ᠥᠪᠥᠷ ᠮᠣᠩᠭᠣᠯ ᠭᠤᠷᠪᠠᠨ ᠶᠡᠬᠡ ᠨᠡᠭᠡᠭᠡᠯᠲᠡ᠎ᠶ᠋ᠢᠨ ᠲᠠᠪᠴᠠᠩ᠎ᠢ ᠬᠦᠴᠦᠷᠬᠡᠭ᠌ᠵᠢᠭᠦᠯᠵᠤ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠢ᠋ᠢ ᠪᠡᠬᠢᠵᠢᠬᠦᠯᠬᠦ ᠪᠡᠷ ᠪᠤᠢ
2026-03-31 09:50:33
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

 2026 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ᠎ᠢ ᠲᠠᠰ ᠳᠡᠪᠱᠢᠭᠦᠯᠬᠦ᠌᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠎ᠶ᠋ᠢ ᠬᠦᠭᠵᠢᠬᠦᠯᠬᠦ᠂ ᠳᠤᠮᠳᠠᠳᠤ ᠮᠣᠩᠭᠣᠯ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠢ᠋ ᠪᠦᠳᠦᠬᠡᠨ ᠪᠠᠢᠭᠤᠯᠬᠤ ᠵᠡᠷᠭᠡ ᠭᠤᠷᠪᠠᠨ ᠶᠡᠬᠡ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠭᠡᠭᠡᠯᠲᠡ ᠢ᠋ᠢᠨ ᠲᠠᠪᠴᠠᠩ᠎ᠢ ᠦᠷᠭᠦᠯᠵᠢᠯᠡᠨ ᠬᠦᠴᠦᠷᠬᠡᠭ᠌ᠵᠢᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ 《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶ᠋ᠢᠨ ᠵᠢᠯ᠎ᠳᠦ ᠱᠢᠨ᠎ᠡ ᠳᠡᠭ᠌ᠲᠡᠷ᠎ᠲᠦ ᠭᠠᠷᠭᠠᠬᠤ᠎ᠪᠡᠷ ᠠᠬᠢᠭᠤᠯᠵᠤ ᠪᠠᠢᠨ᠎ᠡ᠃

ᠶᠡᠷᠦᠩᠬᠡᠢᠯᠡᠭ᠌ᠰᠡᠨ ᠭᠠᠢᠯᠢ ᠪᠠᠳᠤᠯᠠᠬᠤ ᠤᠷᠤᠨ᠎ᠤ ᠳᠡᠰ ᠳᠡᠪᠱᠢᠬᠦ᠌᠎ᠶ᠋ᠢ ᠠᠬᠢᠭᠤᠯᠤᠨ᠎ᠡ᠃ ᠣᠳᠣᠬᠠᠨ᠎ᠳᠤ ᠥᠪᠥᠷ ᠮᠣᠩᠭᠣᠯ ᠶᠠᠭ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠤᠷᠤᠨ ᠤ᠋ ᠭᠠᠢᠯᠢ ᠪᠠᠳᠤᠯᠠᠨ ᠡᠳ᠋ᠱᠢᠭᠦᠯᠬᠦ᠌ ᠦᠶ᠋ᠯᠡᠰ᠎ᠦᠨ ᠬᠥᠭ᠌ᠵᠢᠯᠲᠡ᠎ᠶ᠋ᠢᠨ ᠲᠥᠰᠦᠯ᠎ᠢ ᠰᠤᠳᠤᠯᠵᠤ᠂ ᠭᠠᠢᠯᠢ ᠪᠠᠲᠤᠯᠠᠬᠤ ᠤᠷᠤᠨ ᠤ᠋ ᠡᠳ᠋ᠱᠢᠭᠦᠯᠬᠦ᠌ ᠦᠶ᠋ᠯᠡᠰ᠎ᠦᠨ ᠦᠶ᠋ᠯᠡᠳᠬᠦ᠌ ᠦᠶ᠋ᠯᠡᠰ᠎ᠢ ᠲᠥᠪᠯᠡᠷᠡᠭᠦᠯᠦᠨ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠣᠷᠣᠨ᠎ᠤ ᠳᠣᠲᠣᠷᠠᠬᠢ ᠠᠵᠤ ᠦᠶ᠋ᠯᠡᠰ ᠪᠣᠯᠤᠨ ᠣᠷᠣᠨ ᠨᠤᠲᠤᠭ᠎ᠤᠨ ᠲᠤᠯᠭᠠᠭᠤᠷᠢ ᠠᠵᠤ ᠦᠶ᠋ᠯᠡᠰ᠎ᠦᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ ᠪᠠᠢᠨ᠎ᠠ᠃ 2026 ᠣᠨ᠎ᠳᠤ 3 ᠶᠡᠷᠦᠩᠬᠡᠢᠯᠡᠭ᠌ᠰᠡᠨ ᠭᠠᠢᠯᠢ ᠪᠠᠳᠤᠯᠬᠠᠤ ᠤᠷᠤᠨ ᠤ᠋ ᠭᠠᠢᠯᠢ ᠪᠠᠳᠤᠯᠠᠨ ᠡᠳ᠋ᠱᠢᠭᠦᠯᠬᠦ᠌ ᠦᠶ᠋ᠯᠡᠰ᠎ᠦᠨ ᠠᠷᠠᠯᠵᠢᠶᠠᠨ᠎ᠤ ᠬᠡᠮᠵᠢᠶ᠎ᠡ ᠢ᠋ᠢ 122 ᠳ᠋ᠦᠩᠱᠢᠭᠤᠷ ᠲᠥᠭᠥᠷᠢᠭ᠎ᠲᠦ ᠬᠦᠷᠬᠡᠵᠤ᠂ ᠨᠢᠭᠡᠨᠲᠡ ᠲᠣᠭ᠍ᠲᠠᠭᠠᠭ᠍ᠰᠠᠨ ᠭᠠᠳᠠᠭᠠᠳᠤ ᠤᠷᠤᠭᠤᠯᠤᠯᠳᠡ ᠭᠠᠷᠭᠠᠯᠳᠡ ᠢ᠋ᠢᠨ ᠠᠷᠠᠯᠵᠢᠶᠠᠨ᠎ᠤ ᠶᠡᠷᠦᠨᠭᠬᠡᠢ ᠬᠡᠮᠵᠢᠶ᠎ᠡ᠎ᠶ᠋ᠢᠨ 20% ᠎ᠶ᠋ᠢ ᠡᠵᠡᠯᠡᠵᠤ᠂ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠤᠷᠤᠨ ᠤ᠋ ᠠᠵᠢᠯᠯᠠᠭᠠᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠪᠡᠷ ᠲᠥᠯᠥᠪᠯᠡᠵᠦ᠍ ᠪᠣᠶ᠃

ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠲᠤᠭᠤᠷᠢᠭ᠎ᠢᠶᠠᠷ ᠭᠠᠷᠳᠠᠴᠠ ᠪᠣᠯᠭᠠᠵᠤ᠂ ᠭᠠᠳᠠᠭᠠᠳᠤ ᠠᠷᠠᠯᠵᠢᠶᠠᠨ᠎ᠤ ᠱᠢᠨ᠎ᠡ ᠨᠡᠮᠡᠭ᠌ᠳᠡᠯ᠎ᠦᠨ ᠴᠡᠭ᠎ᠢ ᠪᠤᠢ ᠪᠤᠯᠭᠠᠨ᠎ᠡ᠃ ᠥᠪᠥᠷ ᠮᠣᠩᠭᠣᠯ ᠦᠷᠭᠦᠯᠵᠢᠯᠡᠨ ᠮᠣᠩᠭᠣᠯ ᠤᠯᠤᠰ᠎ᠲᠤ 《 ᠳᠠᠷᠠᠭ᠎ᠠ ᠡᠳᠦᠷ᠎ᠨᠢ ᠬᠥᠷᠬᠥ᠌ 》᠂ ᠣᠷᠣᠰ ᠤᠯᠤᠰ᠎ᠲᠤ 《ᠨᠢᠭᠡ ᠭᠠᠷᠠᠭ᠎ᠲᠤ ᠬᠥᠷᠬᠥ᠌》 ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠢᠯᠢ ᠠᠯᠤᠰᠯᠠᠭ᠍ᠰᠠᠨ ᠡᠳ᠋ ᠪᠠᠷᠠᠭᠠᠨ᠎ᠤ ᠭᠦᠶ᠋ᠯᠭᠡᠭᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠤᠨ᠎ᠠ; 《ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠡᠭᠦᠳᠦᠯᠲᠡ》 ᠎ᠶ᠋ᠢᠨ ᠨᠡᠪᠴᠢᠭᠦᠯᠦᠭᠦᠷ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠴᠢᠨᠠᠷ ᠰᠠᠢᠲᠠᠶ ᠦᠶ᠋ᠯᠡᠴᠢᠯᠡᠭᠡᠨ᠎ᠦ ᠲᠠᠪᠴᠠᠩ᠎ᠢ ᠣᠷᠣᠭᠤᠯᠤᠨ ᠠᠪᠴᠢᠷᠠᠵᠤ᠂ ᠤᠯᠠᠮᠵᠢᠯᠠᠯᠲᠤ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠡᠮᠵᠢᠨ᠎ᠡ; 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠲᠤ ᠣᠯᠠᠨ ᠨᠡᠢᠲᠡ᠎ᠶ᠋ᠢᠨ ᠭᠠᠳᠠᠭᠠᠳᠤ᠎ᠳᠠᠬᠢ ᠬᠥᠮᠥᠷᠭᠡ᠎ᠶ᠋ᠢ 2 —3 ᠱᠢᠨ᠎ᠡ᠎ᠪᠡᠷ ᠨᠡᠮᠡᠭ᠌ᠳᠡᠭᠦᠯᠵᠦ᠍᠂ ᠪᠥᠬᠥ᠌ ᠵᠢᠯ᠎ᠦᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠠᠷᠠᠯᠵᠢᠶᠠᠨ᠎ᠤ ᠬᠡᠮᠵᠢᠶ᠎ᠡ ᠢ᠋ᠢ 50 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠵᠤ ᠪᠠᠢᠨ᠎ᠠ᠃

