《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠦᠪᠦᠷ ᠮᠤᠨᠭᠭᠤᠯ ᠤ᠋ᠨ ᠴᠢᠨᠠᠷ ᠰᠠᠢᠲᠠᠢ ᠪᠦᠲᠦᠭᠡᠭᠳᠡᠬᠦᠨ ᠢ᠋ ᠤᠯᠤᠰ ᠲᠠᠶᠠᠭᠠᠷ ᠲᠦ᠍ ᠠᠯᠳᠠᠷᠰᠢᠭᠤᠯᠵᠤ ᠪᠠᠢᠨ᠎ᠠ
2026-03-31 09:52:00
ᠵᠣᠬᠢᠶᠠᠭ᠍ᠴᠢ᠄
​ ᠤᠷᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠦᠪᠦᠷ ᠮᠤᠨᠭᠭᠤᠯ ᠤ᠋ᠨ ᠭᠤᠤᠯᠳᠠᠯᠭ᠎ᠠ ᠲᠠᠢ ᠴᠤᠬᠴᠠᠯᠠᠬᠰᠠᠨ ᠤᠷᠤᠨ ᠪᠦᠰᠡ ᠶ᠋ᠢᠨ ᠨᠡᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭ ᠪᠤᠯᠬᠤ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠨᠢ 《ᠥᠨᠳᠥᠷ ᠪᠠᠷᠢᠮᠵᠢᠶ᠎ᠠ᠂ ᠴᠢᠨᠭᠭ᠎ᠠ ᠭᠡᠷᠡᠴᠢᠯᠡᠯ᠂ ᠴᠢᠨᠭᠭ᠎ᠠ ᠬᠢᠨᠠᠯᠲᠠ ᠬᠠᠮᠢᠶᠠᠷᠤᠯᠲᠠ᠂ ᠰᠢᠯᠢᠳᠡᠭ ᠦᠶ᠋ᠯᠡᠴᠢᠯᠡᠭᠡ》  ᠶ᠋ᠢᠨ ᠵᠠᠷᠴᠢᠮ ᠢ᠋ ᠢᠮᠠᠭ᠍ᠲᠠ ᠪᠠᠷᠢᠮᠲᠠᠯᠠᠵᠤ᠂ ᠨᠡᠢᠭᠡᠮ ᠤ᠋ᠨ ᠡᠯ᠎ᠡ ᠡᠲᠡᠭᠡᠳ ᠲᠦ᠍ ᠥᠷᠭᠡᠨ ᠢ᠋ᠶ᠋ᠡᠷ ᠮᠡᠳᠡᠷᠡᠭ᠌ᠳᠡᠵᠦ᠂ ᠦᠪᠦᠷ ᠮᠤᠨᠭᠭᠤᠯ ᠤ᠋ᠨ ᠴᠢᠨᠠᠷ ᠰᠠᠢᠲᠠᠢ ᠤᠨᠴᠠᠯᠢᠬᠲᠤ ᠪᠦᠲᠦᠭᠡᠭᠳᠡᠬᠦᠨ ᠤ᠋ ᠪᠦᠬᠦ ᠤᠯᠤᠰ ᠤ᠋ᠨ ᠵᠠᠬ᠎ᠠ ᠳᠡᠯᠭᠡᠭᠦᠷ ᠲᠦ᠍ ᠭᠠᠷᠴᠤ᠂ ᠴᠢᠨᠠᠷ ᠰᠠᠢᠲᠠᠢ ᠪᠦᠲᠦᠭᠡᠭᠳᠡᠬᠦᠨ ᠢ᠋ ᠦᠨᠳᠦᠷ ᠦᠨ᠎ᠡ ᠳ᠋ᠤ ᠬᠦᠷᠭᠡᠬᠦ ᠵᠢ ᠪᠡᠶᠡᠯᠡᠭᠦᠯᠪᠡ᠃ ᠤᠳᠤᠬᠠᠨ ᠳ᠋ᠤ ᠪᠥᠬᠥ᠌ ᠣᠷᠣᠨ ᠤ᠋ 174 ᠠᠵᠤ ᠠᠬᠤᠢᠯᠠᠯ᠂ 1613 ᠵᠦᠶ᠋ᠯ ᠤ᠋ᠨ ᠦᠶ᠋ᠯᠡᠳᠬᠦᠨ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠤ᠋ᠨ ᠦᠨᠡᠮᠯᠡᠯ ᠢ᠋ ᠣᠯᠵᠤ᠂ ᠠᠵᠤ ᠦᠶ᠋ᠯᠡᠰ ᠤ᠋ᠨ ᠲᠠᠰ ᠳᠡᠪᠱᠢᠬᠦ᠌ ᠪᠠ ᠠᠵᠢᠯ ᠣᠯᠭᠣᠯᠲᠠ ᠶ᠋ᠢ ᠨᠡᠮᠡᠭᠳᠡᠭᠦᠯᠬᠦ ᠵᠢ ᠪᠦᠲᠦᠮᠵᠢᠲᠡᠶ ᠳᠠᠢᠴᠢᠯᠠᠨ᠂ ᠠᠵᠤ ᠠᠬᠤᠶ ᠶ᠋ᠢᠨ ᠥᠷᠲᠡᠭ ᠬᠢᠭᠡᠳ ᠨᠡᠢᠭᠡᠮ ᠤ᠋ᠨ ᠥᠷᠲᠡᠭ ᠤ᠋ᠨ ᠬᠤᠤᠰ ᠠᠱᠢᠭ ᠢ᠋ ᠪᠡᠶᠡᠯᠡᠭᠦᠯᠪᠡ᠃

ᠤᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠪᠠᠷᠢᠮᠵᠢᠶ᠎ᠠ᠂ ᠭᠡᠷᠡᠴᠢᠯᠡᠯ᠂ ᠠᠵᠤ ᠦᠶ᠋ᠯᠡᠰ᠂ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ᠂ ᠶᠡᠷᠦᠩᠬᠡᠢᠯᠡᠭ᠌ᠰᠡᠨ ᠦᠶ᠋ᠯᠡᠴᠢᠯᠡᠭᠡ ᠵᠡᠷᠭᠡ 《ᠲᠠᠪᠤᠨ ᠶᠡᠬᠡ ᠱᠢᠰᠲ᠋ᠧᠮ》  ᠤ᠋ᠨ ᠪᠠᠢᠭᠤᠯᠤᠯᠲᠠ ᠵᠢ ᠱᠢᠰᠲ᠋ᠧᠮ ᠲᠠᠢ ᠠᠬᠢᠭᠤᠯᠵᠤ᠂ 《3 + 1 + N》 ᠪᠠᠷᠢᠮᠵᠢᠶ᠎ᠠ ᠶ᠋ᠢᠨ ᠱᠢᠰᠲ᠋ᠧᠮ ᠢ᠋ ᠪᠠᠢᠭᠤᠯᠵᠤ᠂ ᠲᠠᠷᠢᠶᠠᠯᠠᠩ ᠮᠠᠯ ᠠᠵᠤ ᠠᠬᠤᠶ᠂ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠪᠠ ᠦᠶ᠋ᠯᠡᠴᠢᠯᠡᠭᠡᠨ ᠤ᠋ ᠦᠶ᠋ᠯᠡᠰ ᠢ᠋ ᠬᠠᠮᠤᠷᠴᠤ᠌᠂ 154 ᠵᠦᠶ᠋ᠯ ᠤ᠋ᠨ ᠭᠡᠷᠡᠴᠢᠯᠡᠯ ᠤ᠋ᠨ ᠪᠠᠷᠢᠮᠵᠢᠶ᠎ᠠ ᠵᠢ ᠨᠡᠢᠲᠡᠯᠡᠨ ᠬᠡᠷᠡᠭ᠌ᠵᠢᠭᠦᠯᠪᠡ᠃ ᠬᠦᠴᠦᠷᠬᠡᠭ ᠶᠡᠬᠡ ᠲᠥᠷᠥᠯ ᠲᠡᠮᠳᠡᠭ᠌ ᠤ᠋ᠨ ᠨᠥᠯᠥᠭᠡᠯᠡᠬᠦ᠌ ᠬᠦᠴᠦᠨ ᠳ᠋ᠤ ᠲᠦᠰᠢᠭᠯᠡᠨ《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠲᠣᠮᠣ ᠪᠤᠯᠤᠩ ᠤ᠋ᠨ ᠣᠷᠣᠨ ᠤ᠋ ᠵᠠᠬ᠎ᠠ ᠳᠡᠯᠭᠡᠭᠦᠷ ᠢ᠋ ᠥᠷᠭᠡᠳᠭᠡᠪᠡ᠃

ᠤᠢᠯᠠᠭᠠᠬᠰᠠᠨ ᠢ᠋ᠶ᠋ᠡᠷ᠂ ᠳᠠᠷᠠᠭᠠᠴᠢ ᠪᠠᠷ ᠦᠪᠦᠷ ᠮᠤᠨᠭᠭᠤᠯ 30 ᠵᠦᠢᠯ ᠤ᠋ᠨ ᠭᠡᠷᠡᠴᠢᠯᠡᠯ ᠤ᠋ᠨ ᠪᠠᠷᠢᠮᠵᠢᠶ᠎ᠠ ᠵᠢ ᠱᠢᠨ᠎ᠡ ᠪᠡᠷ ᠰᠤᠳᠤᠯᠬᠤ ᠶ᠋ᠢᠨ ᠬᠠᠮᠲᠤ ᠪᠠᠷᠢᠮᠵᠢᠶ᠎ᠠ ᠵᠢ ᠳᠠᠬᠢᠨ ᠬᠢᠨᠠᠵᠤ ᠵᠠᠰᠠᠪᠤᠷᠢ ᠣᠷᠣᠭᠤᠯᠬᠤ ᠵᠢ ᠪᠡᠶᠡᠯᠡᠭᠦᠯᠵᠦ᠂ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠬᠢᠭᠡᠳ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ ᠤ᠋ ᠬᠠᠮᠵᠢᠯᠴᠠᠨ ᠬᠠᠷᠢᠯᠴᠠᠨ ᠡᠨᠧᠷᠭᠢ ᠣᠯᠭᠣᠬᠤ ᠵᠢ ᠠᠬᠢᠭᠤᠯᠬᠤ ᠪᠤᠯᠤᠨ᠎ᠠ᠃ ᠭᠡᠷᠡᠴᠢᠯᠡᠯ ᠤ᠋ᠨ ᠠᠵᠤ ᠠᠬᠤᠢᠯᠠᠯ ᠢ᠋ ᠰᠢᠨ᠎ᠡ ᠪᠡᠷ 30 ᠡᠴᠡ ᠳᠡᠭᠡᠭᠰᠢ ᠨᠡᠮᠡᠭᠳᠡᠭᠦᠯᠵᠦ᠂  ᠬᠥᠮᠥᠷᠭᠡ ᠳ᠋ᠤ ᠤᠷᠤᠭᠤᠯᠬᠤ ᠠᠵᠤ ᠠᠬᠤᠢᠯᠠᠯ ᠢ᠋ 80 ᠡᠴᠡ ᠳᠡᠭᠡᠭ᠌ᠰᠢ ᠪᠣᠢᠵᠢᠭᠤᠯᠵᠤ᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠢᠳᠡᠭᠡᠨ ᠤᠮᠳᠠᠭᠠᠨ᠂ ᠦᠵᠡᠮᠵᠢ ᠶ᠋ᠢᠨ ᠣᠷᠣᠨ᠂ ᠪᠠᠭᠤᠳᠠᠯ ᠵᠡᠷᠭᠡ ᠦᠢᠯᠡᠴᠢᠯᠡᠭᠡᠨ ᠤ᠋ ᠭᠡᠷᠡᠴᠢᠯᠡᠯ ᠤ᠋ᠨ ᠬᠡᠪ ᠳᠠᠭᠤᠷᠢᠶᠠᠯ ᠢ᠋ ᠴᠤᠬᠴᠠᠯᠠᠵᠤ᠂ ᠲᠦᠷᠦᠯ ᠲᠡᠮᠲᠡᠭ ᠤ᠋ᠨ ᠬᠡᠷᠡᠭᠯᠡᠭᠡᠨ ᠤ᠋ ᠠᠬᠤᠢ ᠲᠠᠯᠠᠪᠤᠷ ᠢ᠋ ᠦᠷᠭᠡᠳᠭᠡᠨ᠎ᠠ᠃ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ᠌ ᠬᠢᠨᠠᠯᠲᠠ ᠬᠠᠮᠢᠶᠠᠷᠤᠯᠲᠠ ᠶ᠋ᠢᠨ ᠲᠣᠭ᠍ᠲᠠᠴᠠ ᠵᠢ ᠴᠢᠩᠭᠠᠷᠠᠭᠤᠯᠵᠤ᠂ ᠦᠶ᠋ᠯᠡᠳᠬᠦᠨ ᠤ᠋ ᠲᠦᠭ᠌ᠰᠢᠭᠦᠷᠢ ᠵᠢ ᠬᠢᠨᠠᠨ ᠱᠢᠨᠵᠢᠬᠦ᠌ ᠵᠢ ᠥᠷᠨᠢᠭᠦᠯᠦᠨ᠂ ᠪᠥᠬᠥ᠌ ᠬᠡᠯᠬᠢᠶ᠎ᠡ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ ᠢ᠋ ᠴᠢᠩᠭᠠᠷᠠᠭᠤᠯᠵᠤ᠂ ᠠᠢᠮᠠᠭ ᠬᠣᠲᠠ ᠲᠠᠢ ᠬᠠᠮᠲᠤᠷᠠᠨ ᠬᠦᠳᠡᠯᠦᠯᠴᠡᠵᠦ ᠤᠷᠤᠨ ᠪᠦᠰᠡ ᠶ᠋ᠢᠨ ᠲᠦᠷᠦᠯ ᠲᠡᠮᠲᠡᠭ ᠢ᠋ ᠬᠠᠮᠲᠤ ᠪᠠᠷ ᠪᠠᠢᠭᠤᠯᠤᠨ᠎ᠠ᠃ ᠲᠠᠪᠴᠠᠩ ᠪᠠᠢᠭᠤᠯᠬᠤ᠂ ᠠᠷᠭ᠎ᠠ ᠵᠠᠮ ᠢ᠋ ᠦᠷᠭᠡᠳᠭᠡᠬᠦ ᠂ ᠵᠠᠬ᠎ᠠ ᠳᠡᠯᠭᠡᠭᠦᠷ ᠢ᠋ ᠥᠷᠭᠡᠳᠭᠡᠬᠦ᠌ ᠵᠢ ᠪᠠᠷᠢᠮᠲᠠᠯᠠᠵᠤ᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠵᠠᠬ᠎ᠠ ᠳᠡᠯᠭᠡᠭᠦᠷᠴᠢᠯᠡᠭᠰᠡᠨ᠂ ᠲᠣᠭᠠᠴᠢᠯᠠᠬᠰᠠᠨ᠂ ᠲᠥᠷᠥᠯ ᠲᠡᠮᠳᠡᠭ᠌ᠵᠢᠭᠰᠡᠨ ᠬᠥᠭ᠌ᠵᠢᠯᠲᠡ ᠵᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号