ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠠᠢᠨᠠᠨ ᠮᠤᠵᠢ ᠶ᠋ᠢᠨ ᠯᠸ ᠳ᠋ᠦᠩ ᠤ᠋ᠨ ᠯᠢ ᠦᠨᠳᠦᠰᠦᠲᠡᠨ ᠤ᠋ ᠥᠪᠡᠷᠲᠡᠭᠡᠨ ᠵᠠᠰᠠᠬᠤ ᠱᠢᠶᠠᠨ ᠳ᠋ᠤ ᠪᠠᠢᠭ᠎ᠠ ᠥᠪᠥᠷ ᠮᠣᠩᠭᠣᠯ ᠤ᠋ᠨ ᠡᠮᠦᠨᠡᠲᠦ ᠤᠷᠤᠨ ᠳ᠋ᠡᠬᠢ ᠡᠭᠦᠯᠳᠡᠷ ᠪᠤᠢᠵᠢᠭᠤᠯᠬᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠰᠠᠭᠤᠷᠢᠨ ᠤ᠋ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠲᠥᠬᠥᠭᠡᠷᠦᠮᠵᠢ ᠶ᠋ᠢᠨ ᠲᠥᠷᠥᠯ ᠵᠦᠶ᠋ᠯ ᠣᠢᠷ᠎ᠠ ᠳ᠋ᠤ ᠪᠠᠷᠢᠯᠭ᠎ᠠ ᠡᠬᠢᠯᠡᠪᠡ᠃
ᠣᠢᠯᠠᠭᠠᠭ᠍ᠰᠠᠨ ᠵᠢᠡᠷ ᠂ ᠲᠤᠰ ᠰᠠᠭᠤᠷᠢᠨ ᠤ᠋ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠲᠥᠬᠥᠭᠡᠷᠦᠮᠵᠢ ᠳ᠋ᠤ ᠠᠯᠪᠠᠯᠠᠬᠤ ᠭᠠᠵᠠᠷ᠂ ᠬᠥᠮᠥᠷᠭᠡᠯᠡᠨ ᠬᠠᠳᠠᠭᠠᠯᠠᠬᠤ ᠲᠤᠭᠤᠷᠢᠭ᠂ ᠬᠠᠳᠠᠭᠠᠬᠤ ᠲᠤᠭᠤᠷᠢᠭ᠂ ᠲᠠᠷᠢᠶᠠᠨ ᠭᠠᠵᠠᠷ ᠵᠡᠷᠭᠡ ᠣᠯᠠᠨ ᠴᠢᠳᠠᠮᠵᠢᠲᠤ ᠲᠤᠭᠤᠷᠢᠭ ᠪᠠᠭᠲᠠᠵᠤ᠂ ᠡᠨᠡ ᠵᠢᠯ ᠤ᠋ᠨ 11 ᠰᠠᠷ᠎ᠠ ᠳ᠋ᠤ ᠪᠠᠷᠢᠯᠭ᠎ᠠ ᠳᠠᠭᠤᠰᠭᠠᠬᠤ ᠪᠠᠷ ᠲᠥᠯᠥᠪᠯᠡᠵᠦ᠍ ᠪᠠᠢᠨ᠎ᠠ᠃ ᠦᠪᠤᠷ ᠮᠤᠩᠭᠤᠯ ᠤ᠋ᠨ ᠡᠮᠦᠨᠡᠲᠦ ᠤᠷᠤᠨ ᠳ᠋ᠡᠬᠢ ᠡᠭᠦᠯᠳᠡᠷ ᠪᠤᠢᠵᠢᠭᠤᠯᠬᠤ ᠰᠠᠭᠤᠷᠢᠨ ᠤ᠋ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠲᠦᠬᠦᠭᠡᠷᠦᠮᠵᠢ ᠶ᠋ᠢᠨ ᠲᠦᠷᠦᠯ ᠵᠦᠢᠯ ᠪᠤᠯ ᠤᠯᠤᠰ ᠤ᠋ᠨ ᠰᠠᠢᠨ ᠡᠭᠦᠯᠳᠡᠷ ᠪᠣᠢᠵᠢᠭᠤᠯᠬᠤ ᠰᠠᠭᠤᠷᠢᠨ ᠢ᠋ ᠪᠦᠲᠦᠭᠡᠨ ᠪᠠᠢᠭᠤᠯᠬᠤ ᠴᠢᠬᠤᠯᠠ ᠲᠥᠷᠥᠯ ᠵᠦᠢᠯ ᠪᠠᠢᠵᠤ᠂ ᠮᠠᠨ ᠤ᠋ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ 《ᠡᠭᠦᠯᠳᠡᠷ ᠤ᠋ᠨ ᠴᠢᠫ 》 ᠤ᠋ᠨ ᠢᠨᠵᠧᠨᠧᠷᠢᠩ ᠢ᠋ ᠬᠡᠷᠡᠭ᠌ᠵᠢᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠡᠮᠦᠨᠡᠲᠦ ᠤᠷᠤᠨ ᠳ᠋ᠡᠬᠢ ᠡᠭᠦᠯᠳᠡᠷ ᠪᠤᠢᠵᠢᠭᠤᠯᠬᠤ ᠰᠠᠭᠤᠷᠢᠨ ᠤ᠋ ᠶᠡᠷᠦᠩᠬᠡᠢᠯᠡᠭ᠌ᠰᠡᠨ ᠪᠠᠲᠤᠯᠠᠭ᠎ᠠ ᠶ᠋ᠢᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠳ᠋ᠤ ᠰᠠᠭᠤᠷᠢ ᠴᠢᠨᠠᠷᠳᠠᠢ ᠲᠦᠷᠦᠯ ᠵᠤᠢᠯ ᠪᠤᠯᠤᠨ᠎ᠠ᠃ ᠲᠥᠷᠥᠯ ᠵᠦᠶ᠋ᠯ ᠪᠠᠢᠭᠤᠯᠤᠭ᠍ᠳᠠᠭ᠍ᠰᠠᠨ ᠤ᠋ ᠳᠠᠷᠠᠭ᠎ᠠ 30 ᠭᠠᠷᠤᠶ ᠡᠭᠦᠯᠳᠡᠷ ᠪᠣᠢᠵᠢᠭᠤᠯᠬᠤ ᠨᠢᠭᠡᠴᠢ ᠡᠨᠳᠡ ᠨᠤᠲᠤᠬᠰᠢᠬᠤ ᠪᠣᠯᠤᠨ᠎ᠠ᠃
ᠡᠮᠦᠨᠡᠲᠦ ᠤᠷᠤᠨ ᠳ᠋ᠦ ᠡᠭᠦᠯᠳᠡᠷ ᠪᠤᠢᠵᠢᠭᠤᠯᠬᠤ ᠭᠡᠳᠡᠭ ᠨᠢ ᠬᠠᠢᠨᠠᠨ ᠤ᠋ ᠥᠪᠡᠷᠮᠢᠴᠡ ᠠᠭᠤᠷ ᠠᠮᠢᠰᠭᠤᠯ ᠤ᠋ᠨ ᠨᠥᠬᠥᠴᠡᠯ ᠪᠠ ᠳᠦᠷᠰᠦ ᠶ᠋ᠢᠨ ᠡᠬᠢ ᠪᠠᠶᠠᠯᠢᠭ ᠢ᠋ ᠠᠱᠢᠭ᠍ᠯᠠᠨ ᠲᠠᠷᠢᠮᠠᠯ ᠤ᠋ᠨ ᠡᠭᠦᠯᠳᠡᠷ ᠢ᠋ ᠰᠣᠩᠭᠣᠨ ᠪᠣᠢᠵᠢᠭᠤᠯᠬᠤ᠂ ᠦᠷ᠎ᠡ ᠡᠳ᠋ ᠤ᠋ᠨ ᠬᠢᠨᠠᠨ ᠲᠣᠭ᠍ᠲᠠᠭᠠᠯᠲᠠ ᠬᠢᠬᠦ᠌ ᠪᠠ ᠦᠷ᠎ᠡ ᠦᠢᠯᠡᠳᠪᠦᠷᠢᠯᠡᠬᠦ᠌ ᠵᠡᠷᠭᠡ ᠠᠵᠢᠯᠯᠠᠭ᠎ᠠ ᠶ᠋ᠢ ᠵᠢᠭᠠᠵᠤ ᠪᠠᠢᠨ᠎ᠠ᠃ ᠡᠮᠦᠨᠡᠲᠦ ᠣᠷᠣᠨ ᠳ᠋ᠤ ᠡᠭᠦᠯᠳᠡᠷ ᠪᠤᠢᠵᠢᠭᠤᠯᠬᠤ ᠪᠣᠯ ᠲᠠᠷᠢᠮᠠᠯ ᠤ᠋ᠨ ᠡᠭᠦᠯᠳᠡᠷ ᠪᠣᠢᠵᠢᠭᠤᠯᠬᠤ ᠶ᠋ᠢᠨ ᠨᠢᠭᠡᠨ ᠴᠢᠬᠤᠯᠠ ᠭᠣᠭ᠍ᠴᠣᠭᠠ ᠪᠠᠢᠵᠤ᠂ ᠡᠪᠦᠯ ᠤ᠋ᠨ ᠤᠯᠠᠷᠢᠯ ᠳ᠋ᠤ ᠬᠠᠢᠨᠠᠨ ᠳ᠋ᠤ ᠨᠢᠭᠡ ᠤᠯᠠᠷᠢᠯ ᠤ᠋ᠨ ᠲᠠᠷᠢᠮᠠᠯ ᠲᠠᠷᠢᠬᠤ ᠪᠡᠷ ᠳᠠᠮᠵᠢᠨ ᠡᠭᠦᠯᠳᠡᠷ ᠪᠣᠢᠵᠢᠭᠤᠯᠬᠤ ᠦᠶᠡᠯᠡᠯ ᠤ᠋ᠨ ᠬᠤᠭᠤᠴᠠᠭ᠎ᠠ ᠵᠢ ᠶᠡᠬᠡᠪᠡᠷ ᠪᠣᠭᠣᠨᠢᠰᠭᠠᠵᠤ᠂ ᠡᠭᠦᠯᠳᠡᠷ ᠪᠣᠢᠵᠢᠭᠤᠯᠬᠤ ᠦᠷ᠎ᠡ ᠪᠦᠲᠦᠮᠵᠢᠶ᠋ᠢ ᠳᠡᠭᠡᠭ᠌ᠰᠢᠯᠡᠭᠦᠯᠵᠦ᠍ ᠪᠣᠯᠤᠨ᠎ᠠ᠃
ᠪᠦᠬᠦ᠌ ᠣᠷᠣᠨ ᠤ᠋ ᠡᠯ᠎ᠠ ᠨᠢᠬᠡᠴᠢ ᠡᠯ᠎ᠠ ᠭᠠᠵᠠᠷ ᠤ᠋ᠨ ᠡᠭᠦᠯᠳᠡᠷ ᠪᠣᠢᠵᠢᠭᠤᠯᠬᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠡᠷᠡᠭ᠌ᠴᠡᠭᠡ ᠱᠠᠭᠠᠷᠳᠠᠯᠭᠠᠶ᠋ᠢ ᠤᠯᠠᠮ ᠨᠢᠭᠡ ᠠᠯᠬᠤᠮ ᠬᠠᠩᠭᠠᠬᠤ ᠶ᠋ᠢᠨ ᠲᠤᠰᠠᠳᠠ᠂ ᠮᠠᠨ ᠤ᠋ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠯᠧ ᠳ᠋ᠦᠩ ᠤ᠋ᠨ ᠯᠢ ᠦᠨᠳᠦᠰᠦᠲᠡᠨ ᠤ᠋ ᠥᠪᠡᠷᠲᠡᠭᠡᠨ ᠵᠠᠰᠠᠬᠤ ᠱᠢᠶᠠᠨ ᠳ᠋ᠤ ᠰᠢᠨ᠎ᠡ ᠪᠡᠷ 601 ᠮᠦ᠍ ᠵᠢᠨ ᠲᠠᠷᠢᠶᠠᠨ ᠭᠠᠵᠠᠷ ᠤ᠋ᠨ ᠡᠵᠡᠡᠭᠨᠡᠯᠲᠡ ᠶ᠋ᠢᠨ ᠡᠷᠭᠡ ᠵᠢ ᠭᠦᠢᠯᠭᠡᠭᠡᠨ ᠠᠪᠴᠦ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠡᠭᠦᠯᠳᠡᠷ ᠪᠣᠢᠵᠢᠭᠤᠯᠬᠤ ᠠᠵᠢᠯ ᠳ᠋ᠤ ᠲᠤᠰᠭᠠᠶ ᠬᠡᠷᠡᠭᠯᠡᠬᠦ ᠪᠡᠷ ᠪᠤᠯᠪᠠ᠃ ᠲᠣᠰ ᠤᠳᠠᠭ᠎ᠠ ᠵᠢᠨ ᠰᠢᠨ᠎ᠡ ᠪᠡᠷ ᠡᠵᠡᠡᠭᠨᠡᠯᠲᠡ ᠶ᠋ᠢᠨ ᠡᠷᠭᠡ ᠵᠢ ᠭᠦᠢᠯᠭᠡᠭᠡᠵᠤ ᠠᠪᠤᠭᠰᠠᠨ ᠭᠠᠵᠠᠷ ᠢ᠋ ᠨᠡᠮᠡᠪᠡᠯ᠂ ᠮᠠᠨ ᠤ᠋ ᠣᠷᠣᠨ ᠤ᠋ ᠡᠮᠦᠨᠡᠲᠦ ᠣᠷᠣᠨ ᠳ᠋ᠡᠬᠢ ᠡᠭᠦᠯᠳᠡᠷ ᠪᠤᠢᠵᠢᠭᠤᠯᠬᠤ ᠲᠠᠷᠢᠶᠠᠨ ᠭᠠᠵᠠᠷ ᠤ᠋ᠨ ᠶᠡᠷᠦᠩᠬᠡᠶ ᠬᠡᠪᠴᠢᠶ᠎ᠡ 1545 ᠮᠥ᠍ ᠳ᠋ᠤ ᠬᠦᠷᠴᠦ᠍᠂ ᠡᠷᠳᠡᠨᠢ ᠱᠢᠰᠢ ᠪᠠ ᠱᠢᠷᠠ ᠪᠤᠷᠴᠠᠭ ᠮᠡᠳᠤ ᠵᠢᠨ ᠲᠠᠷᠢᠮᠠᠯ ᠤ᠋ᠨ ᠵᠦᠶ᠋ᠯ ᠢ᠋ ᠰᠣᠩᠭᠣᠨ ᠪᠣᠢᠵᠢᠭᠤᠯᠬᠤ᠂ ᠦᠷ᠎ᠡ ᠡᠳ᠋ ᠤ᠋ᠨ ᠡᠬᠢ ᠪᠠᠶᠠᠯᠢᠭ ᠢ᠋ ᠬᠢᠨᠠᠨ ᠲᠣᠭ᠍ᠲᠠᠭᠠᠬᠤ ᠵᠡᠷᠭᠡ ᠳ᠋ᠤ ᠭᠦᠶ᠋ᠴᠡᠳ ᠣᠷᠣᠨ ᠵᠠᠶ ᠬᠠᠩᠭᠠᠵᠠᠢ᠃ ᠣᠳᠣᠬᠠᠨ ᠳ᠋ᠤ ᠲᠠᠷᠢᠮᠠᠯ ᠤ᠋ᠨ ᠮᠠᠨ ᠤ᠋ ᠣᠷᠣᠨ ᠤ᠋ ᠰᠠᠢᠨ ᠡᠭᠦᠯᠳᠡᠷ ᠤ᠋ᠨ ᠪᠦᠷᠬᠦᠴᠡ ᠶ᠋ᠢᠨ ᠨᠣᠷᠮ᠎ᠠ ᠨᠢᠭᠡᠨᠲᠡ 98% ᠵᠢ ᠳᠠᠪᠠᠵᠤ᠂ ᠡᠭᠦᠨ ᠳ᠋ᠤ 90% ᠡᠴᠡ ᠳᠡᠭᠡᠭ᠌ᠰᠢᠬᠢ ᠨᠢ ᠪᠦᠷ ᠡᠮᠦᠨᠡᠲᠦ ᠤᠷᠤᠨ ᠳ᠋ᠡᠬᠢ ᠡᠭᠦᠯᠳᠡᠷ ᠪᠤᠢᠵᠢᠭᠤᠯᠬᠤ ᠰᠠᠭᠤᠷᠢᠨ ᠳ᠋ᠦ ᠰᠤᠡᠭᠭᠤᠨ ᠪᠤᠢᠵᠢᠭᠤᠯᠬᠤ ᠶᠠᠪᠤᠴᠠ ᠵᠢ ᠦᠡᠭᠭᠡᠷᠡᠭᠦᠯᠪᠡ᠃