24 ᠲᠦᠮᠡᠨ ᠲᠥᠭᠥᠷᠢᠭ᠎ᠲᠦ ᠬᠤᠯᠪᠤᠬᠳᠠᠨ ᠬᠣᠶᠠᠷ ᠤᠳᠠᠭᠠᠨ᠎ᠤ ᠮᠡᠬᠡᠯᠡᠯ᠎ᠤᠨ ᠬᠡᠷᠡᠭ᠎ᠢ ᠢᠯᠡᠷᠡᠭᠦᠯᠵᠡᠢ
2026-03-31 13:27:12
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

 ᠣᠢᠷ᠎ᠠ᠎ᠳᠤ᠂ ᠪᠠᠶᠠᠨᠨᠠᠭᠤᠷ ᠬᠤᠳᠠ ᠵᠢᠨ ᠯᠢᠨ ᠾᠧ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠡᠷᠡᠭ᠎ᠲᠦ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ ᠨᠢ 24 ᠲᠦᠮᠡ ᠭᠠᠷᠤᠶ ᠲᠥᠭᠥᠷᠢᠭ᠎ᠲᠦ ᠭᠦᠷᠦᠭ᠌ᠰᠡᠨ ᠬᠣᠶᠠᠷ ᠤᠳᠠᠭᠠᠨ᠎ᠤ ᠮᠡᠬᠡᠯᠡᠯ᠎ᠤᠨ ᠬᠡᠷᠡᠭ᠎ᠢ ᠠᠮᠵᠢᠯᠲᠠ ᠲᠠᠶ ᠢᠯᠡᠷᠡᠭᠦᠯᠵᠡᠢ᠃ ᠶᠠᠯ᠎ᠠ ᠵᠢᠨ ᠰᠡᠵᠢᠭ᠌ᠳᠡᠨ ᠹᠠᠨ ᠣᠪᠣᠭ᠍ᠲᠤ ᠬᠢᠯᠢ᠎ᠶ᠋ᠢᠨ ᠭᠠᠳᠠᠨ᠎ᠠ ᠳᠤᠲᠠᠭᠠᠵᠤ ᠭᠠᠷᠤᠭᠠᠳ ᠬᠡᠳᠦᠨ ᠰᠠᠷ᠎ᠠ ᠪᠣᠯᠤᠭ᠍ᠰᠠᠨ᠎ᠤ ᠳᠠᠷᠠᠭ᠎ᠠ᠂ ᠳᠠᠬᠢᠨ ᠪᠤᠴᠠᠵᠤ ᠢᠷᠡᠮᠡᠭ᠌ᠴᠡ ᠴᠠᠭ᠍ᠳᠠᠭᠠᠨ᠎ᠤ ᠲᠠᠯ᠎ᠠ᠎ᠶ᠋ᠢᠨ᠎ᠬᠢᠨ ᠳᠠᠷᠤᠶ ᠲᠦᠷᠭᠡᠨ ᠪᠠᠷᠢᠪᠴᠢᠯᠠᠪᠠ᠃ 

2025 ᠣᠨ᠎ᠤ 6 ᠰᠠᠷ᠎ᠠ᠎ᠶ᠋ᠢᠨ 13 ᠎ᠤ᠋ ᠡᠳᠦᠷ᠂ ᠬᠤᠤᠷᠯᠠᠬᠳᠠᠬᠴᠢ ᠸᠸᠨ ᠣᠪᠣᠭ᠍ᠲᠤ᠂ ᠸᠠᠩ ᠣᠪᠣᠭ᠍ᠲᠤ ᠯᠢᠨ ᠾᠧ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠡᠷᠡᠭᠦᠦ᠍᠎ᠶ᠋ᠢᠨ ᠬᠡᠷᠡᠭ ᠎ᠢ ᠲᠠᠩᠨᠠᠨ ᠪᠠᠢᠴᠠᠭᠠᠬᠤ ᠶᠡᠬᠡ ᠠᠩᠭᠢ᠎ᠳᠤ ᠬᠡᠷᠡᠭ ᠮᠡᠳᠡᠭᠦᠯᠵᠦ᠍᠂ ᠹᠠᠨ ᠣᠪᠣᠭ᠍ᠲᠤ ᠡᠷᠡᠭ᠌ᠲᠡᠶ 《ᠵᠢᠯᠣᠭᠣᠴᠢ᠎ᠶ᠋ᠢᠨ ᠦᠨᠡᠮᠯᠡᠯ᠎ᠢ ᠬᠦᠴᠦᠨ ᠦᠬᠡᠢ ᠪᠤᠯᠭᠠᠬᠰᠠᠨ ᠎ᠢ ᠰᠢᠢᠳᠪᠦᠷᠢᠯᠡᠵᠦ ᠦᠭᠬᠦ 》 ᠂ 《 ᠠᠵᠢᠯ ᠳᠣᠭᠢᠷᠠᠭᠤᠯᠬᠤ 》 ᠭᠡᠬᠦ᠌ ᠵᠡᠷᠭᠡ ᠱᠢᠯᠲᠠᠭ᠎ᠢᠶᠠᠷ᠂ ᠤᠷᠢᠳ ᠬᠣᠵᠢᠳ 24 ᠲᠦᠮᠡ ᠭᠠᠷᠤᠶ ᠲᠥᠭᠥᠷᠢᠭ᠎ᠦᠨ ᠵᠣᠭᠣᠰ ᠮᠥᠩᠭᠥ᠌ ᠡᠳ᠋ ᠪᠣᠳᠠᠰ᠎ᠢ ᠮᠡᠬᠡᠯᠡᠨ ᠠᠪᠴᠠᠶ ᠬᠡᠪᠡ᠃ ᠬᠡᠷᠡᠭ ᠤ᠋ᠨ ᠮᠡᠳᠡᠭᠦᠯᠦᠯᠲᠡ᠎ᠶ᠋ᠢ ᠣᠯᠤᠭ᠍ᠰᠠᠨ᠎ᠤ ᠳᠠᠷᠠᠭ᠎ᠠ᠂ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠶᠡᠬᠡ ᠠᠩᠭᠢ ᠲᠡᠷᠡ ᠳᠠᠷᠤᠶ᠎ᠳᠤᠨᠢ ᠪᠠᠢᠴᠠᠭᠠᠯᠲᠠ ᠬᠢᠵᠦ᠍᠂ ᠹᠠᠨ ᠣᠪᠣᠭ᠍ᠲᠤ᠎ᠶ᠋ᠢᠨ ᠶᠠᠯ᠎ᠠ ᠬᠢᠭ᠌ᠰᠡᠨ ᠪᠣᠳᠠᠲᠤ ᠶᠠᠪᠤᠳᠠᠯ᠎ᠢ ᠠᠯᠬᠤᠮ ᠠᠯᠬᠤᠮ᠎ᠢᠶᠠᠷ ᠲᠣᠭ᠍ᠲᠠᠭᠠᠪᠠ᠃ 

 ᠭᠦᠨᠵᠡᠭᠡᠶ ᠲᠠᠩᠨᠠᠨ ᠪᠠᠢᠴᠠᠭᠠᠬᠤ᠎ᠪᠠᠷ ᠳᠡᠮᠵᠢᠨ᠂ ᠴᠠᠬᠳᠠᠭ᠎ᠠ ᠨᠠᠷ ᠹᠠᠨ ᠣᠪᠣᠭ᠍ᠲᠤ 2025 ᠣᠨ᠎ᠤ 6 ᠰᠠᠷ᠎ᠠ᠎ᠳᠤ ᠨᠢᠭᠡᠨᠲᠡ ᠪᠢᠷᠮᠠ᠎ᠳᠤ ᠳᠤᠲᠠᠭᠠᠨ ᠤᠴᠢᠵᠦ᠂ 2026 ᠣᠨ᠎ᠤ 2 