ᠤᠢᠷ᠎ᠠ ᠳ᠋ᠸ᠋᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠪᠣᠳᠠᠰ᠎ᠤᠨ ᠭᠡᠷᠡᠴᠢ᠎ᠶ᠋ᠢ ᠬᠢᠨᠠᠨ ᠲᠣᠭ᠍ᠲᠠᠭᠠᠬᠤ ᠲᠥᠪ ᠬᠢᠭᠡᠳ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠰᠠᠭᠤᠷᠢ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ ᠪᠣᠷᠣ ᠲᠥᠯᠥᠪ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠲᠦ᠍ ᠭᠠᠷ ᠤ᠋ᠨ ᠦᠰᠦᠭ ᠵᠢᠷᠤᠬᠤ ᠶᠣᠰᠣᠯᠠᠯ ᠶᠠᠪᠤᠬᠳᠠᠭᠤᠯᠪᠠ᠃ ᠬᠣᠶᠠᠷ ᠲᠠᠯ᠎ᠠ᠎ᠪᠠᠷ᠎ᠢᠶᠠᠨ ᠬᠠᠤᠯᠢ᠎ᠶ᠋ᠢᠨ ᠠᠨᠠᠭᠠᠬᠤ ᠤᠬᠠᠭᠠᠨ᠎ᠤ ᠬᠦᠷᠢᠶᠡᠨ᠎ᠳᠡᠬᠢ ᠭᠦᠨᠵᠡᠭᠡᠶ ᠬᠠᠮᠲᠤᠷᠠᠯᠴᠠᠭᠠᠨ᠎ᠤ ᠬᠠᠷᠢᠴᠠᠭ᠎ᠠ᠎ᠶ᠋ᠢ ᠪᠠᠢᠭᠤᠯᠤᠭ᠍ᠰᠠᠨ᠎ᠨᠢ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠡᠷᠡᠭᠦᠦ᠍᠎ᠶ᠋ᠢᠨ ᠬᠡᠷᠡᠭ᠎ᠦᠨ ᠮᠡᠷᠭᠡᠵᠢᠯ᠎ᠦᠨ ᠠᠵᠢᠯ ᠬᠢᠭᠡᠳ ᠶᠡᠬᠡ ᠳᠡᠭᠡᠳᠦ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠰᠤᠷᠭᠠᠨ ᠬᠥᠮᠦᠵᠢᠯ ᠤᠯᠠᠮ ᠴᠢᠨᠠᠬᠰᠢᠳᠠ ᠬᠠᠮᠵᠢᠯᠴᠠᠨ ᠬᠦᠭᠵᠢᠭᠰᠡᠨᠢ ᠬᠠᠷᠠᠭᠤᠯᠵᠤ ᠪᠠᠢᠨ᠎ᠠ᠃
ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠰᠠᠭᠤᠷᠢ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠬᠠᠷᠢᠭᠤᠴᠠᠯᠭᠠᠲᠠᠨ ᠡᠴᠨ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠂ ᠬᠠᠤᠯᠢ᠎ᠶ᠋ᠢᠨ ᠠᠨᠠᠭᠠᠬᠤ ᠤᠬᠠᠭᠠᠨ᠎ᠤ ᠲᠤᠰᠭᠠᠶ ᠮᠡᠷᠭᠡᠵᠢᠯ᠎ᠦᠨ ᠬᠥᠭ᠌ᠵᠢᠯᠲᠡ ᠵᠡᠷᠭᠡ ᠲᠠᠯ᠎ᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠰᠤᠷᠭᠠᠭᠤᠯᠢ ᠵᠢᠨ ᠲᠠᠯ᠎ᠠ ᠡᠴᠨ᠂ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠯ᠎ᠠ᠎ᠪᠠᠷ᠎ᠬᠢ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠳᠣᠲᠣᠭᠠᠳᠤ᠎ᠶ᠋ᠢ ᠬᠠᠮᠠᠭᠠᠯᠠᠬᠤ ᠪᠣᠳᠠᠲᠤ ᠬᠡᠷᠡᠭ᠌ᠴᠡᠭᠡ ᠱᠠᠭᠠᠷᠳᠠᠯᠭ᠎ᠠ ᠲᠠᠢ ᠢᠳᠡᠪᠬᠢᠲᠡᠶ ᠵᠣᠯᠭᠠᠭᠤᠯᠵᠤ᠂ ᠬᠠᠮᠲᠤ᠎ᠪᠠᠷ ᠪᠠᠢᠭᠤᠯᠬᠤ ᠲᠣᠭ᠍ᠲᠠᠴᠠ᠎ᠪᠠᠷ ᠲᠠᠮᠵᠢᠨ ᠰᠤᠷᠭᠠᠨ ᠬᠥᠮᠦᠵᠢᠯ᠎ᠦᠨ ᠡᠬᠢ ᠪᠠᠶᠠᠯᠢᠭ ᠬᠢᠭᠡᠳ ᠲᠤᠬᠠᠢᠯᠠᠭ᠍ᠰᠠᠨ ᠠᠵᠢᠯ᠎ᠤᠨ ᠬᠡᠷᠡᠭ᠌ᠯᠡᠭᠡᠨ᠎ᠦ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ ᠬᠡᠵᠦ ᠢᠯᠡᠷᠬᠡᠢᠯᠡᠪᠡ᠃
ᠵᠦᠪᠯᠡᠯᠴᠡᠬᠡᠷᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ 《ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠱᠢᠨ᠎ᠡ᠎ᠶ᠋ᠢ ᠡᠭᠦᠳᠬᠦ᠌᠂ ᠪᠣᠳᠠᠲᠠᠢ᠎ᠶ᠋ᠢ ᠡᠷᠬᠢᠮᠯᠡᠨ ᠥᠨᠳᠥᠷ ᠪᠦᠲᠦᠮᠵᠢᠲᠡᠢ ᠬᠠᠮᠵᠢᠯᠴᠠᠬᠤ》 ᠵᠠᠷᠴᠢᠮ᠎ᠢ ᠪᠠᠷᠢᠮᠲᠠᠯᠠᠵᠤ᠂ ᠬᠠᠤᠯᠢ᠎ᠶ᠋ᠢᠨ ᠠᠨᠠᠭᠠᠬᠤ ᠤᠬᠠᠭᠠᠨ᠎ᠤ ᠴᠢᠳᠠᠪᠤᠷᠢᠲᠠᠨ᠎ᠢ ᠬᠠᠮᠲᠤᠷᠠᠨ ᠬᠥᠮᠦᠵᠢᠭᠦᠯᠬᠦ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠡᠳᠦᠪ᠎ᠢ ᠬᠠᠮᠵᠢᠯᠴᠠᠨ ᠪᠣᠭᠣᠮᠲᠠ ᠱᠢᠪᠲᠤᠯᠬᠤ᠂ ᠲᠤᠰᠭᠠᠢ ᠮᠡᠷᠭᠡᠵᠢᠯ᠎ᠦᠨ ᠰᠣᠯᠢᠯᠴᠠᠭ᠎ᠠ ᠬᠢᠵᠦ᠍ ᠬᠠᠷᠢᠯᠴᠠᠨ ᠲᠤᠯᠢ ᠪᠣᠯᠭᠠᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢ᠌ᠩᠭᠤᠵᠢᠭ᠍ᠰᠠᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠡᠷᠡᠭᠦᠦ᠍᠎ᠶ᠋ᠢᠨ ᠬᠡᠷᠡᠭ᠎ᠦᠨ ᠮᠡᠷᠭᠡᠵᠢᠯ᠎ᠦᠨ ᠲᠤᠯᠭᠠᠭᠤᠷᠢᠯᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠬᠦ ᠪᠤᠯᠤᠨ᠎ᠠ᠃
ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠲᠥᠯᠥᠭᠡᠯᠡᠭ᠌ᠴᠢᠳ᠎ᠦᠨ ᠪᠦᠯᠬᠦᠮ ᠪᠠᠰᠠ ᠬᠠᠤᠯᠢ᠎ᠶ᠋ᠢᠨ ᠠᠨᠠᠭᠠᠬᠤ ᠤᠬᠠᠭᠠᠨ᠎ᠤ ᠵᠢᠭᠠᠨ ᠰᠤᠷᠭᠠᠯᠲᠠ᠎ᠶ᠋ᠢᠨ ᠲᠤᠷᠱᠢᠯᠲᠠ᠎ᠶ᠋ᠢᠨ ᠲᠠᠰᠤᠭ ᠵᠢᠴᠢ ᠰᠤᠷᠭᠠᠭᠤᠯᠢ᠎ᠶ᠋ᠢᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠲᠥᠪ᠎ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠠᠪᠤᠴᠠ᠂ ᠲᠤᠷᠱᠢᠯᠲᠠ᠎ᠶ᠋ᠢᠨ ᠲᠠᠪᠴᠠᠩ᠎ᠤᠨ ᠠᠵᠢᠯᠯᠠᠭᠠᠨ ᠵᠢᠴᠢ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠲᠤᠬᠠᠢᠯᠠᠭ᠍ᠰᠠᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠨᠠᠷᠢᠨ ᠣᠢᠯᠠᠭᠠᠵᠠᠢ᠃