ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠬᠠᠩᠰᠢ ᠶ᠋ᠢᠨ ᠠᠮᠠᠷᠠᠯᠲᠠ ᠶ᠋ᠢᠨ ᠵᠢᠭᠤᠯᠴᠢᠯᠠᠯ ᠤ᠋ᠨ ᠰᠠᠨᠠᠭᠤᠯᠤᠮᠵᠢ ᠵᠢ ᠨᠡᠢᠳᠡᠯᠡᠪᠡ
2026-03-31 09:43:09
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2026 ᠤᠨ ᠤ᠋ ᠬᠠᠩᠰᠢ ᠵᠢᠨ ᠠᠮᠠᠷᠠᠯᠳᠠ ᠤᠢᠷᠠᠳᠤᠵᠦ ᠢᠷᠡᠬᠦ ᠲᠠᠰᠢᠷᠠᠮ ᠵᠢᠡᠷ᠂ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠬᠠᠩᠰᠢ ᠶ᠋ᠢᠨ ᠠᠮᠠᠷᠠᠯᠲᠠ ᠶ᠋ᠢᠨ ᠵᠢᠭᠤᠯᠴᠢᠯᠠᠯ ᠳ᠋ᠦ ᠴᠢᠭᠯᠡᠬᠦᠯᠦᠨ ᠴᠠᠭ ᠠᠭᠤᠷ᠂ ᠠᠶᠠᠨ ᠵᠠᠮ ᠤ᠋ᠨ ᠲᠦᠯᠦᠪᠯᠡᠬᠡ᠂ ᠲᠦᠢᠮᠡᠷ ᠢ᠋ ᠰᠡᠷᠭᠡᠢᠯᠡᠬᠦ᠂ ᠢᠳᠡᠭᠡᠨ ᠤᠮᠳᠠᠭᠠᠨ ᠤ᠋ ᠠᠮᠤᠷ ᠲᠦᠪᠰᠢᠨ ᠵᠢᠴᠢ ᠵᠦᠢ ᠶᠤᠰᠤᠨ ᠤ᠋ ᠡᠷᠭᠡ ᠠᠰᠢᠭ ᠢ᠋ᠶ᠋ᠡᠨ ᠬᠠᠮᠠᠭᠠᠯᠠᠬᠤ ᠵᠡᠷᠭᠡ ᠳᠠᠯ᠎ᠠ ᠪᠡᠷ ᠲᠤᠰᠬᠠᠢ ᠰᠠᠨᠠᠭᠤᠯᠤᠮᠵᠢ ᠨᠡᠢᠳᠡᠯᠡᠵᠡᠢ᠃

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ᠂ ᠬᠠᠪᠤᠷ ᠤ᠋ᠨ ᠤᠯᠠᠷᠢᠯ ᠤ᠋ᠨ ᠠᠭᠤᠷ ᠠᠮᠢᠰᠭᠤᠯ ᠬᠤᠪᠢᠷᠠᠯᠲᠠ ᠶᠡᠬᠡᠲᠡᠢ᠂ ᠥᠷᠯᠥᠭᠡ ᠦᠳᠡᠰᠢ ᠶ᠋ᠢᠨ ᠳᠤᠯᠠᠭᠠᠨ᠎ᠤ ᠵᠥᠷᠢᠶ᠎ᠡ ᠶᠡᠬᠡᠳᠠᠢ ᠪᠤᠯᠬᠤᠷ ᠠᠶᠠᠯᠠᠵᠤ ᠵᠢᠭᠤᠯᠴᠢᠯᠠᠬᠤ ᠡᠴᠡ ᠪᠠᠨ ᠡᠮᠦᠨ᠎ᠡ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠨᠡᠢᠲᠡᠯᠡᠭ᠌ᠰᠡᠨ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠪᠤᠯᠤᠨ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠤ᠋ᠨ ᠨᠡᠢᠳᠡᠯᠡᠭᠰᠡᠨ ᠵᠠᠮ ᠤ᠋ᠨ ᠪᠠᠢᠳᠠᠯ ᠤ᠋ᠨ ᠮᠡᠳᠡᠬᠡ ᠵᠠᠩᠬᠢ ᠵᠢ ᠨᠢᠭ᠍ᠲᠠ ᠠᠩᠬᠠᠷᠴᠤ᠌᠂ ᠵᠢᠭᠤᠯᠴᠢᠯᠠᠯ ᠤ᠋ᠨ ᠵᠠᠮ ᠱᠤᠭᠤᠮ ᠪᠣᠯᠤᠨ ᠴᠠᠭ ᠢ᠋ᠶ᠋ᠡᠨ ᠵᠦᠢ ᠵᠣᠬᠢᠰᠲᠠᠶ ᠲᠥᠯᠥᠪᠵᠢᠭᠦᠯᠬᠦ᠌ ᠴᠢᠬᠤᠯᠠᠳᠠᠢ; ᠥᠪᠡᠷ ᠢ᠋ᠶ᠋ᠡᠨ ᠮᠠᠰᠢᠨ ᠪᠠᠷᠢᠵᠤ ᠵᠢᠭᠤᠯᠴᠢᠯᠠᠪᠠᠯ ᠲᠡᠷᠭᠡᠨ ᠤ᠋ ᠪᠠᠢᠳᠠᠯ ᠢ᠋ᠶ᠋ᠡᠨ ᠤᠷᠢᠳᠴᠢᠯᠠᠨ ᠰᠠᠢᠳᠤᠷ ᠪᠠᠢᠴᠠᠭᠠᠵᠤ᠂ ᠵᠠᠮ ᠬᠠᠷᠢᠯᠴᠠᠭᠠᠨ ᠤ᠋ ᠬᠠᠤᠯᠢ ᠲᠣᠭ᠍ᠲᠠᠭᠠᠯ ᠢ᠋ ᠵᠢᠷᠤᠮᠯᠠᠨ᠂ ᠬᠡᠳᠦ ᠬᠤᠷᠳᠤᠨ ᠶᠠᠪᠤᠬᠤ ᠪᠤᠶᠤ ᠶᠠᠳᠠᠷᠠᠭ᠎ᠠ ᠲᠠᠶ ᠪᠡᠷ ᠲᠡᠷᠭᠡ ᠵᠢᠯᠣᠭᠣᠳᠴᠤ᠌ ᠪᠣᠯᠬᠤ ᠥᠬᠡᠶ᠂ ᠬᠡᠷᠪᠡ ᠪᠣᠷᠣᠭᠠᠨ ᠴᠠᠰᠤ᠂ ᠡᠯᠡᠰᠦᠨ ᠱᠢᠭᠤᠷᠭ᠎ᠠ ᠲᠠᠶ ᠡᠳᠦᠷ ᠲᠣᠬᠢᠶᠠᠯᠳᠤᠪᠠᠯ ᠪᠣᠯᠭᠣᠮᠵᠢᠲᠠᠶ ᠵᠢᠯᠣᠭᠣᠳᠴᠤ᠌᠂ ᠴᠢᠬᠤᠯᠠ ᠲᠠᠶ ᠦᠶ᠎ᠠ ᠳ᠋ᠦ ᠠᠶᠠᠯᠠᠯ ᠢ᠋ᠶ᠋ᠠᠨ ᠲᠦᠷ ᠵᠣᠭ᠍ᠰᠣᠬᠤ ᠴᠢᠬᠤᠯᠠᠳᠠᠢ; ᠬᠠᠩᠰᠢ ᠶ᠋ᠢᠨ ᠬᠤᠭᠤᠴᠠᠭᠠᠨ ᠳ᠋ᠦ ᠦᠪᠤᠷ ᠮᠤᠩᠭᠤᠯ ᠤ᠋ᠨ ᠶᠡᠬᠡᠩᠬᠢ ᠭᠠᠵᠠᠷ ᠲᠦ᠍ ᠬᠤᠷ᠎ᠠ ᠲᠣᠨᠳᠠᠰᠤ ᠴᠥᠭᠡᠨ᠂ ᠰᠠᠯᠬᠢ ᠶᠡᠬᠡᠳᠡᠢ ᠪᠤᠯᠬᠤᠷ ᠣᠶ ᠱᠢᠭᠤᠶ ᠨᠤᠳᠤᠭ ᠪᠡᠯᠴᠢᠭᠡᠷ ᠤ᠋ᠨ ᠲᠤᠢᠮᠠᠷ ᠢ᠋ ᠰᠡᠷᠬᠡᠢᠯᠡᠵᠦ᠂ ᠠᠮᠠᠷᠬᠠᠨ ᠨᠤᠴᠤᠵᠦ ᠳᠡᠯᠪᠡᠷᠡᠬᠦ ᠡᠳ᠋ ᠪᠣᠳᠠᠰ ᠢ᠋ ᠠᠪᠴᠤ᠌ ᠱᠢᠭᠤᠢᠲᠤ ᠣᠷᠣᠨ᠂ ᠠᠭᠤᠯᠠᠷᠬᠠᠭ ᠣᠷᠣᠨ ᠵᠡᠷᠬᠡ ᠭᠠᠵᠠᠷ ᠲᠦ᠍ ᠤᠷᠤᠵᠤ ᠪᠤᠯᠬᠤ ᠦᠬᠡᠢ; ᠬᠠᠩᠰᠢ ᠶ᠋ᠢᠨ ᠦᠶ᠎ᠡ ᠪᠤᠯ ᠨᠤᠲᠤᠭ ᠪᠡᠯᠴᠢᠭᠡᠷ ᠪᠠ ᠱᠢᠭᠤᠢᠲᠤ ᠣᠷᠣᠨ ᠤ᠋ ᠠᠮᠢ ᠠᠬᠤᠶ ᠶ᠋ᠢᠨ ᠰᠡᠷᠭᠦᠯᠲᠡ ᠶ᠋ᠢᠨ ᠬᠤᠭᠤᠴᠠᠭ᠎ᠠ ᠪᠠᠢᠵᠦ᠂ ᠬᠥᠷᠥᠰᠥ᠍ ᠱᠢᠷᠣᠶ ᠪᠠ ᠤᠷᠭᠤᠮᠠᠯ ᠤ᠋ᠨ ᠬᠤᠴᠢᠯᠭ᠎ᠠ ᠬᠡᠪᠡᠷᠡᠭ ᠪᠠᠢᠳᠠᠭ ᠪᠤᠯᠬᠤᠷ ᠳᠤᠷ᠎ᠠ ᠪᠠᠷ ᠢ᠋ᠶ᠋ᠠᠨ ᠡᠪᠡᠰᠦ ᠪᠡᠯᠴᠢᠭᠡᠷ ᠢ᠋ ᠳᠠᠷᠤᠵᠤ ᠪᠤᠯᠬᠤ ᠥᠬᠡᠶ᠂ ᠬᠡᠭᠡᠷ᠎ᠡ ᠶ᠋ᠢᠨ ᠠᠮᠢᠲᠠᠨ ᠢ᠋ ᠦᠶ᠋ᠮᠡᠭᠦᠯᠵᠤ ᠪᠤᠯᠬᠤ ᠥᠬᠡᠶ ᠮᠦᠷᠳᠡᠬᠡᠨ ᠬᠣᠭ ᠨᠣᠪᠰᠢ ᠪᠠᠨ ᠴᠡᠪᠡᠷᠯᠡᠬᠦ᠎ᠵᠢ ᠠᠩᠬᠠᠷᠴᠤ᠂ ᠣᠯᠠᠨ ᠨᠡᠢᠲᠡ ᠶ᠋ᠢᠨ ᠲᠥᠬᠥᠭᠡᠷᠦᠮᠵᠢ ᠪᠠ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠡᠪᠳᠡᠵᠦ ᠰᠦᠢᠳᠬᠡᠵᠦ ᠪᠣᠯᠬᠤ ᠥᠬᠡᠶ; ᠬᠤᠪᠴᠠᠰᠤ ᠬᠤᠨᠠᠷ ᠢ᠋ᠶ᠋ᠡᠨ ᠵᠤᠬᠢᠴᠠᠭᠤᠯᠤᠨ ᠬᠢᠮᠤᠷᠠᠭ᠎ᠠ ᠲᠠᠭ᠍ᠰᠢᠭᠤᠷ ᠢ᠋ ᠰᠡᠷᠬᠡᠢᠯᠡᠵᠤ᠂ ᠭᠠᠷ ᠢ᠋ᠶ᠋ᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠌ ᠵᠡᠷᠭᠡ ᠰᠠᠢᠨ ᠰᠠᠢᠬᠠᠨ ᠳᠠᠳᠭᠠᠯ ᠢ᠋ ᠪᠣᠶ ᠪᠣᠯᠭᠠᠨ᠂ ᠣᠨᠴᠠᠯᠢᠭ᠍ᠲᠤ ᠠᠮᠲᠠᠲᠤ ᠢᠳᠡᠭᠡᠨ ᠢ᠋ ᠠᠮᠲᠠᠯᠠᠬᠤ ᠳ᠋ᠠᠭᠠᠨ ᠬᠠᠭᠤᠷᠮᠠᠭ ᠮᠠᠭᠤ ᠢᠳᠡᠭᠡᠨ ᠤᠮᠳᠠᠭᠠᠨ ᠤ᠋ ᠭᠠᠵᠠᠷ ᠲᠦ᠍ ᠤᠴᠢᠬᠤ ᠵᠢ ᠳᠡᠪᠴᠢᠵᠦ᠂ ᠬᠡᠲᠦᠷᠡᠲᠡᠯ᠎ᠡ ᠢᠳᠡᠵᠦ᠍ ᠤᠤᠭᠤᠬᠤ ᠡᠴᠡ ᠵᠠᠢᠯᠠᠰᠭᠢᠬᠦ᠌ ᠬᠡᠷᠡᠭ᠌ᠲᠡᠶ; ᠵᠠᠷᠢᠮ ᠪᠣᠢᠳᠠ ᠪᠦᠭ᠌ᠯᠡᠭᠦᠦ ᠭᠠᠵᠠᠷ ᠪᠠ ᠡᠯᠡᠰᠦᠨ ᠴᠥᠯ ᠳ᠋ᠦ ᠴᠢᠮᠡᠭᠡ ᠬᠣᠯᠪᠣᠭᠠᠨ ᠤ᠋ ᠳᠣᠬᠢᠶ᠎ᠠ ᠮᠠᠭᠤ ᠪᠤᠯᠬᠤᠷ ᠨᠠᠷᠢᠨ ᠪᠠᠢᠳᠠᠯ ᠢ᠋ᠶ᠋ᠡᠨ ᠤᠷᠢᠳᠴᠢᠯᠠᠨ ᠲᠥᠷᠥᠯ ᠰᠠᠳᠤᠨ ᠨᠠᠢᠵᠠ ᠨᠥᠬᠥᠳ ᠲᠡᠬᠡᠨ ᠮᠡᠳᠡᠭ᠌ᠳᠡᠬᠦ᠌ ᠶ᠋ᠢᠨ ᠬᠠᠮᠲᠤ ᠪᠠᠴᠢᠮ ᠪᠠᠢᠳᠠᠯ ᠢ᠋ ᠠᠷᠭᠠᠴᠠᠭᠠᠬᠤ ᠴᠢᠮᠡᠭᠡ ᠬᠣᠯᠪᠣᠭᠠᠨ ᠤ᠋ ᠪᠠᠭᠠᠵᠢ ᠬᠡᠷᠡᠭ᠌ᠰᠡᠯ ᠪᠡᠯᠡᠳᠬᠡᠨ ᠲᠣᠬᠢᠷᠠᠭᠤᠯᠬᠤ ᠶ᠋ᠢ ᠪᠣᠳᠣᠯᠬᠢᠯᠠᠬᠤ ᠬᠡᠷᠡᠭ᠌ᠲᠡᠶ ᠬᠡᠵᠤ ᠰᠠᠨᠠᠭᠤᠯᠵᠠᠢ᠃

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ᠂ ᠬᠡᠷᠪᠡ ᠭᠡᠨᠡᠳᠲᠡ ᠶ᠋ᠢᠨ ᠪᠠᠢᠳᠠᠯ ᠳ᠋ᠤ ᠲᠣᠬᠢᠶᠠᠯᠳᠤᠪᠠᠯ ᠯᠠᠪᠳᠠᠭᠤᠨ ᠲᠣᠭ᠍ᠲᠠᠭᠤᠨ ᠪᠠᠢᠵᠤ᠂ ᠴᠠᠭ ᠲᠤᠬᠠᠶ ᠳ᠋ᠤᠨᠢ 110᠂ 120 ᠪᠤᠶᠤ ᠦᠶ᠋ᠯᠡᠴᠢᠯᠡᠭᠡᠨ ᠤ᠋ ᠬᠠᠯᠠᠮᠰᠢᠯ ᠤᠲᠠᠰᠤ 12345 ᠵᠢ ᠤᠲᠠᠰᠤᠳᠠᠵᠤ ᠲᠤᠰᠠᠯᠠᠮᠵᠢ ᠬᠦᠰᠡᠬᠦ ᠴᠢᠬᠤᠯᠠᠳᠠᠢ; ᠵᠢᠭᠤᠯᠴᠢᠯᠠᠯ ᠤ᠋ᠨ ᠪᠦᠯᠬᠦᠮ ᠢ᠋ ᠳᠠᠭᠠᠪᠠᠯ ᠡᠷᠬᠡᠪᠰᠢ ᠡᠵᠡᠩᠨᠡᠯᠲᠡ ᠶ᠋ᠢᠨ ᠬᠢᠷᠢ ᠬᠡᠮ ᠲᠡᠶ ᠵᠢᠭᠤᠯᠴᠢᠯᠠᠯ ᠤ᠋ᠨ ᠬᠣᠷᠢᠶ᠎ᠠ ᠶ᠋ᠢ ᠰᠣᠩᠭᠣᠵᠤ᠂ ᠵᠢᠷᠤᠮᠵᠢᠭ᠍ᠰᠠᠨ ᠵᠢᠭᠤᠯᠴᠢᠯᠠᠯ ᠤ᠋ᠨ ᠭᠡᠷ᠎ᠡ ᠲᠣᠭ᠍ᠲᠠᠨ᠂ ᠵᠢᠭᠤᠯᠴᠢᠯᠠᠯ ᠤ᠋ᠨ ᠡᠨᠳᠡᠯ ᠤ᠋ᠨ ᠳᠠᠭᠠᠳᠭᠠᠯ ᠢ᠋ ᠬᠤᠳᠠᠯᠳᠤᠨ ᠠᠪᠴᠤ᠌᠂ 《ᠳᠤᠤᠷ᠎ᠠ ᠦᠨ᠎ᠡ ᠶ᠋ᠢᠨ ᠵᠢᠭᠤᠯᠴᠢᠯᠠᠯ》 ᠢ᠋ ᠳᠡᠪᠴᠢᠬᠦ ᠬᠡᠷᠡᠭᠳᠡᠢ; ᠬᠡᠷᠪᠡ ᠦᠢᠯᠡᠴᠢᠯᠡᠭᠡᠨ ᠤ᠋ ᠶᠠᠰᠤ ᠴᠢᠨᠠᠷ ᠤ᠋ᠨ ᠵᠢᠭᠤᠷᠠᠯᠳᠤᠭᠠᠨ ᠪᠤᠶᠤ ᠬᠡᠷᠡᠭ᠌ᠯᠡᠭᠡᠨ ᠤ᠋ ᠮᠠᠷᠭᠤᠯᠳᠤᠭᠠᠨ ᠭᠠᠷᠪᠠᠯ ᠯᠠᠪᠳᠠᠭᠤᠨ ᠲᠣᠭ᠍ᠲᠠᠭᠤᠨ ᠪᠠᠢᠵᠤ᠂ ᠰᠡᠭᠦᠳᠡᠷ ᠲᠠᠲᠠᠬᠤ᠂ ᠳᠠᠭᠤ ᠲᠦᠷᠰᠤ ᠱᠢᠩᠭᠡᠭᠡᠬᠦ ᠵᠡᠷᠬᠡ ᠠᠷᠭ᠎ᠠ ᠪᠡᠷ ᠪᠠᠷᠢᠮᠲᠠ ᠦᠯᠡᠳᠡᠭᠡᠵᠦ᠂ ᠡᠵᠡᠩᠨᠡᠭ᠌ᠴᠢᠳ ᠲᠡᠶ ᠵᠥᠪᠳᠡᠯᠴᠡᠨ ᠱᠢᠶ᠋ᠳᠪᠦᠷᠢᠯᠡᠬᠦ᠌ ᠪᠤᠶᠤ ᠲᠤᠬᠠᠶ ᠶ᠋ᠢᠨ ᠭᠠᠵᠠᠷ ᠤ᠋ᠨ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠦ᠍ ᠪᠠᠢᠳᠠᠯ ᠢ᠋ ᠲᠤᠰᠭᠠᠵᠤ᠂ ᠦᠪᠡᠷ ᠤ᠋ᠨ ᠬᠠᠤᠯᠢ ᠶᠣᠰᠣᠨ ᠤ᠋ ᠡᠷᠬᠡ ᠠᠱᠢᠭ ᠢ᠋ᠶ᠋ᠠᠨ ᠬᠠᠤᠯᠢ ᠶᠣᠰᠣᠭᠠᠷ ᠬᠠᠮᠠᠭᠠᠯᠠᠬᠤ ᠬᠡᠷᠡᠭᠳᠡᠢ ᠭᠡᠵᠦ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号