ᠱᠢᠨ᠎ᠡ ᠬᠣᠲᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ 《ᠬᠠᠤᠯᠢ᠎ᠶ᠋ᠢ ᠨᠡᠢᠭᠡᠮ ᠲᠣᠭᠣᠷᠢᠭ᠎ᠲᠤ ᠬᠦᠷᠭᠡᠬᠦ᠌ 》 ᠠᠵᠢᠯᠯᠠᠭ᠎ᠠ ᠥᠷᠨᠢᠭᠦᠯᠪᠡ
2026-03-31 13:35:52
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯ ᠎ᠢ ᠭᠦᠨᠵᠡᠭᠡᠶ ᠠᠬᠢᠭᠤᠯᠵᠤ᠂ ᠪᠠᠢᠴᠠᠭᠠᠬᠤ ᠪᠠᠢᠭᠤᠯᠭ᠎ᠠ᠎ᠬᠢᠬᠡᠳ ᠠᠷᠠᠳ ᠤᠯᠠᠨ ᠤ᠋ ᠬᠤᠭᠤᠷᠤᠨᠳᠤᠬᠢ ᠵᠠᠢ ᠵᠢ ᠤᠢᠷᠠᠳᠤᠭᠤᠯᠤᠨ᠂ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ᠎ᠶ᠋ᠢᠨ ᠲᠥᠯᠥᠭᠡ ᠂ ᠤᠢᠷ᠎ᠠ ᠵᠢᠨ ᠡᠳᠦᠷ᠂ ᠬᠦᠬᠡᠬᠤᠳᠠ ᠵᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠤᠯᠤᠰ ᠲᠥᠷᠥ᠎ᠶ᠋ᠢᠨ ᠬᠡᠯᠲᠡᠰ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠰᠠᠯᠠᠭ᠎ᠠ ᠮᠥᠴᠢᠷ᠎ᠦᠨ ᠪᠠᠢᠴᠠᠭᠠᠬᠤ ᠠᠵᠢᠯᠳᠠᠳ ᠹᠦ᠋᠎ᠲᠡᠶ ᠨᠡᠢᠭᠡᠮ ᠲᠣᠭᠣᠷᠢᠭ᠎ᠤᠨ ᠠᠵᠢᠯᠲᠠᠨ᠎ᠲᠠᠶ ᠬᠠᠮᠲᠤᠷᠠᠨ᠂ 《ᠪᠠᠢᠴᠠᠭᠠᠬᠤ ᠪᠠᠢᠭᠤᠯᠭ᠎ᠠ ᠠᠷᠠᠳ ᠤᠯᠠᠨ ᠭᠠᠷ ᠭᠠᠷ ᠵᠢᠡᠨ ᠬᠤᠯᠪᠤᠨ ᠠᠮᠤᠷ ᠠᠮᠤᠭᠤᠯᠠᠩ᠎ᠢ ᠬᠠᠮᠲᠤ᠎ᠪᠠᠷ ᠴᠣᠭ᠍ᠴᠠᠯᠠᠬᠤ 》 ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠬᠡᠷ ᠤ᠋ᠨ ᠡᠬᠦᠳᠡᠨ ᠳ᠋ᠤᠨᠢ ᠬᠦᠷᠭᠡᠪᠡ᠃ 

