ᠣᠷᠳᠣᠰ ᠬᠣᠲᠠ ᠵᠢᠨ ᠵᠡᠭᠦᠨᠭᠠᠷ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠲᠡᠬᠢ ᠣᠷᠳᠣᠰ ᠬᠣᠲᠠ ᠵᠢᠨ ᠬᠠᠨ ᠰᠢᠶᠠ ᠰᠢᠨ᠎ᠡ ᠡᠨᠧᠷᠭᠢ ᠵᠢᠨ ᠬᠢᠵᠠᠭᠠᠷᠲᠤ ᠺᠣᠮᠫᠠᠨᠢ ᠵᠢᠨ ᠳᠦᠮᠡᠨ ᠳᠤᠨ ᠤ᠋ ᠳᠡᠰ ᠤ᠋ᠨ ᠬᠡᠷᠡᠯᠴᠢ ᠴᠡᠨᠡᠭ ᠶ᠋ᠢᠡᠷ ᠤᠰᠤᠳᠦ᠋ᠷᠦᠭᠴᠢ ᠦᠢᠯᠡᠳᠬᠦ ᠳᠦᠷᠦᠯ ᠵᠦᠢᠯ 2026 ᠣᠨ ᠤ᠋ ᠲᠡᠷᠭᠡᠨ ᠳ᠋ᠤ ᠤᠰᠤᠳᠦ᠋ᠷᠦᠭᠴᠢ ᠨᠡᠮᠡᠬᠦ ᠵᠢ ᠳᠦᠷᠦᠬᠦᠭᠡᠨ ᠠᠩᠬ᠎ᠠ ᠪᠡᠶᠡᠯᠡᠬᠦᠯᠵᠠᠢ᠃ ᠡᠭᠦᠨᠳᠤ ᠰᠠᠪᠠᠯᠠᠭᠰᠠᠨ ᠤᠰᠤᠳᠦ᠋ᠷᠦᠭᠴᠢ ᠶ᠋ᠢᠨ ᠶᠡᠷᠦᠩᠬᠡᠢ ᠬᠡᠮᠵᠢᠶ᠎ᠡ ᠨᠢ 423 ᠺᠢᠯᠣᠭ᠌ᠷᠠᠮᠳᠤ ᠬᠦᠷᠴᠦ᠂ ᠤᠯᠤᠰ ᠤ᠋ᠨ 99.999% ᠶ᠋ᠢᠨ ᠴᠡᠪᠡᠷᠴᠡ ᠶ᠋ᠢᠨ ᠪᠠᠷᠢᠮᠵᠢᠶ᠎ᠠ ᠳ᠋ᠤ ᠬᠦᠷᠴᠠᠢ᠃ ᠡᠨᠡ ᠨᠢ ᠪᠥᠬᠥ ᠤᠯᠤᠰ ᠤ᠋ᠨ ᠠᠩᠬᠠᠳᠠᠭ᠍ᠴᠢ ᠲᠦᠮᠡᠨ ᠲᠣᠨ ᠤ᠋ ᠲᠠᠰ ᠤ᠋ᠨ ᠬᠡᠷᠡᠯᠴᠢ ᠴᠡᠨᠡᠭ ᠤ᠋ᠨ ᠤᠰᠤᠲᠥ᠋ᠷᠥᠭᠴᠢ ᠦᠢᠯᠡᠳᠬᠦ ᠲᠥᠷᠥᠯ ᠵᠦᠢᠯ ᠵᠢᠩᠬᠢᠨᠢ ᠪᠡᠷ ᠬᠡᠪᠴᠢᠶᠡᠵᠢᠭᠦᠯᠦᠨ ᠰᠠᠪᠠᠯᠠᠬᠤ ᠪᠠ ᠣᠯᠠᠨ ᠲᠠᠯᠠᠪᠤᠷ ᠲᠤ᠌ ᠬᠡᠷᠡᠭᠯᠡᠬᠦ ᠵᠢ ᠬᠠᠮᠵᠢᠯᠴᠠᠭᠤᠯᠤᠨ ᠬᠥᠭᠵᠢᠭᠦᠯᠬᠦ ᠰᠢᠨ᠎ᠡ ᠱᠠᠲᠤᠨ ᠳ᠋ᠤ ᠣᠷᠣᠭᠰᠠᠨ ᠢ᠋ ᠬᠠᠷᠠᠭᠤᠯᠵᠤ ᠪᠠᠢᠨ᠎ᠠ᠃
ᠲᠣᠰ ᠲᠥᠷᠥᠯ ᠵᠦᠢᠯ ᠢ᠋ ᠳᠤᠮᠳᠠᠳᠤ ᠤᠯᠤᠰ ᠤ᠋ᠨ ᠰᠠᠨ ᠰᠢᠶᠠ ᠪᠦᠯᠦᠭᠯᠡᠯ ᠪᠣᠯᠣᠨ ᠥᠪᠥᠷ ᠮᠣᠩᠭᠣᠯ ᠤ᠋ᠨ ᠮᠠᠨ ᠱᠢ ᠪᠦᠯᠦᠭᠯᠡᠯ ᠬᠠᠮᠲᠤᠷᠠᠭᠠᠳ ᠪᠡᠯᠡ ᠣᠷᠣᠭᠤᠯᠤᠨ ᠪᠦᠲᠦᠭᠡᠨ ᠪᠠᠢᠭᠤᠯᠵᠤ᠂ ᠶᠡᠷᠦᠩᠬᠡᠢ ᠪᠡᠯᠡ ᠤᠷᠤᠭᠤᠯᠤᠯᠳᠠ ᠨᠢ 23.5 ᠳ᠋ᠦᠩᠰᠢᠭᠤᠷ ᠲᠥᠭᠥᠷᠢᠭ ᠲᠤ᠌ ᠬᠦᠷᠴᠦ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠦᠷᠦᠬᠦᠦ ᠪᠦᠯᠦᠭ ᠤ᠋ᠨ ᠴᠣᠬᠣᠯᠠᠪᠤᠷᠢ ᠠᠪᠤᠭᠠᠳ ᠳᠦᠷᠦᠬᠦᠯᠡᠨ ᠪᠦᠲᠦᠭᠡᠨ ᠪᠠᠢᠭᠤᠯᠤᠭᠰᠠᠨ ᠤᠰᠤᠲᠥ᠋ᠷᠥᠭᠴᠢ ᠦᠢᠯᠡᠳᠪᠦᠷᠢᠯᠡᠬᠦ ᠲᠦᠮᠡᠨ ᠲᠣᠨ ᠤ᠋ ᠲᠠᠰ ᠤ᠋ᠨ ᠬᠡᠷᠡᠯᠴᠢ ᠴᠡᠨᠡᠭ ᠶ᠋ᠢᠡᠷ ᠤᠰᠤᠲᠥ᠋ᠷᠥᠭᠴᠢ ᠦᠢᠯᠡᠳᠬᠦ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠥᠷᠥᠯ ᠵᠦᠢᠯ ᠪᠣᠯᠬᠤ ᠶᠤᠮ᠃ ᠲᠤᠰ ᠲᠥᠷᠥᠯ ᠵᠦᠢᠯ ᠬᠡᠷᠡᠯᠴᠢ ᠴᠡᠨᠡᠭ ᠤ᠋ᠨ ᠦᠢᠯᠡᠳᠪᠦᠷᠢ ᠵᠢᠨ ᠲᠣᠭᠣᠷᠢᠭ᠋ ᠬᠢᠭᠡᠳ ᠤᠰᠤᠲᠥ᠋ᠷᠥᠭᠴᠢ ᠦᠢᠯᠡᠳᠬᠦ ᠦᠢᠯᠡᠳᠪᠦᠷᠢ ᠵᠢᠨ ᠲᠣᠭᠣᠷᠢᠭ᠋ ᠭᠡᠬᠦ 2 ᠦᠢᠯᠡᠳᠪᠦᠷᠢ ᠶ᠋ᠢᠨ ᠳᠤᠭᠤᠷᠢᠭ ᠳᠠᠢ᠂ ᠡᠬᠦᠨ ᠳ᠋ᠤ ᠬᠡᠷᠡᠯᠴᠢ ᠴᠡᠨᠡᠭ ᠤ᠋ᠨ ᠦᠢᠯᠡᠳᠪᠦᠷᠢ ᠵᠢᠨ ᠲᠣᠭᠣᠷᠢᠭ᠋ᠢ ᠨᠡᠭᠦᠷᠡᠰᠦ ᠮᠠᠯᠲᠠᠭᠰᠠᠨ ᠡᠴᠡ ᠪᠤᠯᠵᠤ ᠳᠤᠷᠤᠭᠰᠢ ᠰᠠᠭᠤᠭᠰᠠᠨ ᠭᠠᠵᠠᠷ ᠲᠤ᠌ ᠪᠦᠲᠦᠭᠡᠨ ᠪᠠᠢᠭᠤᠯᠵᠤ᠂ ᠤᠰᠤᠲᠥ᠋ᠷᠥᠭᠴᠢ ᠦᠢᠯᠡᠳᠬᠦ ᠦᠢᠯᠡᠳᠪᠦᠷᠢ ᠵᠢᠨ ᠲᠣᠭᠣᠷᠢᠭ᠋ ᠢ᠋ ᠠᠵᠤ ᠦᠢᠯᠡᠰ ᠤ᠋ᠨ ᠬᠦᠷᠢᠶᠡᠯᠡᠩ ᠲᠣᠭᠣᠷᠢᠭ᠋ ᠲᠤ᠌ ᠪᠠᠢᠭᠤᠯᠤᠭᠠᠳ᠂ ᠪᠤᠬᠢᠷᠳᠤᠯ ᠦᠭᠡᠢ ᠬᠦᠭᠵᠢᠬᠦ ᠵᠢ ᠪᠠᠶᠡᠯᠡᠬᠦᠯᠵᠡᠢ᠃
ᠣᠷᠳᠣᠰ ᠬᠤᠳᠠ ᠵᠢᠨ ᠬᠠᠨ ᠰᠢᠶᠠ ᠰᠢᠨ᠎ᠡ ᠡᠨᠧᠷᠭᠢ ᠵᠢᠨ ᠬᠢᠵᠠᠭᠠᠷᠲᠤ ᠺᠣᠮᠫᠠᠨᠢ ᠵᠢᠨ ᠳᠡᠳ᠋ ᠶᠡᠷᠦᠩᠬᠡᠢ ᠳᠠᠭᠠᠭᠠᠮᠠᠯ ᠵᠢᠢ ᠮᠧᠩ ᠪᠥᠸᠧ ᠵᠢᠨ ᠲᠠᠨᠢᠯᠴᠠᠭᠤᠯᠤᠭᠰᠠᠨ ᠶ᠋ᠢᠡᠷ᠂ ᠣᠳᠣᠬᠠᠨ ᠳ᠋ᠤ ᠲᠤᠰ ᠲᠦᠷᠦᠯ ᠵᠦᠢᠯ ᠥᠨᠳᠥᠷ ᠪᠦᠲᠦᠮᠵᠢᠲᠡᠢ ᠤᠰᠤᠳᠦ᠋ᠷᠦᠭᠴᠢ ᠦᠢᠯᠡᠳᠬᠦ ᠪᠠ ᠪᠤᠷᠤᠯᠠᠭᠤᠯᠬᠤ ᠵᠢ ᠵᠣᠯᠭᠠᠭᠤᠯᠵᠤ᠂ ᠡᠳᠦᠷ ᠪᠦᠷᠢ ᠵᠢᠨ ᠰᠠᠪᠠᠯᠠᠵᠤ ᠪᠣᠷᠣᠯᠠᠭᠤᠯᠤᠭᠰᠠᠨ ᠤᠰᠤᠲᠥ᠋ᠷᠥᠭᠴᠢ ᠵᠢᠨ ᠬᠡᠮᠵᠢᠶ᠎ᠡ ᠨᠢ 700 ᠺᠢᠯᠣᠭ᠌ᠷᠠᠮ ᠳ᠋ᠤ ᠬᠦᠷᠴᠦ᠂ ᠡᠳᠦᠷ ᠳᠤᠮᠳᠠᠴᠢ ᠵᠢᠨ ᠤᠰᠤᠲᠥ᠋ᠷᠥᠭᠴᠢ ᠵᠢᠨ ᠭᠠᠷᠤᠯᠲᠠ 1 ᠲᠦᠮᠡᠨ ᠪᠠᠷᠢᠮᠵᠢᠶᠠᠳᠤ ᠪᠤᠰᠤᠭ᠎ᠠ ᠳᠥᠷᠪᠡᠯᠵᠢᠨ ᠮᠧᠲᠷ ᠲᠤ᠌ ᠬᠦᠷᠴᠡᠢ᠃ ᠦᠢᠯᠡᠳᠪᠦᠷᠢᠯᠡᠭᠰᠡᠨ ᠪᠤᠬᠢᠷᠳᠤᠯ ᠦᠭᠡᠢ ᠤᠰᠤᠲᠥ᠋ᠷᠥᠭᠴᠢ ᠨᠢ ᠬᠥᠬᠡᠬ᠍ᠤᠳᠠ᠂ ᠪᠤᠭᠤᠲᠤ᠂ ᠣᠷᠳᠣᠰ ᠵᠢᠴᠢ ᠱᠠᠨ ᠰᠢ᠂ ᠱᠠᠨᠰᠢ ᠮᠤᠵᠢ ᠶ᠋ᠢᠨ ᠡᠷᠬᠢᠨ ᠲᠣᠭᠣᠷᠢᠨ ᠤ᠋ ᠭᠠᠵᠠᠷ ᠣᠷᠣᠨᠳᠤ ᠪᠤᠷᠤᠯᠠᠭᠤᠯᠤᠭᠳᠠᠵᠤ᠂ ᠤᠰᠤᠲᠥ᠋ᠷᠥᠭᠴᠢ ᠨᠡᠮᠡᠬᠦ ᠦᠷᠳᠡᠭᠡ᠂ ᠬᠢᠮᠢ ᠵᠢᠨ ᠠᠵᠤ ᠦᠢᠯᠡᠳᠪᠦᠷᠢ ᠵᠢᠨ ᠨᠡᠢᠯᠡᠯᠭᠡ᠂ ᠡᠯᠧᠺᠲᠷᠣᠨ ᠣᠨᠴᠠᠭᠠᠢ ᠬᠡᠢ ᠵᠡᠷᠭᠡ ᠤᠯᠠᠨ ᠬᠦᠷᠢᠶᠡᠨ ᠳ᠋ᠤ ᠥᠷᠭᠡᠨ ᠶ᠋ᠢᠡᠷ ᠬᠡᠷᠡᠭᠯᠡᠭᠳᠡᠵᠦ ᠪᠤᠢ᠃ ᠡᠭᠦᠨ ᠤ᠋ ᠬᠠᠮᠳᠤ᠂ ᠲᠤᠰ ᠲᠦᠷᠦᠯ ᠵᠦᠢᠯ ᠪᠠᠰᠠ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠵᠢᠨ ᠲᠣᠣᠷ ᠢ᠋ ᠲᠦᠷᠭᠡᠨ ᠪᠠᠢᠭᠤᠯᠵᠤ᠂ ᠳᠣᠣᠷᠠᠳᠤ ᠤᠷᠤᠰᠬᠠᠯ ᠤ᠋ᠨ ᠠᠵᠤ ᠠᠬᠤᠢᠯᠠᠯ ᠯᠤᠭ᠎ᠠ ᠵᠢᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠤᠨ᠂ ᠪᠦᠬᠦ ᠬᠡᠯᠬᠢᠶᠡᠨᠤ ᠪᠤᠬᠢᠷᠳᠤᠯ ᠦᠭᠡᠢ ᠤᠰᠤᠲᠥ᠋ᠷᠥᠭᠴᠢ ᠬᠡᠷᠡᠭᠯᠡᠬᠦ ᠰᠢᠰᠲ᠋ᠧᠮ ᠢ᠋ ᠬᠦᠴᠦᠯᠡᠨ ᠪᠠᠢᠭᠤᠯᠵᠤ ᠪᠤᠢ ᠃
ᠠᠵᠢᠯ ᠲᠦᠷᠦᠯ ᠤ᠋ᠨ ᠬᠤᠰᠢᠭᠤᠷᠠᠭᠰᠠᠨ ᠲᠦᠷᠦᠯ ᠵᠦᠢᠯ ᠪᠣᠯᠤᠭᠰᠠᠨ ᠤ᠋ ᠬᠤᠪᠢ ᠳ᠋ᠤ᠂ ᠲᠤᠰ ᠲᠦᠷᠦᠯ ᠵᠦᠢᠯ ᠵᠢᠯ ᠪᠦᠷᠢ ᠪᠠᠷᠢᠮᠵᠢᠶᠠᠲᠤ ᠨᠡᠭᠦᠷᠡᠰᠦ ᠵᠢ 22.6 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠳᠠ ᠵᠢ 59.4 ᠲᠦᠮᠡᠨ ᠲᠣᠨ ᠪᠠᠭᠠᠰᠬᠠᠨ᠂ ᠪᠦᠬᠦ ᠤᠯᠤᠰ ᠤ᠋ᠨ ᠬᠡᠷᠡᠯᠴᠢ ᠴᠡᠨᠡᠭ ᠶ᠋ᠢᠡᠷ ᠤᠰᠤᠲᠥ᠋ᠷᠥᠭᠴᠢ ᠦᠢᠯᠡᠳᠬᠦ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠤ ᠬᠡᠪ ᠳᠠᠭᠤᠷᠢᠶᠠᠯ ᠪᠣᠯᠤᠭᠰᠠᠨ ᠪᠠᠢᠨ᠎ᠠ᠃