠎ᠢ ᠣᠨᠣᠪᠴᠢᠲᠠᠢ ᠡᠵᠡᠮᠳᠡᠵᠦ᠍᠂ ᠡᠪᠡᠷᠰᠢᠶᠡᠯ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠦᠴᠢᠷᠳᠡᠯ᠎ᠢ ᠢᠯᠠᠨ ᠳᠠᠪᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠳ᠋ᠤ ᠠᠷᠠᠳ᠎ᠤᠨ ᠠᠮᠢᠳᠤᠷᠠᠯᠬᠠᠮᠤᠭᠤᠨ ᠲᠤᠮᠤ ᠶᠠᠪᠤᠳᠠᠯ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠤᠷᠪᠠᠭᠤᠯᠵᠤ ᠦᠵᠡᠪᠡᠯ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠴᠢᠬᠤᠯᠠ ᠪᠠᠢᠷᠢᠨ᠎ᠳᠤ ᠲᠠᠯᠪᠢᠵᠠᠢ᠃ 5 ᠲᠠᠯ᠎ᠠ 20 ᠵᠦᠶ᠋ᠯ᠎ᠦᠨ ᠭᠤᠤᠯ ᠬᠦᠢᠴᠡᠳᠬᠡᠯ ᠲᠣᠭ᠎ᠠ᠎ᠶ᠋ᠢᠨ ᠳᠣᠲᠣᠷ᠎ᠠ ᠠᠷᠠᠳ᠎ᠤᠨ ᠠᠮᠢᠳᠤᠷᠠᠯ᠎ᠤᠨ ᠬᠦᠢᠴᠡᠳᠬᠡᠯ ᠲᠣᠭ᠎ᠠ 7 ᠵᠦᠶ᠋ᠯ ᠪᠠᠢᠵᠤ᠂ ᠡᠵᠡᠯᠡᠬᠦ᠌ ᠬᠠᠷᠢᠴᠠᠯ᠎ᠨᠢ 1 / 3᠎ᠶ᠋ᠢ ᠳᠠᠪᠠᠪᠠ᠃ 《ᠠᠷᠪᠠᠨ ᠲᠠᠪᠤᠳᠤᠭᠠᠷ ᠲᠠᠪᠤᠨ ᠵᠢᠯ》 ᠳ᠋ᠤ᠌ ᠡᠷᠡᠮᠡᠬᠡᠢᠯᠡᠨ ᠤᠷᠤᠭ᠍ᠰᠢᠯᠠᠬᠤ ᠳ᠋ᠠᠭᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠬᠢᠨ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠬᠦᠴᠢᠷᠳᠡᠯᠲᠡᠶ ᠣᠯᠠᠨ ᠲᠦᠮᠡᠨ᠎ᠢ ᠬᠠᠯᠠᠮᠵᠢᠯᠠᠬᠤ᠂ ᠦᠨᠳᠦᠰᠦᠨ ᠱᠠᠲᠤᠨ᠎ᠤ ᠡᠮᠴᠢᠯᠡᠭᠡ᠎ᠶ᠋ᠢ ᠰᠠᠢᠵᠢᠷᠠᠭᠤᠯᠬᠤ ᠵᠡᠷᠭᠡ᠎ᠪᠡᠷ ᠴᠢᠬᠤᠯᠠ ᠬᠦᠴᠦᠯᠡᠬᠦ᠌ ᠴᠡᠭ ᠪᠣᠯᠭᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠤᠨ᠎ᠠ᠃
ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠶᠠᠰᠤ ᠴᠢᠨᠠᠷ ᠦᠷ᠎ᠡ ᠠᠰᠢᠭ᠎ᠢ ᠳᠡᠭᠡᠭ᠌ᠰᠢᠯᠡᠭᠦᠯᠵᠦ᠍᠂ ᠨᠠᠰᠤᠲᠠᠢᠴᠤᠳ᠎ᠤᠨ ᠠᠮᠢᠳᠤᠷᠠᠯ᠎ᠢ ᠨᠠᠩ ᠲᠠᠭᠠᠯᠠᠮᠵᠢᠲᠠᠶ ᠪᠣᠯᠭᠠᠨ᠎ᠠ —
ᠬᠣᠭᠣᠯᠠᠨ ᠭᠡᠷ᠎ᠦᠨ ᠴᠣᠩᠬᠣ ᠴᠡᠪᠡᠷ ᠲᠤᠨᠭᠭᠠᠯᠠᠭ ᠪᠠᠢᠵᠤ᠂ ᠬᠤᠮᠠ᠎ᠶ᠋ᠢᠨ ᠲᠣᠰᠣᠨ᠎ᠤ ᠦᠨᠦᠷ ᠬᠠᠩᠬᠤᠯᠵᠤ᠂ ᠬᠠᠯᠠᠭᠤᠨ ᠪᠦᠯᠢᠶᠡᠨ ᠬᠣᠭᠣᠯᠠ ᠪᠤᠳᠠᠭᠠᠪᠡᠯᠡᠨ ᠪᠤᠯᠪᠠ᠃ ᠨᠠᠰᠤᠲᠠᠢᠴᠤᠳ ᠱᠢᠷᠡᠭᠡᠨ᠎ᠦ ᠬᠠᠵᠠᠭᠤ᠎ᠳᠤ ᠲᠣᠭᠣᠷᠢᠨ ᠰᠠᠭᠤᠯᠴᠠᠵᠤ ᠵᠣᠭᠣᠭ ᠳᠡᠯᠭᠡᠨ᠎ᠠ᠃ 《ᠥᠩᠭᠡᠷᠡᠭ᠌ᠰᠡᠨ᠎ᠳᠦ ᠭᠡᠷ᠎ᠲᠡᠬᠡᠨ ᠬᠣᠭᠣᠯᠠ ᠪᠤᠳᠠᠭ᠎ᠠ ᠬᠢᠬᠦ᠌ ᠵᠢᠨ ᠲᠦᠯᠦᠬᠡ ᠵᠤᠪᠠᠨᠢᠳᠠᠭ ᠪᠠᠢᠪᠠ᠂ ᠡᠨᠳᠡ ᠬᠣᠭᠣᠯᠠ ᠢᠳᠡᠪᠡᠯ ᠬᠢᠮᠳᠠ ᠮᠥᠷᠲᠡᠭᠡᠨ ᠳᠥᠭᠥᠮ ᠶᠤᠮ》 ᠭᠡᠵᠦ᠍ ᠬᠤᠸᠠᠩ ᠹᠧᠩ ᠬᠤᠸᠠ ᠢᠨᠢᠶᠡᠮᠰᠦᠭᠯᠡᠨ ᠬᠡᠯᠡᠪᠡ᠃
ᠬᠥᠳᠡᠭᠡ ᠲᠣᠰᠭᠣᠨ᠎ᠤ ᠨᠠᠰᠤᠲᠠᠢᠴᠤᠳ᠎ᠤᠨ 《ᠬᠣᠭᠣᠯᠠ ᠢᠳᠡᠬᠦ᠌᠎ᠳᠦ ᠬᠦᠴᠢᠷ》 ᠪᠠᠢᠬᠤ ᠠᠰᠠᠭᠤᠳᠠᠯ᠎ᠳᠤ ᠴᠢᠭᠯᠡᠭᠦᠯᠦᠨ ᠥᠪᠥᠷ ᠮᠣᠩᠭᠣᠯ ᠲᠣᠰᠭᠣᠨ᠎ᠢᠶᠠᠷ ᠦᠨᠳᠦᠰᠦᠨ ᠨᠢᠭᠡᠴᠢ ᠪᠣᠯᠭᠠᠨ ᠪᠠᠷᠢᠮᠵᠢᠶᠠᠵᠢᠭ᠍ᠰᠠᠨ ᠨᠠᠰᠤᠲᠠᠢᠴᠤᠳ᠎ᠤᠨ ᠬᠣᠭᠣᠯᠠᠨ ᠭᠡᠷ᠎ᠢ ᠪᠠᠢᠷᠢᠯᠠᠭᠤᠯᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠪᠤᠯᠤᠬᠰᠠᠨ ᠨᠠᠰᠤᠲᠠᠢᠴᠤᠳ᠎ᠲᠤ ᠬᠡᠷ᠎ᠲᠦᠨᠢ ᠬᠣᠭᠣᠯᠠ ᠬᠦᠷᠭᠡᠬᠦ᠌ ᠦᠶ᠋ᠯᠡᠴᠢᠯᠡᠭᠡ ᠬᠠᠩᠭᠠᠪᠠ᠃ ᠣᠳᠣᠬᠠᠨ᠎ᠳᠤ ᠰᠤᠮᠤ ᠱᠢᠶᠠᠩ ᠪᠠᠯᠭᠠᠰᠤᠨ᠎ᠤ ᠣᠷᠣᠨ ᠪᠦᠰᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠢ 659 ᠪᠠᠢᠭᠤᠯᠵᠤ᠂ ᠲᠣᠰᠭᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ 6404 ᠪᠠᠢᠭᠤᠯᠵᠤ᠂ 2231 ᠨᠠᠰᠤᠲᠠᠢᠴᠤᠳ᠎ᠲᠤ ᠲᠤᠰᠠᠯᠠᠬᠤ ᠬᠣᠭᠣᠯᠠᠨ ᠬᠡᠷ ᠨᠢ 127 ᠲᠦᠮᠡᠨ ᠨᠠᠰᠤᠲᠠᠢᠴᠤᠳ᠎ᠤᠨ ᠬᠡᠷ᠎ᠦᠨ ᠡᠭᠦᠳᠡᠨ ᠳ᠋ᠡᠬᠡᠨ ᠬᠠᠯᠠᠭᠤᠨ ᠪᠦᠯᠢᠶᠡᠨ ᠬᠣᠭᠣᠯᠠ ᠤᠯᠵᠤ ᠢᠳᠡᠬᠦ ᠵᠢ ᠪᠡᠶᠡᠯᠡᠬᠦᠯᠪᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠣᠯ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠵᠢᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠍᠂ ᠨᠠᠰᠤᠵᠢᠯ᠎ᠤᠨ ᠠᠰᠠᠷᠠᠮᠵᠢ᠎ᠵᠢᠨ ᠦᠶ᠋ᠯᠡᠴᠢᠯᠡᠭᠡᠨ᠎ᠦ ᠡᠬᠢ ᠪᠠᠶᠠᠯᠢᠭ᠎ᠢ ᠮᠠᠯᠵᠢᠬᠤ ᠲᠠᠷᠢᠶᠠᠯᠠᠬᠤ ᠣᠷᠣᠨ ᠳᠠᠢᠰᠢ ᠤᠷᠲᠤᠳᠭᠠᠬᠤ᠎ᠶ᠋ᠢ ᠠᠬᠢᠭᠤᠯᠤᠨ᠂ ᠡᠮᠴᠢᠯᠡᠭᠡ ᠨᠠᠰᠤᠵᠢᠯ᠎ᠤᠨ ᠠᠰᠠᠷᠠᠮᠵᠢ᠎ᠵᠢ ᠤᠶᠠᠯᠳᠤᠭᠤᠯᠤᠭ᠍ᠰᠠᠨ ᠬᠡᠯᠪᠡᠷᠢ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ᠎ᠵᠢᠨ ᠪᠠᠢᠭᠤᠯᠤᠮᠵᠢ ᠪᠠᠢᠭᠤᠯᠬᠤ᠎ᠶ᠋ᠢ ᠳᠡᠮᠵᠢᠵᠦ᠍᠂ ᠨᠠᠰᠤᠵᠢᠯ᠎ᠤᠨ ᠠᠰᠠᠷᠠᠮᠵᠢ᠎ᠵᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠬᠦ ᠪᠤᠯᠤᠨ᠎ᠠ᠃
ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯᠡᠰ᠎ᠢ ᠬᠦᠴᠦᠯᠡᠨ ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠨᠠᠩ ᠪᠠᠲᠤ ᠰᠠᠬᠢᠨ᠎ᠠ —
