ᠬᠠᠤᠯᠢ ᠪᠡᠷ ᠵᠠᠰᠠᠬᠤ ᠵᠢ ᠰᠤᠷᠭᠠᠭᠤᠯᠢ ᠵᠢᠨ ᠬᠦᠷᠢᠶᠡᠨ ᠳ᠋ᠸ᠋ ᠤᠷᠤᠭᠤᠯᠵᠤ ᠪᠠᠭᠠᠴᠤᠳ ᠬᠡᠦᠬᠡᠳ ᠤ᠋ᠨ ᠡᠷᠡᠬᠦᠯ ᠦᠰᠦᠨ ᠪᠤᠢᠵᠢᠯᠳᠠ ᠵᠢ ᠬᠠᠮᠠᠭᠠᠯᠠᠨ᠎ᠠ
2026-03-31 13:41:25
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠬᠠᠤᠯᠢ ᠪᠡᠷ ᠵᠠᠰᠠᠬᠤ ᠰᠤᠷᠭᠠᠭᠤᠯᠢ᠎ᠶ᠋ᠢᠨ ᠬᠦᠷᠢᠶᠡᠨ᠎ᠦ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠦᠨᠡᠨ ᠬᠦ᠌ ᠬᠠᠮᠠᠭᠠᠯᠠᠵᠤ᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠤᠬᠠᠮᠰᠠᠷ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶ᠋ᠢ ᠴᠢᠩᠭᠠᠳᠭᠠᠬᠤ᠎ᠶ᠋ᠢᠨ ᠲᠥᠯᠥᠭᠡ᠂ ᠤᠢ᠍ᠢᠷ᠎ᠠ᠎ᠶ᠋ᠢᠨ ᠡᠳᠦᠷ᠂ ᠬᠦᠬᠡᠬᠤᠳᠠ ᠵᠢᠨ ᠵᠤᠤ ᠵᠢᠶᠦ᠋ᠨ ᠵᠠᠮ ᠳ᠋ᠡᠬᠢ ᠲᠣᠮᠢᠯᠠᠭ᠍ᠰᠠᠨ ᠰᠠᠯᠪᠤᠷᠢ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠶ᠋ᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠎ᠳᠤ ᠬᠦᠷᠴᠦ᠍᠂ 《ᠵᠠᠯᠠᠭᠤᠴᠤᠳ ᠤ᠋ᠨ ᠰᠡᠳᠬᠢᠯ ᠨᠠᠮ ᠳ᠋ᠠᠭᠠᠨ ᠬᠠᠨᠳᠤᠵᠤ᠂ ᠤᠯᠤᠰ ᠵᠢᠡᠨ ᠬᠠᠢᠷᠠᠯᠠᠬᠤ》 ᠪᠡᠷ ᠭᠣᠣᠯ ᠰᠡᠳᠦᠪ ᠪᠣᠯᠭᠠᠭ᠍ᠰᠠᠨ ᠬᠠᠤᠯᠢ ᠪᠡᠷ ᠵᠠᠰᠠᠬᠤ ᠵᠢ ᠰᠤᠷᠭᠠᠭᠤᠯᠢ᠎ᠶ᠋ᠢᠨ ᠬᠦᠷᠢᠶᠡᠨ᠎ᠳᠦ ᠤᠷᠤᠭᠤᠯᠬᠤ ᠠᠵᠢᠯᠯᠠᠭ᠎ᠠ ᠥᠷᠨᠢᠭᠦᠯᠪᠡ᠃ 

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠴᠠᠭ᠍ᠳᠠᠭ᠎ᠠ ᠨᠠᠷ ᠵᠠᠯᠠᠭᠤᠴᠤᠳ ᠪᠠᠭᠠᠴᠤᠳ᠎ᠤᠨ ᠪᠡᠶ᠎ᠡ ᠰᠡᠳᠭᠢᠯ᠎ᠦᠨ ᠬᠥᠭ᠌ᠵᠢᠯᠲᠡ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠰᠤᠷᠭᠠᠭᠤᠯᠢ᠎ᠶ᠋ᠢᠨ ᠬᠦᠷᠢᠶᠡᠨ᠎ᠦ ᠠᠮᠢᠳᠤᠷᠠᠯ ᠎ᠤᠨ ᠪᠣᠳᠠᠲᠤ ᠪᠠᠢᠳᠠᠯ᠎ᠲᠠᠶ ᠨᠡᠢᠴᠡᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ ᠎ᠢ ᠰᠡᠷᠭᠡᠢᠯᠡᠬᠦ᠌᠂ ᠵᠠᠯᠠᠭᠤᠴᠤᠳ ᠪᠠᠭᠠᠴᠤᠳ᠎ᠤᠨ ᠬᠠᠤᠯᠢ ᠡᠴᠨ ᠵᠥᠷᠢᠴᠡᠵᠦ᠍ ᠶᠠᠯ᠎ᠠ ᠬᠢᠬᠦ᠌ ᠎ᠶ᠋ᠢ ᠰᠡᠷᠭᠡᠢᠯᠡᠬᠦ᠌᠂ ᠬᠠᠤᠯᠢ ᠎ᠪᠠᠷ ᠵᠠᠰᠠᠬᠤ ᠦᠵᠡᠯᠲᠡ᠎ᠶ᠋ᠢ ᠴᠢᠩᠭᠠᠳᠭᠠᠬᠤ ᠵᠡᠷᠭᠡ ᠭᠤᠤᠯᠳᠠᠯᠭ᠎ᠠ᠎ᠲᠠᠶ ᠠᠭᠤᠯᠭ᠎ᠠ᠎ᠶ᠋ᠢᠨ ᠲᠣᠭᠣᠷᠢᠨ ᠎ᠳᠤ᠂ ᠳᠡᠷᠭᠡᠳᠡᠬᠢ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠪᠡᠷ ᠬᠠᠤᠯᠢ ᠴᠠᠭᠠᠵᠠ ᠎ᠶ᠋ᠢᠨ ᠮᠡᠳᠡᠯᠭᠡ ᠎ᠶ᠋ᠢ ᠵᠠᠳᠠᠯᠬᠤ᠂ ᠬᠠᠷᠢᠯᠴᠠᠨ ᠬᠠᠮᠵᠢᠯᠴᠠᠵᠤ ᠠᠰᠠᠭᠤᠯᠳᠠ ᠬᠠᠷᠢᠭᠤᠯᠬᠤ ᠵᠡᠷᠭᠡ ᠠᠮᠠᠷᠬᠠᠨ ᠣᠢᠯᠠᠭᠠᠬᠤ ᠬᠡᠯᠪᠡᠷᠢ ᠪᠡᠷ ᠲᠠᠮᠵᠢᠨ᠂ ᠪᠠᠭ᠍ᠰᠢ ᠰᠤᠷᠤᠭ᠍ᠴᠢᠳ᠎ᠲᠤ ᠠᠮᠢᠳᠤᠯᠢᠭ᠂ ᠣᠯᠠᠨ ᠲᠦᠮᠡᠨ᠎ᠲᠡᠶ ᠣᠢᠷᠠᠲᠤᠭ᠍ᠰᠠᠨ ᠬᠠᠤᠯᠢ᠎ᠪᠠᠷ ᠵᠠᠰᠠᠬᠤ ᠬᠥᠮᠦᠵᠢᠯ᠎ᠦᠨ ᠬᠢᠴᠢᠶᠡᠯ ᠣᠷᠣᠪᠠ᠃ 

ᠲᠣᠰ ᠤᠳᠠᠭ᠎ᠠ ᠵᠢᠨ ᠬᠠᠤᠯᠢ᠎ᠪᠠᠷ ᠵᠠᠰᠠᠬᠤ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ ᠪᠣᠯ ᠵᠣᠣ ᠵᠢᠶᠦ᠋ᠨ ᠵᠠᠮ ᠳ᠋ᠡᠬᠢ ᠲᠣᠮᠢᠯᠠᠭ᠍ᠰᠠᠨ ᠰᠠᠯᠪᠤᠷᠢ᠎ᠶ᠋ᠢᠨ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠬᠠᠮᠠᠭᠠᠯᠠᠬᠤ ᠪᠣᠳᠠᠲᠠᠶ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌᠂ ᠠᠮᠤᠷ ᠠᠮᠤᠭᠤᠯᠠᠩᠳᠤ ᠰᠤᠷᠭᠠᠭᠤᠯᠢ᠎ᠶ᠋ᠢᠨ ᠬᠦᠷᠢᠶᠡᠨ᠎ᠦ ᠪᠠᠢᠭᠤᠯᠤᠯᠲᠠ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠮᠥᠨ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号