ᠪᠠᠢᠴᠠᠭᠠᠬᠤ ᠠᠵᠢᠯᠳᠠᠨ ᠪᠠ ᠨᠡᠢᠭᠡᠮ ᠲᠣᠭᠣᠷᠢᠭ᠎ᠤᠨ ᠠᠵᠢᠯᠳᠠᠨ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠦᠵᠡᠭᠦᠯᠭᠡ᠎ᠶ᠋ᠢᠨ ᠰᠠᠮᠪᠠᠷ᠎ᠠ᠎ᠶ᠋ᠢ ᠳᠡᠯᠭᠡᠨ ᠲᠠᠯᠪᠢᠬᠤ᠂ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠲᠠᠮᠵᠢᠨ᠂ ᠤᠢ᠍ᠢᠷ᠎ᠠ᠎ᠶ᠋ᠢᠨ ᠬᠤᠭᠤᠴᠠᠭᠠᠨ᠎ᠤ 《 315 ᠦᠳᠡᠱᠢᠯᠡᠭᠡ 》 ᠎ᠳ᠋ᠸ᠋ ᠢᠯᠡᠴᠢᠯᠡᠭ᠌ᠰᠡᠨ ᠨᠡᠢᠲᠡᠯᠢᠭ ᠬᠡᠷᠡᠭ᠎ᠦᠨ ᠵᠢᠱ᠌ᠢᠢ᠎ᠡ᠎ᠲᠡᠶ ᠤᠶᠠᠯᠳᠤᠭᠤᠯᠤᠨ᠂ ᠬᠡᠷᠡᠭ᠌ᠯᠡᠭᠡᠨ᠎ᠦ ᠡᠷᠬᠡ᠎ᠶ᠋ᠢ ᠬᠠᠮᠠᠭᠠᠯᠠᠬᠤ ᠬᠠᠯᠠᠮᠰᠢᠯ ᠴᠡᠭ᠎ᠢ ᠴᠢᠩᠭ᠎ᠠ ᠠᠳᠭᠤᠵᠤ᠂ ᠤᠯᠠᠨ ᠲᠦᠮᠡᠨ᠎ᠳᠦ ᠢᠷᠭᠡᠨ᠎ᠦ ᠬᠠᠤᠯᠢ᠎ᠶ᠋ᠢᠨ ᠪᠢᠴᠢᠭ ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ᠂ ᠮᠡᠬᠡᠯᠡᠯ᠎ᠢ ᠡᠰᠡᠷᠭᠦᠴᠡᠬᠦ᠌ ᠵᠢᠴᠢ 12309 ᠪᠠᠢᠴᠠᠭᠠᠬᠤ ᠦᠢᠯᠡᠴᠢᠯᠡᠭᠡ ᠵᠡᠷᠭᠡ ᠠᠭᠤᠯᠭ᠎ᠠ᠎ᠶ᠋ᠢ ᠲᠦᠭᠡᠮᠡᠯᠵᠢᠭᠦᠯᠦᠨ᠂ ᠬᠠᠤᠯᠢ᠎ᠪᠠᠷ ᠵᠠᠰᠠᠬᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠰᠢᠭᠤᠯᠵᠤ᠂ 《ᠬᠠᠤᠯᠢ ᠴᠠᠭᠠᠵᠠ᠎ᠵᠢ ᠬᠦᠷᠭᠡᠬᠦ᠌ 》 ᠎ᠶ᠋ᠢ ᠦᠨᠡᠨ ᠬᠦ᠌ ᠪᠡᠶᠡᠯᠡᠭᠦᠯᠪᠡ᠃ 

ᠪᠠᠢᠴᠠᠭᠠᠬᠤ ᠠᠵᠢᠯᠲᠠᠳ ᠤ᠋ᠨ ᠪᠡᠯᠡᠳᠭᠡᠭᠰᠡᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠭᠠᠷ ᠳᠡᠪᠲᠡᠷ ᠨᠢ ᠬᠦᠮᠦᠰ ᠤ᠋ᠨ ᠬᠦᠷᠢᠶᠡᠯᠡᠯ ᠎ᠢ ᠤᠯᠵᠠᠢ᠃ ᠭᠠᠷ ᠳᠡᠪᠲᠡᠷ᠎ᠲᠦ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠂ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠯᠲᠠ ᠵᠡᠷᠭᠡ ᠭᠤᠤᠯᠯᠠᠬᠤ ᠡᠭᠦᠷᠭᠡ ᠴᠢᠳᠠᠪᠬᠢ᠎ᠶ᠋ᠢ ᠭᠤᠤᠯᠳᠠᠯᠭ᠎ᠠ᠎ᠲᠠᠶ ᠲᠠᠢᠯᠪᠤᠷᠢᠯᠠᠵᠤ᠂ ᠴᠠᠬᠢᠯᠭᠠᠨ ᠬᠣᠯᠪᠣᠭ᠎ᠠ ᠵᠢᠴᠢ ᠨᠠᠰᠤᠵᠢᠯ᠎ᠤᠨ ᠠᠰᠠᠷᠠᠮᠵᠢ᠎ᠶ᠋ᠢᠨ ᠮᠡᠬᠡᠯᠡᠯ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠠᠷᠢᠨ ᠵᠠᠳᠠᠯᠬᠤ᠎ᠶ᠋ᠢᠨ ᠬᠠᠮᠲᠤ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠬᠠᠤᠯᠢ᠎ᠶ᠋ᠢᠨ ᠮᠡᠳᠡᠯᠭᠡ᠎ᠶ᠋ᠢ ᠨᠠᠷᠢᠨ ᠲᠠᠢᠯᠪᠤᠷᠢᠯᠠᠵᠤ᠂ ᠠᠭᠤᠯᠭ᠎ᠠ ᠨᠢ ᠪᠣᠳᠠᠲᠤ ᠬᠡᠷᠡᠭ᠌ᠴᠡᠭᠡ᠎ᠲᠡᠶ ᠤᠢᠷᠠᠳᠤᠵᠤ᠂ ᠲᠥᠬᠥᠮ ᠣᠢᠯᠠᠭᠠᠮᠵᠢᠲᠠᠶ ᠪᠤᠯᠵᠤ ᠴᠢᠳᠠᠵᠠᠢ᠃ ᠠᠵᠢᠯᠯᠠᠭ᠎ᠠ᠎ᠶ᠋ᠢᠨ ᠳᠤᠮᠳᠠ᠂ ᠪᠠᠢᠴᠠᠭᠠᠬᠤ ᠠᠵᠢᠯᠲᠠᠨ ᠪᠠᠰᠠ ᠢᠳᠡᠭᠡᠨ᠎ᠦ ᠵᠦᠢᠯᠡᠰ ᠡᠮ᠎ᠦᠨ ᠵᠦᠢᠯᠡᠰ᠎ᠦᠨ ᠠᠮᠤᠷ ᠲᠦᠪᠱᠢᠨ᠂ ᠥᠨᠳᠥᠷ ᠳᠡᠭᠡᠷ᠎ᠡ᠎ᠡᠴᠨ ᠶᠠᠭᠤᠮ᠎ᠠ ᠬᠠᠶᠠᠬᠤ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠰᠦᠪᠡᠭ᠌ᠴᠢ᠎ᠶ᠋ᠢ ᠢᠳᠡᠪᠬᠢᠲᠡᠢ ᠴᠤᠭ᠍ᠯᠠᠭᠤᠯᠤᠭ᠍ᠰᠠᠨ ᠪᠥᠭᠡᠳ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ ᠲᠠᠪᠴᠠᠩ ᠳᠡᠭᠡᠷ᠎ᠡ ᠤᠷᠤᠭ ᠭᠡᠷ ᠪᠦᠯᠢ ᠂ ᠬᠥᠷᠰᠢ ᠵᠡᠷᠭᠡᠯᠡᠳᠡᠭᠡ ᠵᠢᠨ ᠵᠠᠭᠤᠷᠠᠯᠳᠤᠭᠠᠨ ᠵᠡᠷᠭᠡ ᠲᠠᠯ᠎ᠠ᠎ᠪᠠᠷ ᠬᠢ ᠣᠯᠠᠨ ᠲᠦᠮᠡᠨ᠎ᠦ ᠡᠷᠡᠬᠡᠯᠵᠡᠬᠡ᠎ᠳᠦ ᠬᠦᠯᠢᠴᠡᠩᠭᠦᠢ᠎ᠪᠡᠷ ᠬᠠᠷᠢᠭᠤᠯᠲᠠ ᠥᠭ᠌ᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号