ᠳᠤᠮᠳᠠᠳᠤ ᠮᠣᠩᠭᠣᠯ᠎ᠤᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠠᠮᠲᠤᠷᠠᠯᠴᠠᠭᠠᠨ᠎ᠤ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠨ᠎ᠡ᠃ ᠳᠤᠮᠳᠠᠳᠤ ᠮᠣᠩᠭᠣᠯ᠎ᠤᠨ ᠡᠷᠢᠶᠡᠨ ᠬᠣᠲᠠ— ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠪᠠᠷ ᠭᠤᠤᠯ ᠪᠣᠯᠭᠠᠵᠤ᠂ ᠥᠪᠥᠷ ᠮᠣᠩᠭᠣᠯ 《1 + N》 ᠲᠥᠷᠥ᠎ᠶ᠋ᠢᠨ ᠪᠣᠳᠣᠯᠭ᠎ᠠ᠎ᠶ᠋ᠢᠨ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠵᠤ᠂ ᠬᠣᠶᠠᠷ ᠲᠠᠯ᠎ᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌ ᠪᠠ ᠠᠵᠤ ᠦᠶ᠋ᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ 2026 ᠣᠨ᠎ᠳᠤ 1 ᠳ᠋ᠦᠩᠱᠢᠭᠤᠷ ᠲᠥᠭᠥᠷᠢᠭ᠎ᠦᠨ ᠰᠠᠭᠤᠷᠢ ᠲᠥᠬᠥᠭᠡᠷᠦᠮᠵᠢ᠎ᠶ᠋ᠢᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 5 ᠲᠦᠷᠦᠯ ᠵᠦᠢᠯ᠎ᠢ ᠠᠵᠢᠯ ᠡᠬᠢᠯᠡᠭᠦᠯᠬᠦ᠌᠎ᠪᠡᠷ ᠲᠥᠯᠥᠪᠯᠡᠵᠦ᠍ ᠪᠠᠢᠨ᠎ᠠ; ᠶᠦᠨᠨᠠᠨ᠂ ᠭᠤᠸᠠᠩᠰᠢ᠎ᠶ᠋ᠢᠨ ᠲᠤᠷᠱᠢᠯᠭ᠎ᠠ᠎ᠪᠠᠷ ᠲᠣᠯᠢ ᠪᠣᠯᠭᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌ ᠰᠤᠳᠤᠯᠭᠠᠨ᠎ᠢ ᠭᠦᠨᠵᠡᠭᠡᠢᠷᠡᠭᠦᠯᠵᠦ᠍᠂ ᠣᠯᠠᠨ ᠤᠯᠤᠰ᠎ᠤᠨ ᠡᠳ᠋ ᠪᠠᠷᠠᠭᠠᠨ᠎ᠤ ᠭᠦᠶ᠋ᠯᠭᠡᠭᠡ᠂ ᠭᠠᠳᠠᠭᠠᠳᠤ᠎ᠤᠷᠤᠭᠤᠯᠤᠯᠳᠡ ᠭᠠᠷᠭᠠᠯᠳᠡ ᠢ᠋ᠢᠨ ᠡᠳ᠋ᠱᠢᠭᠦᠯᠬᠦ᠌ ᠵᠡᠷᠭᠡ ᠠᠵᠤ ᠦᠶ᠋ᠯᠡᠰ᠎ᠢ ᠪᠤᠵᠠᠭᠠᠢᠷᠠᠭᠤᠯᠤᠨ᠎ᠠ;ᠲᠤᠰᠭᠠᠢ ᠮᠡᠷᠭᠡᠵᠢᠯ᠎ᠦᠨ ᠠᠷᠠᠯᠵᠢᠶᠠᠴᠢᠨ ᠤᠷᠢᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠵᠢᠶᠠᠩᠰᠦ᠂ ᠭᠤᠸᠠᠩᠳᠦ᠋ᠩ ᠵᠡᠷᠭᠡ ᠭᠠᠵᠠᠷ᠎ᠲᠤ ᠬᠦᠷᠴᠦ᠍ ᠬᠣᠯᠪᠣᠭᠠᠯᠠᠨ ᠠᠷᠠᠯᠵᠢᠶᠠᠴᠢᠨ ᠤᠷᠢᠵᠤ᠂ ᠵᠢᠯ᠎ᠦᠨ ᠳᠣᠲᠣᠷ᠎ᠠ 3 — 7 ᠱᠢᠯᠢᠳᠡᠭ ᠠᠵᠤ ᠠᠬᠤᠢᠯᠠᠯ᠎ᠢ ᠬᠦᠷᠢᠶᠡᠯᠡᠩ ᠲᠣᠭᠣᠷᠢᠭ᠎ᠲᠤ ᠰᠠᠭᠤᠷᠢᠰᠢᠭᠤᠯᠬᠤ᠎ᠪᠠᠷ ᠬᠦᠴᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号