ᠶᠠᠮᠠᠷᠪᠠ ᠶᠠᠪᠤᠳᠠᠯ᠎ᠢ ᠬᠢᠭᠰᠡᠨ ᠴᠦ᠍ ᠵᠢᠮ᠎ᠠ ᠶᠤᠰᠤ ᠡᠴᠡ ᠲᠡᠷᠰᠯᠡᠨ ᠴᠥᠯ᠎ᠳᠤ ᠮᠥᠯᠳᠤ ᠪᠡᠷ ᠦᠢᠯᠡᠳᠴᠤ ᠪᠤᠯᠬᠤ ᠦᠭᠡᠢ᠂ ᠨᠠᠮ᠎ᠤᠨ ᠭᠡᠰᠢᠭᠦᠨ ᠺᠠᠳ᠋ᠷᠴᠤᠳ᠎ᠲᠤ ᠠᠪᠴᠤ ᠬᠡᠯᠡᠪᠡᠯ ᠨᠡᠶ᠋ᠢᠲᠡ᠎ᠶᠢᠨ ᠲᠥᠯᠥᠭᠡ ᠵᠢᠳᠬᠦᠬᠦ ᠰᠡᠳᠬᠢᠯ ᠪᠠ ᠠᠷᠠᠳ᠎ᠤᠨ ᠲᠥᠯᠥᠭᠡ ᠴᠢᠷᠮᠠᠢᠬᠤ ᠬᠦᠰᠡᠯ᠎ᠲᠠᠢ ᠪᠠᠢᠯ᠎ᠠ ᠴᠤ᠌ ᠭᠡᠰᠡᠨ ᠬᠡᠷᠪᠡ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠭᠡᠢ ᠶᠤᠮ ᠪᠣᠯ ᠰᠠᠢᠨ ᠰᠠᠨᠠᠭ᠎ᠠ ᠰᠠᠢᠨ ᠶᠠᠪᠤᠳᠠᠯ᠎ᠢ ᠪᠦᠲᠦᠭᠡᠵᠦ ᠴᠢᠳᠠᠬᠤ ᠦᠭᠡᠢ ᠪᠠᠢᠵᠤ ᠮᠡᠳᠡᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢᠨ ᠳᠣᠲᠣᠷᠠᠬᠢ ᠮᠠᠰᠢ ᠴᠢᠬᠤᠯᠠ ᠨᠢᠭᠡ ᠵᠦᠢᠯ ᠪᠣᠯ ᠳᠠᠷᠤᠢ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠲᠠᠯᠠᠬᠤ ᠶᠠᠪᠤᠳᠠᠯ ᠪᠣᠯᠣᠨ᠎ᠠ᠃
ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠡᠩ ᠲᠡᠷᠢᠭᠦᠨ᠎ᠳᠦ ᠦᠨᠡᠨ᠎ᠡᠴᠡ ᠵᠥᠪ᠎ᠢ ᠡᠷᠢᠵᠦ᠂ ᠰᠡᠳᠬᠢᠬᠦᠢ᠎ᠶᠢᠨ ᠬᠦᠯᠢᠶᠡᠰᠦᠯᠡᠯ᠎ᠢ ᠡᠪᠳᠡᠬᠦ ᠬᠡᠷᠡᠭᠲᠡᠢ᠃ ᠶᠠᠭᠠᠬᠢᠭᠠᠳ ᠵᠠᠷᠢᠮ ᠰᠢᠢᠳᠪᠦᠷᠢᠲᠦ ᠪᠣᠳᠣᠯᠭ᠎ᠠ ᠨᠢ ᠬᠠᠨᠳᠤᠯᠭᠠᠲᠤ ᠴᠢᠨᠠᠷ᠎ᠢᠶᠠᠷ ᠴᠢᠩᠭ᠎ᠠ ᠪᠢᠰᠢ᠂ ᠬᠡᠷᠡᠭᠵᠢᠭᠦᠯᠥᠭᠳᠡᠬᠥ ᠴᠢᠨᠠᠷ᠎ᠢᠶᠠᠷ ᠬᠢᠵᠠᠭᠠᠷ᠎ᠲᠠᠢ ᠪᠠᠢᠳᠠᠭ ᠪᠤᠢ?ᠶᠠᠭᠠᠬᠢᠭᠠᠳ ᠵᠠᠷᠢᠮ ᠪᠠᠢᠷᠢᠯᠠᠭᠤᠯᠤᠯᠲᠠ ᠨᠢ ᠭᠤᠤᠯᠳᠠᠯᠭ᠎ᠠ ᠡᠴᠡ ᠪᠠᠨ ᠰᠠᠯᠵᠤ ᠴᠢᠭᠯᠡᠯ ᠨᠢ ᠦᠭᠡᠷᠡᠳᠦᠵᠤ᠂ ᠨᠠᠢᠳᠠᠪᠤᠷᠢᠵᠢᠭᠤᠯᠬᠤ᠎ᠳᠤ ᠬᠦᠴᠢᠷ ᠪᠠᠢᠳᠠᠭ ᠪᠤᠶ? ᠣᠯᠠᠩᠬᠢ ᠪᠠᠢᠳᠠᠯ᠎ᠳᠦ ᠡᠨᠡ ᠨᠢ ᠪᠣᠳᠠᠲᠤ ᠪᠠᠢᠳᠠᠯ᠎ᠯᠤᠭ᠎ᠠ ᠨᠡᠢᠴᠡᠭᠦᠯᠦᠭᠰᠡᠨ ᠦᠭᠡᠢ᠂ ᠬᠠᠨᠳᠤᠯᠭ᠎ᠠ᠎ᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠭᠰᠡᠨ ᠦᠭᠡᠢ᠎ᠡᠴᠡ ᠪᠣᠯᠤᠭᠰᠠᠨ ᠶᠤᠮ᠃ ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠡᠯ᠎ᠡ ᠭᠠᠵᠠᠷ᠎ᠤᠨ ᠡᠬᠢ ᠪᠠᠶᠠᠯᠢᠭ᠋᠎ᠤᠨ ᠲᠠᠪᠠᠭᠤᠯᠢᠭ ᠠᠳᠠᠯᠢ ᠪᠤᠰᠤ᠂ ᠬᠥᠭᠵᠢᠯᠲᠡ᠎ᠶᠢᠨ ᠰᠠᠭᠤᠷᠢ ᠠᠳᠠᠯᠢ ᠪᠤᠰᠤ ᠪᠠᠢᠳᠠᠭ ᠡᠴᠡ ᠭᠠᠭᠴᠠ ᠬᠦ᠌ ᠭᠠᠵᠠᠷ ᠣᠷᠣᠨ᠎ᠤ ᠪᠣᠳᠠᠲᠤ ᠪᠠᠢᠳᠠᠯ᠎ᠢ ᠭᠦᠨᠵᠡᠭᠡᠢ ᠲᠠᠨᠢᠵᠤ᠂ ᠵᠤᠷᠰᠢᠬᠰᠠᠨ ᠰᠡᠳᠬᠢᠬᠦᠢ ᠵᠢ ᠲᠠᠶᠠᠬᠳᠠᠵᠤ᠂ ᠲᠤᠰ ᠲᠤᠰ᠎ᠤᠨ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠂ ᠪᠦᠬᠦ ᠣᠷᠣᠨ᠎ᠤ ᠬᠥᠭᠵᠢᠯᠲᠡ᠎ᠶᠢᠨ ᠪᠠᠢᠷᠢᠰᠢᠯ᠎ᠳᠠᠬᠢ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠲᠤᠰ ᠪᠡᠶ᠎ᠡ᠎ᠶᠢᠨ ᠳᠠᠪᠠᠭᠤᠯᠢᠭ᠋ ᠪᠣᠯᠣᠨ ᠬᠦᠷᠦᠯᠴᠡᠬᠦ ᠦᠭᠡᠢ ᠲᠠᠯ᠎ᠠ᠎ᠪᠠᠨ ᠲᠣᠳᠣᠷᠬᠠᠢ ᠲᠠᠨᠢᠪᠠᠯ ᠰᠠᠶᠢ ᠰᠢᠢᠳᠪᠦᠷᠢᠲᠦ ᠪᠣᠳᠣᠯᠭ᠎ᠠ᠎ᠶᠢ ᠨᠡᠩ ᠬᠠᠨᠳᠤᠯᠭᠠᠲᠤ ᠴᠢᠨᠠᠷᠲᠠᠢ᠂ ᠨᠡᠩ ᠪᠣᠯᠣᠮᠵᠢᠲᠤ ᠴᠢᠨᠠᠷᠲᠠᠢ ᠪᠣᠯᠭᠠᠵᠤ ᠴᠢᠳᠠᠨ᠎ᠠ᠃
ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠭᠤᠤᠯᠳᠠᠯᠭ᠎ᠠ ᠨᠢ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠪᠠᠢᠳᠠᠯ ᠦᠨᠳᠦᠰᠦ ᠰᠠᠭᠤᠷᠢ᠎ᠶᠢ ᠲᠣᠳᠣᠷᠬᠠᠢ ᠣᠢᠯᠠᠭᠠᠬᠤ᠎ᠳᠦ ᠪᠤᠢ᠃ ᠪᠠᠢᠴᠠᠭᠠᠠ ᠰᠤᠳᠤᠯᠤᠯᠳᠠ ᠬᠢᠬᠦ ᠦᠭᠡᠢ ᠪᠣᠯ ᠦᠭᠡ ᠬᠡᠯᠡᠬᠦ ᠡᠷᠬᠡ ᠦᠭᠡᠢ᠂ ᠨᠡᠩ ᠴᠤ᠌ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠪᠠᠢᠬᠤ ᠦᠭᠡᠢ᠃ ᠪᠣᠳᠠᠲᠤ ᠠᠮᠢᠳᠤᠷᠠᠯ ᠳᠤᠮᠳᠠ ᠣᠨᠴᠠ ᠵᠠᠷᠢᠮ ᠨᠠᠮ᠎ᠤᠨ ᠭᠡᠰᠢᠭᠦᠨ ᠺᠠᠳ᠋ᠷ ᠪᠠᠢᠴᠠᠭᠠᠨ ᠰᠤᠳᠤᠯᠤᠯᠲᠠ ᠬᠢᠬᠦ ᠳᠤᠷ᠎ᠠ ᠦᠭᠡᠢ᠂ ᠪᠠᠢᠴᠠᠭᠠᠨ ᠰᠤᠳᠤᠯᠤᠯᠲᠠ ᠬᠢᠵᠦ ᠴᠢᠳᠠᠬᠤ ᠦᠭᠡᠢ᠂ ᠪᠠᠢᠴᠠᠭᠠᠨ ᠰᠤᠳᠤᠯᠤᠯᠲᠠ ᠬᠢᠬᠦ᠎ᠳᠡᠭᠡᠨ ᠴᠢᠳᠠᠮᠠᠭᠠᠢ ᠪᠤᠰᠤ ᠪᠠᠢᠵᠤ᠂ ᠡᠭᠦᠳᠡ᠎ᠪᠡᠨ ᠲᠦᠭᠵᠢᠨ ᠠᠵᠢᠯ ᠬᠢᠵᠤ᠂ ᠰᠣᠬᠣᠷ ᠪᠠᠯᠠᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠳᠠᠭ; ᠣᠨᠴᠠ ᠵᠠᠷᠢᠮ ᠨᠠᠮ᠎ᠤᠨ ᠭᠡᠰᠢᠭᠦᠨ ᠺᠠᠳ᠋ᠷᠴᠤᠳ 《ᠪᠠᠢᠳᠠᠯ᠎ᠢ ᠮᠡᠳᠡᠬᠦ ᠦᠭᠡᠢ ᠪᠠᠢᠭᠠᠳ ᠵᠣᠷᠢᠭ᠋ ᠶᠡᠬᠡ᠂ ᠳᠣᠲᠣᠷ᠎ᠠ᠎ᠪᠠᠨ ᠲᠣᠭ᠎ᠠ ᠦᠭᠡᠢ ᠪᠠᠢᠭᠠᠳ ᠠᠷᠭ᠎ᠠ ᠤᠯᠠᠨ》 ᠪᠠᠢᠵᠤ᠂ ᠲᠤᠷᠰᠢᠯᠭ᠎ᠠ᠎ᠪᠠᠷ᠎ᠢᠶᠠᠨ ᠰᠢᠢᠳᠪᠦᠷᠢ ᠭᠠᠷᠭᠠᠵᠤ᠂ ᠪᠡᠶᠡᠴᠢ ᠲᠠᠭᠠᠮᠠᠭᠯᠠᠯ᠎ᠢᠶᠡᠷ ᠵᠢᠡᠨ ᠤᠴᠢᠷ ᠶᠠᠪᠤᠳᠠᠯ᠎ᠢ ᠲᠠᠰᠤᠯᠤᠨ ᠲᠤᠭᠲᠠᠭᠠᠳᠠᠭ ᠁ ᠡᠳᠡᠭᠡᠷ ᠠᠷᠭ᠎ᠠ ᠬᠢᠳᠡᠯ ᠨᠢ ᠬᠥᠭᠵᠢᠯᠲᠡ᠎ᠶᠢ ᠰᠠᠭᠠᠲᠠᠭᠠᠵᠤ᠂ ᠲᠤᠢᠯ᠎ᠤᠨ ᠶᠡᠬᠡ ᠬᠤᠤᠷ ᠨᠦᠯᠦᠭᠡ ᠵᠢ ᠪᠤᠢ ᠪᠤᠯᠭᠠᠳᠠᠭ᠃ ᠪᠠᠢᠴᠠᠭᠠᠨ ᠰᠤᠳᠤᠯᠤᠯᠲᠠ ᠬᠢᠬᠦ᠌ ᠶᠠᠪᠤᠴᠠ ᠪᠣᠯ ᠳᠠᠷᠤᠢ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠶᠠᠪᠤᠴᠠ ᠮᠥᠨ᠂ ᠶᠠᠭᠠᠬᠢᠭ᠍ᠰᠠᠨ ᠴᠤ᠌ ᠲᠣᠪᠴᠢᠯᠠᠵᠤ ᠪᠣᠯᠬᠤ ᠦᠭᠡᠢ᠂ ᠬᠠᠰᠢ ᠶᠠᠰᠢ ᠪᠠᠢᠵᠤ ᠪᠣᠯᠬᠤ ᠦᠭᠡᠢ᠃ 《ᠠᠯᠬᠤᠭ᠎ᠠ ᠬᠥᠩᠭᠡᠨ᠂ ᠮᠥᠷ ᠲᠤᠳᠤᠷᠬᠠᠢ》 ᠪᠠᠢᠴᠠᠭᠠᠨ ᠰᠤᠳᠤᠯᠤᠯᠲᠠ᠎ᠶ᠋ᠢ ᠢᠯᠡᠭᠦᠬᠡᠨ ᠬᠢᠵᠦ᠍᠂ ᠳᠡᠭᠡᠳᠦ ᠱᠠᠲᠤᠨ᠎ᠤ ᠪᠠᠢᠳᠠᠯ᠎ᠢ ᠨᠡᠪᠲᠡ ᠣᠢᠯᠠᠭᠠᠵᠤ᠂ ᠳᠣᠣᠷᠠᠳᠤ ᠱᠠᠲᠤᠨ᠎ᠤ ᠪᠠᠢᠳᠠᠯ᠎ᠢ ᠲᠣᠳᠣᠷᠬᠠᠶ ᠣᠢᠯᠠᠭᠠᠵᠤ᠂ ᠳᠣᠲᠣᠭᠠᠳᠤ ᠪᠠᠢᠳᠠᠯ᠎ᠢ ᠡᠵᠡᠮᠱᠢᠵᠦ᠍᠂ ᠭᠠᠳᠠᠭᠠᠳᠤ ᠪᠠᠢᠳᠠᠯ᠎ᠢ ᠲᠦᠰᠦᠪᠯᠡᠵᠤ᠂ ᠦᠨᠡᠨ ᠪᠣᠳᠠᠲᠠᠶ ᠪᠠᠢᠳᠠᠯ᠎ᠢ ᠨᠡᠩ ᠢᠯᠡᠭᠦᠦ ᠡᠵᠡᠮᠱᠢᠵᠦ᠍᠂ ᠳᠠᠯᠳᠠ ᠠᠶᠤᠯ ᠲᠦᠭ᠌ᠰᠢᠭᠦᠷᠢ᠎ᠶ᠋ᠢ ᠨᠡᠩ ᠭᠦᠢᠴᠡᠳ ᠵᠢᠱ᠌ᠢᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠠᠷᠭ᠎ᠠ ᠪᠣᠳᠣᠯᠭ᠎ᠠ ᠵᠢ ᠪᠦᠲᠦᠮᠵᠢᠲᠡᠶ ᠬᠡᠷᠡᠭ᠌ᠵᠢᠭᠦᠯᠬᠦ᠌᠎ᠳᠦ ᠯᠠᠪᠳᠠᠭᠤᠨ ᠪᠠᠲᠤᠲᠠᠶ ᠦᠨᠳᠦᠰᠦᠯᠡᠯ ᠬᠠᠩᠭᠠᠬᠤ ᠬᠡᠷᠡᠭ᠌ᠲᠡᠶ᠃
ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠲᠣᠭ᠍ᠲᠠᠴᠠ᠎ᠶ᠋ᠢ ᠱᠢᠯᠢᠳᠡᠭ᠌ᠵᠢᠭᠦᠯᠬᠦ ᠵᠢ ᠡᠷᠬᠢᠮᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢᠤᠯᠬᠤ ᠬᠡᠷᠡᠭᠳᠡᠢ᠃ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠢ ᠠᠵᠢᠯᠯᠠᠭᠠᠨ᠎ᠤ ᠲᠣᠭ᠍ᠲᠠᠴᠠ ᠪᠣᠯ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠶᠠᠪᠤᠴᠠ᠎ᠶ᠋ᠢ ᠵᠢᠷᠤᠮᠵᠢᠭᠤᠯᠬᠤ᠂ ᠱᠢᠢᠳᠪᠦᠷᠢᠲᠦ ᠪᠤᠳᠤᠯᠭ᠎ᠠ᠎ᠶ᠋ᠢᠨ ᠴᠢᠨᠠᠷ ᠴᠢᠨᠰᠠᠭ᠎ᠠ ᠦᠷ᠎ᠡ ᠪᠦᠳᠦᠮᠵᠢ᠎ᠶ᠋ᠢ ᠳᠡᠭᠡᠭ᠌ᠰᠢᠯᠡᠭᠦᠯᠬᠦ᠌ ᠴᠢᠬᠤᠯᠠ ᠪᠠᠲᠤᠯᠠᠭ᠎ᠠ ᠮᠥᠨ᠃ ᠢᠯᠠᠩᠭᠤᠶ᠎ᠠ ᠬᠣᠯᠪᠣᠭ᠍ᠳᠠᠬᠤ ᠬᠡᠪᠴᠢᠶ᠎ᠡ᠎ᠪᠡᠷ ᠥᠷᠭᠡᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ᠂ ᠨᠥᠯᠥᠭᠡᠯᠡᠬᠦ᠌ ᠬᠦᠴᠦᠨ᠎ᠢᠶᠡᠷ ᠶᠡᠬᠡ ᠠᠵᠢᠯ᠎ᠳᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠣᠭ᠍ᠲᠠᠴᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠶᠠᠪᠤᠴᠠ ᠨᠢ ᠵᠢᠷᠤᠮᠵᠢᠭ᠍ᠰᠠᠨ᠂ ᠬᠠᠷᠢᠯᠴᠠᠨ ᠬᠠᠮᠵᠢᠯᠴᠠᠭ᠍ᠰᠠᠨ ᠥᠨᠳᠥᠷ ᠪᠦᠲᠦᠮᠵᠢᠲᠡᠶ ᠱᠢᠶ᠋ᠳᠪᠦᠷᠢᠲᠦ ᠪᠣᠳᠣᠯᠭ᠎ᠠ᠎ᠶ᠋ᠢᠨ ᠪᠢᠲᠡᠭᠦᠦ ᠭᠤᠭᠴᠤᠭ᠎ᠠ ᠵᠢ ᠪᠦᠷᠢᠯᠳᠦᠬᠦᠯᠵᠤ᠂ ᠱᠢᠶ᠋ᠳᠪᠦᠷᠢᠲᠦ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢ ᠰᠤᠳᠤᠯᠤᠨ ᠮᠠᠭᠠᠳᠯᠠᠯᠳᠠ᠂ ᠴᠢᠩᠭ᠎ᠠ ᠨᠢᠮᠪᠠᠶ ᠨᠤᠲᠠᠯᠠᠯᠲᠠ᠎ᠶᠢᠨ ᠳᠤᠮᠳᠠ ᠳᠤᠭᠳᠠᠭᠠᠬᠤ ᠬᠡᠷᠡᠭ᠌ᠲᠡᠶ᠃ ᠭᠠᠭ᠍ᠴᠠ ᠬᠦ᠌ ᠢᠩᠭᠢᠪᠡᠯ ᠰᠠᠶᠢ ᠬᠠᠰᠢ ᠶᠠᠰᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠪᠤᠰᠤᠳ᠎ᠢ ᠲᠠᠭᠠᠵᠤ ᠳᠡᠷᠪᠡᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠭᠠᠭ᠍ᠴᠠᠭᠠᠷ ᠡᠵᠡᠨ ᠮᠡᠳᠡᠵᠤ ᠱᠢᠢᠳᠪᠦᠷᠢᠲᠦ ᠪᠤᠳᠤᠯᠭ᠎ᠠ ᠳᠤᠭᠳᠠᠭᠠᠬᠤ ᠡᠴᠡ ᠵᠠᠢᠯᠠᠰᠭᠢᠵᠦ᠍᠂ ᠢᠷᠡᠭᠡᠳᠦᠢ ᠳ᠋ᠤ ᠬᠡᠳᠦ ᠦᠷᠢᠳᠦᠬᠦ 《ᠬᠤᠤᠳᠤᠤ ᠦᠭᠴᠡᠬᠡ》 ᠵᠢ ᠡᠷᠡᠰ ᠬᠣᠷᠢᠭ᠍ᠯᠠᠵᠤ᠂ ᠱᠢᠢᠳᠪᠦᠷᠢᠲᠦ ᠪᠤᠳᠤᠯᠭ᠎ᠠ ᠨᠢᠭᠡ ᠪᠦᠷᠢᠴᠥᠮ ᠪᠤᠰᠤᠳᠴᠢ ᠪᠣᠳᠠᠲᠤ ᠪᠠᠢᠳᠠᠯ᠎ᠳᠤ ᠨᠡᠢᠴᠡᠵᠦ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠢᠯᠡᠷᠡᠭᠦᠯᠵᠦ᠂ ᠴᠥᠮ ᠦᠢᠯᠡᠳᠦᠯᠭᠡ᠎ᠶ᠋ᠢᠨ ᠱᠢᠯᠭᠠᠯᠲᠠ᠎ᠶ᠋ᠢ ᠳᠠᠭᠠᠭᠠᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠵᠤ ᠴᠢᠳᠠᠨ᠎ᠠ᠃
ᠤᠴᠢᠷ ᠶᠠᠪᠤᠳᠠᠯ᠎ᠤᠨ ᠶᠡᠬᠡ ᠪᠠᠭ᠎ᠠ᠎ᠶ᠋ᠢ ᠬᠢᠨᠠᠨ ᠪᠠᠢᠵᠤ ᠲᠦᠰᠦᠪᠯᠡᠵᠤ᠂ ᠠᠯᠭᠤᠷ ᠪᠠᠴᠢᠮ᠎ᠢ ᠪᠣᠳᠣᠯᠬᠢᠯᠠᠨ ᠪᠠᠢᠷᠢᠱᠢᠭᠤᠯᠬᠤ ᠬᠡᠷᠡᠭᠳᠡᠢ᠃ ᠠᠯᠢᠪᠠ ᠪᠦᠬᠦᠨ᠎ᠳᠦ ᠪᠣᠳᠠᠲᠠᠢ ᠡᠴᠡ ᠡᠭᠦᠰᠭᠦ᠎ᠶ᠋ᠢ ᠪᠠᠷᠢᠮᠲᠠᠯᠠᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠪᠠᠯ ᠰᠠᠶ᠍ᠢ ᠬᠠᠮᠤᠭ᠎ᠤᠨ ᠶᠡᠬᠡ ᠦᠷ᠎ᠡ ᠠᠰᠢᠭ᠎ᠢ ᠪᠠᠳᠠᠷᠠᠭᠤᠯᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠵᠤ᠂ ᠤᠷᠤᠭ᠍ᠰᠢᠯᠠᠯᠲᠠ᠎ᠶ᠋ᠢᠨ ᠶᠠᠪᠤᠴᠠ᠎ᠳᠠᠬᠢ ᠠᠯᠬᠤᠮ ᠨᠢᠬᠡ ᠪᠦᠷᠢ ᠨᠢ ᠯᠠᠪᠳᠠᠭᠤᠨ ᠪᠥᠭᠡᠳ ᠬᠦᠴᠦᠲᠡᠢ ᠶᠠᠪᠤᠭ᠍ᠳᠠᠬᠤ᠎ᠶ᠋ᠢ ᠪᠠᠲᠤᠯᠠᠵᠤ ᠴᠢᠳᠠᠨ᠎ᠠ᠃