ᠤᠷᠳᠤᠰ ᠬᠤᠳᠠ᠎ᠶ᠋ᠢᠨ ᠳ᠋ᠦᠩᠱᠧᠩ ᠲᠣᠭᠣᠷᠢᠭ᠎ᠤᠨ ᠶᠦᠩ ᠱᠢᠩ ᠨᠡᠢᠭᠡᠮ ᠲᠣᠭᠣᠷᠢᠭ᠎ᠲᠤ 55 ᠨᠠᠰᠤᠲᠠᠢ ᠺᠠᠩ ᠢᠦᠢ ᠮᠧᠢ ᠨᠢᠭᠡᠨ ᠥᠨᠥᠴᠢᠨ ᠪᠡᠯᠪᠡᠰᠦᠨ ᠨᠠᠰᠤᠲᠠᠨ᠎ᠤ ᠴᠤᠩᠬᠤᠨ ᠱᠢᠯᠢ ᠨᠢ ᠭᠢᠯᠠᠢᠲᠠᠯ᠎ᠠ ᠵᠦᠯᠭᠦᠵᠦ ᠦᠭᠪᠡ᠃
ᠦᠪᠡᠷ᠎ᠤᠨ ᠵᠡᠭᠦᠨ ᠭᠠᠷ ᠨᠢ ᠵᠡᠮᠳᠡᠭ᠂ ᠡᠷ᠎ᠡ ᠨᠥᠬᠥᠷ ᠨᠢ ᠲᠠᠷᠢᠬᠢᠨ ᠰᠤᠳᠠᠯ᠎ᠤᠨ ᠲᠦᠭ᠌ᠵᠢᠷᠡᠯ᠎ᠡᠴᠡ ᠪᠣᠯᠵᠤ ᠬᠡᠪᠲᠡᠷᠢ᠎ᠳᠦ ᠤᠷᠤᠭᠰᠠᠨ ᠡᠴᠡ ᠺᠠᠩ ᠢᠦᠶ ᠮᠧᠶ᠎ᠶ᠋ᠢᠨ ᠬᠢᠨ ᠨᠠᠭᠠᠳᠤ ᠵᠠᠬ᠎ᠠ᠎ᠶ᠋ᠢᠨ ᠠᠮᠢᠳᠦᠷᠠᠯ᠎ᠤᠨ ᠪᠠᠲᠤᠯᠠᠭ᠎ᠠ ᠪᠡᠷ ᠠᠮᠢᠳᠤᠷᠠᠬᠤ ᠡᠷᠦᠬᠡ ᠪᠣᠯᠵᠠᠶ᠃ ᠤᠷᠳᠤᠰ ᠬᠣᠲᠠ᠎ᠶ᠋ᠢᠨ ᠡᠭᠦᠳᠦᠭ᠌ᠰᠡᠨ 《ᠳᠤᠯᠠᠭᠠᠨ ᠬᠣᠲᠠ ᠵᠢᠨ ᠬᠠᠮᠲᠤ᠎ᠶᠢᠨ ᠳᠤᠰᠠᠯᠠᠮᠵᠢ》 ᠨᠡᠢᠭᠡᠮ᠎ᠦᠨ ᠠᠪᠤᠷᠠᠨ ᠲᠤᠰᠠᠯᠠᠬᠤ ᠲᠦᠷᠦᠯ ᠲᠡᠮᠳᠡᠭ᠎ᠦᠨ ᠲᠤᠷᠱᠢᠯᠲᠠ᠎ᠶᠢᠨ ᠴᠡᠭ᠎ᠤᠨ ᠠᠰᠢᠭ᠎ᠢ ᠬᠦᠷᠳᠡᠵᠤ᠂ ᠦᠨ᠎ᠡ ᠲᠥᠯᠥᠪᠦᠷᠢ ᠥᠬᠡᠶ᠎ᠪᠡᠷ ᠡᠷᠡᠭᠦᠯᠵᠢᠭᠦᠯᠬᠦ ᠡᠷᠡᠬᠦᠯ ᠮᠡᠨᠳᠦ᠎ᠶᠢᠨ ᠦᠶ᠋ᠯᠡᠴᠢᠯᠡᠭᠡ ᠭᠥᠷᠳᠡᠭ᠌ᠰᠡᠨᠦ ᠳᠠᠷᠠᠭ᠎ᠠ ᠲᠡᠷᠡ ᠪᠠᠰᠠ ᠠᠵᠢᠯ ᠣᠯᠭᠣᠯᠲᠠ᠎ᠶ᠋ᠢᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠦᠶ᠋ᠯᠡᠴᠢᠯᠡᠭᠡ ᠪᠡᠷ ᠲᠡᠮᠵᠢᠨ ᠭᠡᠷ᠎ᠦᠨ ᠶᠠᠪᠤᠳᠠᠯ᠎ᠤᠨ ᠦᠢᠯᠡᠴᠢᠯᠡᠭᠡ᠎ᠶᠢᠨ ᠪᠣᠯᠪᠠᠰᠤᠷᠠᠯᠬᠦᠷᠳᠡᠪᠠ᠃ ᠲᠡᠷᠡ᠄《ᠪᠢ ᠥᠨᠥᠴᠢᠨ ᠪᠡᠯᠪᠡᠰᠦᠨ ᠨᠠᠰᠤᠲᠠᠨ᠎ᠤ ᠴᠤᠩᠬᠤᠨ ᠱᠢᠯ ᠢ ᠵᠦᠯᠭᠦᠵᠦ᠍ ᠥᠭᠴᠤ ᠤᠷᠤᠯᠭ᠎ᠠ ᠣᠯᠬᠤ᠎ᠪᠠᠷ ᠪᠠᠷᠠᠬᠤ ᠦᠭᠡᠢ ᠪᠠᠰᠠ ᠪᠤᠰᠤᠳ᠎ᠢ ᠬᠠᠪᠰᠤᠷᠴᠤ᠌ ᠳᠡᠢᠯᠬᠦ ᠪᠤᠯᠵᠠᠢ!》 ᠬᠡᠪᠡ᠃