ᠰᠠᠷ᠎ᠠ᠎ᠶ᠋ᠢᠨ 18 ᠎ᠤ᠋ ᠡᠳᠦᠷ ᠤᠯᠤᠰ᠎ᠲᠠᠭᠠᠨ ᠪᠤᠴᠠᠨ ᠢᠷᠡᠭᠰᠡᠨ ᠎ᠢ ᠤᠯᠵᠤ ᠮᠡᠳᠡᠵᠡᠢ᠃ ᠰᠦᠪᠡᠭ᠌ᠴᠢ᠎ᠶ᠋ᠢ ᠣᠯᠤᠭ᠍ᠰᠠᠨ᠎ᠤ ᠳᠠᠷᠠᠭ᠎ᠠ᠂ ᠯᠢᠨ ᠾᠧ᠎ᠶ᠋ᠢᠨ ᠴᠠᠭ᠍ᠳᠠᠭᠠᠨ᠎ᠤ ᠲᠠᠯ᠎ᠠ᠎ᠶ᠋ᠢᠨ ᠬᠢᠨ ᠲᠡᠭᠦᠨ᠎ᠦ ᠤᠯᠠ ᠮᠥᠷ᠎ᠢ ᠦᠳᠲᠡᠷ ᠲᠦᠷᠭᠡᠨ ᠡᠵᠡᠮᠱᠢᠵᠦ᠍ ᠂ 2 ᠰᠠᠷ᠎ᠠ᠎ᠶ᠋ᠢᠨ 26 ᠤ᠋ ᠡᠳᠦᠷ᠎ᠦᠨ 13 ᠴᠠᠭ᠎ᠤᠨ ᠦᠶ᠎ᠡ᠎ᠪᠡᠷ ᠯᠢᠨ ᠾᠧ ᠵᠢᠨ ᠨᠢᠭᠡᠨ ᠰᠠᠭᠤᠭᠠᠯᠢ ᠠᠷᠠᠳ᠎ᠤᠨ ᠲᠣᠭᠣᠷᠢᠭ᠎ᠤᠨ ᠣᠢᠷᠠᠯᠴᠠᠭ᠎ᠠ ᠡᠴᠨ ᠲᠡᠭᠦᠨ᠎ᠢ ᠪᠠᠷᠢᠪᠴᠢᠯᠠᠪᠠ᠃ 

 ᠪᠠᠳᠦ ᠭᠡᠷᠡᠴᠢ ᠪᠠᠷᠢᠮᠳᠠ ᠵᠢᠨ ᠡᠮᠦᠨ᠎ᠡ ᠹᠠᠨ ᠣᠪᠣᠭ᠍ᠲᠤ ᠡᠴᠨ ᠸᠸᠨ ᠣᠪᠣᠭ᠍ᠲᠤ᠂ ᠸᠠᠩ ᠣᠪᠣᠭ᠍ᠲᠤ᠎ᠶ᠋ᠢ ᠮᠡᠬᠡᠯᠡᠭ᠌ᠰᠡᠨ ᠶᠠᠯ᠎ᠠ᠎ᠶ᠋ᠢᠨ ᠪᠣᠳᠠᠲᠤ ᠶᠠᠪᠤᠳᠠᠯ᠎ᠢᠶᠠᠨ ᠥᠴᠢᠭ᠌ᠯᠡᠨ ᠮᠡᠳᠡᠷᠡᠪᠡ᠃ ᠣᠳᠣᠬᠠᠨ᠎ᠳᠤ᠂ ᠶᠠᠯ᠎ᠠ ᠵᠢᠨ ᠰᠡᠵᠢᠭ᠌ᠳᠡᠨ ᠹᠠᠨ ᠣᠪᠣᠭ᠍ᠲᠤ ᠨᠢᠭᠡᠨᠲᠡ ᠬᠠᠤᠯᠢ ᠶᠣᠰᠣᠭᠠᠷ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠭ᠍ᠳᠠᠵᠤ᠂ ᠬᠡᠷᠡᠭ᠎ᠢ ᠶᠠᠭ ᠤᠯᠠᠮ ᠨᠢᠭᠡ ᠠᠯᠬᠤᠮ ᠰᠢᠢᠳᠪᠦᠷᠢᠯᠡᠵᠦ ᠪᠠᠢᠨ᠎ᠠ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号