《ᠵᠣᠭᠣᠰ ᠮᠥᠩᠭᠥ᠌ ᠡᠳ᠋ ᠪᠣᠳᠠᠰ ᠬᠦᠷᠭᠡᠬᠦ᠌》 ᠡᠴᠡ ᠠᠪᠤᠭᠠᠳ ᠨᠡᠢᠭᠡᠮ᠎ᠦᠨ ᠦᠶ᠋ᠯᠡᠴᠢᠯᠡᠭᠡ ᠵᠢ ᠬᠤᠳᠠᠯᠳᠤᠨ ᠠᠪᠬᠤ ᠠᠷᠭ᠎ᠠ ᠬᠡᠯᠪᠡᠷᠢ᠎ᠪᠡᠷ ᠳᠠᠮᠵᠢᠨ ᠬᠦᠴᠢᠷᠳᠡᠯᠲᠡᠶ ᠣᠯᠠᠨ ᠲᠦᠮᠡᠨ᠎ᠳᠦ ᠬᠠᠷᠠᠭᠠᠯᠵᠠᠨ ᠰᠤᠪᠢᠯᠠᠬᠤ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠬᠡᠬᠦ᠂ ᠡᠬᠢ ᠪᠠᠶᠠᠯᠢᠭ᠎ᠢ ᠵᠣᠯᠭᠠᠭᠤᠯᠬᠤ ᠵᠡᠷᠭᠡ ᠦᠶ᠋ᠯᠡᠴᠢᠯᠡᠭᠡᠨ᠎ᠦ ᠲᠥᠷᠥᠯ᠎ᠦᠨ ᠠᠪᠤᠷᠠᠨ ᠲᠤᠰᠠᠯᠠᠬᠤ ᠦᠢᠯᠡᠴᠢᠯᠡᠬᠡ ᠬᠠᠩᠭᠠᠬᠤ ᠬᠦᠷᠳᠡᠯ᠎ᠡ᠂ ᠥᠪᠥᠷ ᠮᠣᠩᠭᠣᠯ ᠨᠡᠢᠭᠡᠮ᠎ᠦᠨ ᠠᠪᠤᠷᠠᠨ ᠲᠤᠰᠠᠯᠠᠬᠤ ᠦᠷ᠎ᠡ ᠠᠰᠢᠭ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠡᠨᠡ ᠵᠢᠯ᠎ᠦᠨ 2 ᠰᠠᠷ᠎ᠠ᠎ᠶ᠋ᠢᠨ ᠡᠴᠦᠰ ᠪᠣᠯᠲᠠᠯ᠎ᠠ ᠥᠪᠥᠷ ᠮᠣᠩᠭᠣᠯ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠦᠮᠦᠰ ᠵᠡᠷᠭᠡ 172.62 ᠲᠦᠮᠡᠨ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠦᠲᠦᠮᠵᠢᠲᠡᠶ ᠪᠠᠳᠤᠯᠠᠪᠠ; ᠵᠡᠮᠳᠡᠭ᠌ᠴᠦᠳ᠎ᠦᠨ ᠬᠣᠶᠠᠷ ᠵᠦᠶ᠋ᠯ᠎ᠦᠨ ᠨᠥᠬᠥᠪᠥᠷᠢ ᠨᠢ 71.4 ᠲᠦᠮᠡᠨ ᠵᠡᠮᠳᠡᠭ᠌ᠴᠦᠳ᠎ᠲᠦ ᠠᠱᠢᠭ ᠬᠦᠷᠲᠡᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠳᠠᠷᠤᠭ᠎ᠠ ᠺᠠᠩ ᠱᠢᠤᠸᠠᠢ ᠳ᠋ᠦᠩ᠄《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ ᠪᠢᠳᠡ ᠳᠤᠭᠠᠴᠢᠯᠠᠯᠳᠠ ᠤᠶᠤᠨᠴᠢᠯᠠᠯᠳᠠ ᠪᠡᠷ ᠡᠨ᠋ᠸᠷᠬᠢ ᠤᠯᠭᠤᠵᠤ᠂ ᠬᠥᠳᠡᠯᠦᠩᠭᠦᠶ ᠬᠢᠨᠠᠨ ᠬᠡᠮᠵᠢᠯᠲᠡ ᠬᠢᠬᠦ᠌ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠤᠨᠤᠪᠴᠢ ᠵᠢᠨ ᠬᠡᠮᠵᠢᠶ᠎ᠡ᠂ ᠥᠷᠭᠡᠴᠡ᠎ᠶ᠋ᠢ ᠳᠡᠭᠡᠭ᠌ᠰᠢᠯᠡᠭᠦᠯᠵᠦ᠍᠂ 〈ᠡᠳ᠋ ᠪᠣᠳᠠᠰ + ᠦᠶ᠋ᠯᠡᠴᠢᠯᠡᠭᠡ〉᠎ᠶ᠋ᠢᠨ ᠶᠡᠷᠦᠩᠬᠡᠢᠯᠡᠭ᠌ᠰᠡᠨ ᠠᠪᠤᠷᠠᠨ ᠲᠤᠰᠠᠯᠠᠬᠤ ᠵᠠᠭ᠍ᠪᠤᠷ᠎ᠢ ᠠᠬᠢᠭᠤᠯᠵᠤ᠂ ᠪᠠᠭᠤᠷᠠᠢᠴᠤᠤᠯᠢ ᠣᠯᠠᠨᠢᠶᠡᠷᠢᠶᠡᠨ ᠳᠡᠮᠵᠢᠬᠦ 〈ᠵᠣᠯ ᠵᠢᠷᠭᠠᠯ᠎ᠤᠨ ᠨᠠᠷᠢᠨ ᠲᠠᠩᠰᠠ〉 ᠶ᠋ᠢ ᠪᠣᠶ ᠪᠣᠯᠭᠠᠵᠤ᠂ ᠠᠷᠠᠳ᠎ᠤᠨ ᠠᠮᠢᠳᠤᠷᠠᠯ᠎ᠤᠨ ᠠᠪᠤᠷᠠᠨ ᠲᠤᠰᠠᠯᠠᠯᠲᠠ᠎ᠶ᠋ᠢ ᠨᠠᠩ ᠬᠠᠯᠠᠭᠤᠨ ᠳᠤᠯᠠᠭᠠᠨ ᠪᠣᠯᠭᠠᠨ᠎ᠠ》 ᠭᠡᠵᠦ᠍ ᠢᠯᠡᠳᠬᠡᠪᠡ᠃
ᠦᠨᠳᠦᠰᠦᠨ ᠱᠠᠲᠤᠨ᠎ᠤ ᠡᠮᠴᠢᠯᠡᠭᠡᠨ᠎ᠤ ᠦᠢᠯᠡᠴᠢᠯᠡᠭᠡ᠎ᠶᠢ ᠪᠠᠲᠤᠳᠬᠠᠵᠤ᠂ ᠤᠯᠠᠨ ᠲᠦᠮᠡᠨ᠎ᠢ ᠡᠪᠡᠳᠴᠢᠨ ᠦᠵᠡᠭᠦᠯᠬᠦ ᠳ᠋ᠤ ᠨᠡᠩ ᠰᠠᠨᠠᠭ᠎ᠠ ᠠᠮᠤᠷ ᠪᠣᠯᠭᠠᠨ᠎ᠠ︱
3 ᠰᠠᠷ᠎ᠠ᠎ᠶᠢᠨ ᠰᠡᠭᠦᠯᠴᠢ᠎ᠪᠡᠷ ᠲᠦᠩᠯᠢᠶᠣᠣ ᠬᠤᠲᠠ᠎ᠶᠢᠨ ᠵᠠᠷᠤᠳ ᠬᠣᠰᠢᠭᠤᠨ᠎ᠳᠦ ᠮᠦᠨ ᠬᠦ᠌ ᠬᠦᠢᠳᠡᠨ ᠬᠡᠪ᠎ᠢᠶᠡᠷ᠎ᠢᠶᠡᠨ ᠪᠠᠢᠵᠦ᠂ ᠪᠤᠢ᠍ᠢᠳᠠ ᠪᠥᠭᠯᠡᠭᠦᠦ ᠪᠠᠢᠷᠢᠯᠠᠭ᠎ᠠ ᠮᠠᠯᠵᠢᠯ᠎ᠤᠨ ᠴᠡᠭ ᠲᠤ᠌ ᠬᠦᠷᠬᠦ ᠵᠠᠮ᠎ᠢᠶᠡᠷ ᠶᠠᠪᠤᠬᠤ ᠳ᠋ᠤ ᠮᠠᠰᠢ ᠬᠦᠴᠢᠷ ᠪᠠᠢᠯ᠎ᠠ᠃ 67 ᠨᠠᠰᠤᠲᠠᠢ ᠮᠠᠯᠴᠢᠨ ᠬᠠᠨ ᠬᠡᠰᠢᠭᠪᠤᠶᠠᠨᠦ ᠴᠢᠰᠤᠨ ᠳᠠᠷᠤᠯᠲᠠ᠎ᠶᠢ ᠪᠠᠭᠤᠷᠠᠭᠤᠯᠬᠤ ᠡᠮ ᠨᠢ ᠳᠠᠭᠤᠰᠴᠢᠬᠠᠭᠠᠳ 2 ᠡᠳᠦᠷ ᠪᠤᠯᠤᠭᠰᠠᠨ᠎ᠡᠴᠡ ᠴᠢᠰᠤᠨ ᠳᠠᠷᠤᠯᠳᠠ ᠨᠢ ᠦᠨᠳᠦᠷ ᠪᠤᠯᠵᠤ ᠠᠶᠤᠯᠳᠠᠢ ᠪᠠᠢᠳᠠᠯ᠎ᠳᠦ ᠤᠷᠤᠵᠠᠢ᠃
ᠬᠣᠰᠢᠭᠤᠨ᠎ᠤ ᠡᠮᠨᠡᠯᠭᠡ᠎ᠶᠢᠨ ᠠᠵᠢᠯᠲᠠᠨ᠎ᠤ ᠵᠣᠬᠢᠶᠠᠨ ᠪᠠᠢᠭᠤᠯᠤᠭᠰᠠᠨ《ᠰᠠᠷᠠᠯᠠᠩ》ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠪᠦᠯᠬᠦᠮ᠎ᠦᠨ ᠬᠢᠨ ᠦᠢᠯᠡᠴᠢᠯᠡᠭᠡ ᠬᠠᠩᠭᠠᠬᠤ᠎ᠪᠠᠷ ᠮᠤᠷᠳᠠᠪᠠ᠃ ᠲᠡᠷᠭᠡ ᠨᠡᠪᠲᠡᠷᠡᠬᠦ᠎ᠳᠦ ᠬᠦᠴᠢᠷᠲᠡᠢ᠎ᠡᠴᠡ ᠪᠣᠯᠵᠤ᠂ ᠪᠦᠯᠬᠦᠮ᠎ᠤᠨ ᠠᠵᠢᠯᠲᠠᠳ ᠲᠡᠷᠭᠡᠨ᠎ᠡᠴᠡ ᠪᠡᠨ ᠪᠠᠭᠤᠵᠤ ᠶᠠᠪᠠᠭᠠᠨᠠᠯᠬᠤᠯᠠᠨ ᠲᠡᠭᠦᠨ᠎ᠤ ᠭᠡᠷ᠎ᠲᠦᠨᠢ ᠬᠦᠷᠴᠦ᠂ ᠴᠢᠰᠤᠨ ᠳᠠᠷᠤᠯᠲᠠ᠎ᠶᠢ ᠨᠢ ᠬᠡᠮᠵᠢᠨ᠂ ᠡᠮ ᠬᠡᠷᠡᠭᠯᠡᠬᠦ ᠲᠥᠰᠥᠪ᠎ᠢ ᠨᠢ ᠲᠣᠬᠢᠷᠠᠭᠤᠯᠵᠤ᠂ ᠡᠮ ᠲᠠᠩ᠎ᠢ ᠨᠢ ᠪᠡᠯᠡᠳᠬᠡᠵᠤ ᠦᠭᠴᠡᠢ᠃ 《ᠲᠠ ᠨᠠᠷ᠎ᠤᠨ ᠡᠮ ᠬᠦᠷᠬᠡᠵᠤ ᠢᠷᠡᠭᠰᠡᠨ ᠪᠠ ᠰᠤᠪᠢᠯᠠᠯᠲᠠ ᠦᠢᠯᠡᠴᠢᠯᠡᠭᠡ ᠵᠢᠨ ᠰᠠᠢᠨ᠎ᠢᠶᠡᠷ ᠦᠨᠡᠬᠡᠷ ᠰᠠᠨᠠᠭ᠎ᠠ ᠠᠮᠤᠷ ᠪᠤᠯᠵᠠᠢ!》 ᠭᠡᠵᠤ ᠬᠠᠨ ᠬᠡᠰᠢᠭᠪᠤᠶᠠᠨ ᠪᠦᠯᠬᠦᠮ᠎ᠤᠨ ᠠᠵᠢᠯᠲᠠᠳ᠎ᠤᠨ ᠭᠠᠷ ᠡᠴᠡ ᠪᠠᠷᠢᠵᠤ ᠪᠠᠶᠠᠷ ᠲᠠᠯᠠᠷᠬᠠᠯ ᠵᠢᠡᠨ ᠳᠡᠪᠰᠢᠭᠦᠯᠵᠡᠢ᠃
《ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠳᠤ ᠵᠠᠬ᠎ᠠ ᠬᠢᠵᠠᠭᠠᠷ ᠣᠷᠣᠨ᠎ᠤ ᠡᠨᠡ ᠬᠦ᠌ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ》᠃ ᠥᠪᠥᠷ ᠮᠣᠩᠭᠣᠯ ᠪᠥᠬᠥ ᠣᠷᠣᠨ᠎ᠤ 82 ᠮᠠᠯᠵᠢᠬᠤ ᠲᠠᠷᠢᠶᠠᠯᠠᠬᠤ ᠬᠣᠰᠢᠭᠤ ᠰᠢᠶᠠᠨ᠎ᠳᠤ ᠨᠢᠭ᠍ᠲᠠ ᠬᠡᠯᠪᠡᠷᠢ᠎ᠶᠢᠨ ᠰᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠥᠷᠨᠢᠭᠦᠯᠪᠡ᠃ ᠣᠲᠣ᠌ ᠪᠣᠯᠲᠠᠯ᠎ᠠ ᠨᠢᠭᠡᠨᠲᠡ 74 ᠬᠣᠰᠢᠭᠤ ᠰᠢᠶᠠᠨ ᠪᠠᠷᠢᠮᠵᠢᠶ᠎ᠠ᠎ᠳᠤ ᠬᠦᠷᠴᠦ᠂ 2888 ᠨᠡᠷᠡᠰ ᠰᠢᠶᠠᠨ᠎ᠤ ᠱᠠᠲᠤᠨ᠎ᠤ ᠡᠮᠨᠡᠯᠭᠡ᠎ᠶᠢᠨ ᠠᠵᠢᠯᠲᠠᠨ᠎ᠤ ᠦᠨᠳᠦᠰᠦᠨ ᠱᠠᠲᠤᠨ᠎ᠳᠤ ᠪᠠᠭᠤᠵᠤ ᠦᠷᠭᠦᠯᠵᠢᠯᠡᠨ ᠦᠢᠯᠡᠴᠢᠯᠡᠭᠰᠡᠨ ᠬᠤᠭᠤᠴᠠᠭ᠎ᠠ 6 ᠰᠠᠷ᠎ᠠ᠎ᠶᠢ ᠳᠠᠪᠠᠵᠤ᠂ 11148 ᠨᠡᠷᠡᠰ ᠭᠡᠷ ᠪᠦᠯᠢ᠎ᠶᠢᠨ ᠡᠮᠴᠢ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ ᠭᠣᠣᠯᠳᠠᠯᠭ᠎ᠠ᠎ᠲᠠᠢ ᠬᠥᠮᠥᠰ᠎ᠦᠨ ᠭᠡᠷ᠎ᠡ ᠲᠣᠭᠲᠠᠭᠰᠠᠨ ᠨᠣᠷᠮ᠎ᠠ 81.62%᠎ᠲᠤ ᠬᠦᠷᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠡᠷᠬᠢᠯᠡᠭᠴᠢ ᠯᠢᠦ ᠶᠦᠩ᠄ 《2030 ᠣᠨ ᠪᠣᠯᠬᠤ᠎ᠳᠤ ᠥᠪᠥᠷ ᠮᠣᠩᠭᠣᠯ ᠪᠣᠶ᠋ᠢᠳᠠ ᠪᠥᠭᠯᠡᠭᠦᠦ ᠭᠠᠵᠠᠷ ᠣᠷᠣᠨ᠎ᠤ ᠲᠣᠭᠣᠷᠢᠨ ᠡᠮᠴᠢᠯᠡᠬᠦ ᠰᠢᠰᠲᠧᠮ᠎ᠢ ᠪᠥᠬᠥ ᠲᠠᠯ᠎ᠠ᠎ᠪᠠᠷ ᠪᠠᠢᠭᠤᠯᠵᠤ᠂ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ ᠯᠤᠭ᠎ᠠ ᠭᠦᠨᠵᠡᠭᠡᠢ ᠵᠤᠬᠢᠴᠠᠭᠤᠯᠬᠤ᠎ᠪᠠᠷ ᠴᠢᠷᠮᠠᠢᠨ᠎ᠠ》 ᠭᠡᠵᠤ ᠲᠠᠨᠢᠯᠴᠠᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ᠄ 《ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠡᠩ ᠰᠡᠳᠬᠢᠯ ᠲᠠᠯᠪᠢᠨ ᠬᠦᠴᠦ ᠣᠷᠣᠭᠤᠯᠤᠨ ᠰᠠᠢᠲᠤᠷ ᠬᠢᠵᠦ᠂ ᠦᠢᠯᠡᠴᠢᠯᠡᠭᠡ᠎ᠶᠢ ᠨᠠᠷᠢᠯᠢᠭ᠍ᠵᠢᠭᠤᠯᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠦᠨ᠎ᠡ》 ᠭᠡᠪᠡ᠃